ᠬᠤᠷᠳᠤᠨ ᠮᠣᠷᠢᠨ ᠤ ᠤᠷᠤᠯᠳᠤᠭᠠᠨ ᠢᠳᠡ ᠭᠦᠭ ᠲᠠᠢ ᠶᠠᠪᠤᠭᠳᠠᠵᠤ ᠪᠠᠶᠢᠨ᠎ᠠ
ᠨᠡᠶᠢᠲᠡᠯᠡᠭᠰᠡᠨ ᠴᠠᠭ᠄
2024/6/18
     ᠲᠦᠷᠦᠭᠦᠬᠡᠨ᠂ ᠳᠤᠮᠳᠠᠳᠤ ᠤᠯᠤᠰ ᠤᠨ ᠮᠣᠷᠢᠨ ᠮᠡᠷᠭᠡᠵᠢᠯ ᠤᠨ ᠨᠡᠶᠢᠭᠡᠮᠯᠢᠭ ᠠᠴᠠ ᠵᠢᠯᠤᠭᠤᠳᠴᠤ᠂ ᠭᠦᠭᠡᠬᠤᠲᠠ ᠶᠢᠨ ᠮᠣᠷᠢᠨ ᠮᠡᠷᠭᠡᠵᠢᠯ ᠤᠨ ᠨᠡᠶᠢᠭᠡᠮᠯᠢᠭ ᠠᠴᠠ ᠭᠤᠣᠯᠯᠠᠨ ᠡᠷᠭᠢᠯᠡᠵᠦ᠂ ᠥᠪᠥᠷ ᠮᠣᠩᠭᠤᠯ ᠤᠨ ᠮᠧᠩ ᠵᠢᠶᠦ᠋ᠨ ᠣᠯᠠᠨ ᠤᠯᠤᠰ ᠤᠨ ᠠᠳᠤᠭᠤᠨ ᠤ ᠠᠵᠤ ᠦᠢᠯᠡᠰ ᠤᠨ ᠬᠢᠵᠠᠭᠠᠷᠲᠤ ᠺᠤᠮᠫᠠᠨᠢ ᠠᠴᠠ ᠳᠠᠭᠠᠭᠠᠴᠢᠯᠠᠨ ᠡᠷᠭᠢᠯᠡᠭᠰᠡᠨ 2024 ᠳᠤᠮᠳᠠᠳᠤ ᠤᠯᠤᠰ ᠤᠨ ᠬᠤᠷᠳᠤᠨ ᠮᠣᠷᠢᠨ ᠤ ᠬᠤᠪᠢ ᠬᠤᠷᠠᠮᠳᠤᠭᠤᠯᠬᠤ ᠤᠷᠤᠯᠳᠤᠭᠠᠨ ᠵᠢᠴᠢ ᠭᠦᠭᠡᠬᠤᠲᠠ ᠶᠢᠨ ᠬᠤᠷᠳᠤᠨ ᠮᠣᠷᠢᠨ ᠤ ᠪᠠᠶᠢᠩᠭᠤ ᠶᠢᠨ ᠤᠷᠤᠯᠳᠤᠭᠠᠨ ᠭᠦᠭᠡᠬᠤᠲᠠ ᠶᠢᠨ ᠴᠡᠯᠡᠭᠡᠷ ᠲᠠᠯ᠎ᠠ ᠳᠤ ᠳᠠᠷᠠᠭᠠᠯᠠᠨ ᠶᠠᠪᠤᠭᠳᠠᠵᠤ᠂ ᠪᠡᠭᠡᠵᠢᠩ᠂ ᠾᠧᠪᠧᠢ᠂ ᠰᠢᠨᠵᠢᠶᠠᠩ ᠵᠡᠷᠭᠡ ᠪᠦᠭᠦ ᠤᠯᠤᠰ ᠤᠨ ᠡᠯ᠎ᠡ ᠭᠠᠵᠠᠷ ᠤᠨ ᠮᠣᠷᠢᠨ ᠤᠷᠤᠯᠳᠤᠭᠠᠨ ᠤ ᠺᠯᠦ᠋ᠪ ᠤᠨ 200 ᠰᠢᠬᠠᠮ ᠰᠢᠯᠢᠳᠡᠭ ᠮᠣᠷᠢ ᠤᠷᠤᠯᠳᠤᠭᠠᠨ ᠳᠤ ᠣᠷᠣᠯᠴᠠᠵᠠᠢ᠃      ᠣᠶᠢᠯᠠᠭᠠᠭᠰᠠᠨ ᠢᠶᠠᠷ᠂ ᠲᠤᠰ ᠤᠷᠤᠯᠳᠤᠭᠠᠨ ᠨᠢ 9 ᠰᠠᠷ᠎ᠠ ᠪᠤᠯᠲᠠᠯ᠎ᠠ ᠦᠷᠭᠦᠯᠵᠢᠯᠡᠵᠦ᠂ ᠨᠡᠶᠢᠲᠡ 16 ᠡᠳᠦᠷ ᠤᠷᠤᠯᠳᠤᠨ᠎ᠠ᠃ ᠡᠭᠦᠨ ᠳᠤ᠂ ᠭᠠᠷᠠᠭ ᠤᠨ ᠡᠳᠦᠷ ᠤᠨ ᠦᠳᠡ ᠶᠢᠨ ᠬᠤᠶᠢᠨ᠎ᠠ ᠪᠣᠯᠭᠠᠨ ᠤᠷᠤᠯᠳᠤᠭᠠᠨ ᠶᠠᠪᠤᠭᠤᠯᠵᠤ᠂ ᠨᠡᠶᠢᠲᠡ 80 ᠲᠠᠯᠠᠪᠤᠷ ᠤᠷᠤᠯᠳᠤᠬᠤ ᠪᠣᠯᠣᠨ᠎ᠠ᠃ ᠤᠷᠤᠯᠳᠤᠭᠠᠨ ᠤ ᠶᠡᠷᠦᠩᠬᠡᠢ ᠱᠠᠩᠨᠠᠯ ᠤᠨ ᠮᠥᠩᠭᠦ ᠨᠢ 1000 ᠲᠦᠮᠡᠨ ᠲᠥᠭᠦᠷᠢᠭ ᠪᠠᠶᠢᠵᠤ᠂ ᠭᠠᠭᠴᠠ ᠲᠠᠯᠠᠪᠤᠷ ᠤᠷᠤᠯᠳᠤᠭᠠᠨ ᠤ ᠬᠠᠮᠤᠭ ᠳᠣᠣᠷ᠎ᠠ ᠱᠠᠩᠨᠠᠯ ᠤᠨ ᠮᠥᠩᠭᠦ ᠨᠢ 10 ᠲᠦᠮᠡᠨ ᠲᠥᠭᠦᠷᠢᠭ᠂ ᠬᠠᠮᠤᠭ ᠥᠨᠳᠥᠷ ᠱᠠᠩᠨᠠᠯ ᠤᠨ ᠮᠥᠩᠭᠦ ᠨᠢ100 ᠲᠦᠮᠡᠨ ᠲᠥᠭᠦᠷᠢᠭ ᠪᠣᠯᠣᠨ᠎ᠠ᠃ ᠤᠷᠤᠯᠳᠤᠭᠠᠨ ᠤ ᠬᠤᠭᠤᠴᠠᠭᠠᠨ ᠳᠤ᠂ ᠳᠠᠭᠠᠭᠠᠴᠢᠯᠠᠨ ᠡᠷᠭᠢᠯᠡᠭᠰᠡᠨ ᠲᠠᠯ᠎ᠠ ᠶᠢᠨ ᠬᠢᠨ ᠪᠠᠰᠠ ᠲᠤᠬᠠᠢ ᠶᠢᠨ ᠲᠠᠯᠠᠪᠠᠢ ᠶᠢᠨ ᠦᠵᠡᠭᠴᠢᠳ ᠲᠤ ᠭᠤᠴᠣ ᠰᠠᠶᠢᠬᠠᠨ ᠪᠡᠶᠡᠴᠢᠯᠡᠨ ᠣᠶᠢᠯᠠᠭᠠᠬᠤ ᠠᠵᠢᠯᠯᠠᠭ᠎ᠠ᠂ ᠤᠷᠠᠨ ᠰᠠᠶᠢᠬᠠᠨ ᠤ ᠲᠣᠬᠯᠠᠯᠲᠠ ᠵᠢᠴᠢ ᠬᠠᠷᠢᠯᠴᠠᠨ ᠬᠥᠳᠡᠯᠦᠯᠴᠡᠬᠦ ᠠᠵᠢᠯᠯᠠᠭ᠎ᠠ ᠲᠣᠬᠢᠷᠠᠭᠤᠯᠤᠨ ᠥᠭᠪᠡ᠃ 5 ᠰᠠᠷ᠎ᠠ ᠶᠢᠨ 19 ᠤ ᠡᠳᠦᠷ ᠤᠷᠤᠯᠳᠤᠭᠠᠨ ᠡᠬᠢᠯᠡᠭᠰᠡᠨ ᠠᠴᠠ ᠨᠠᠭᠠᠰᠢ᠂ ᠨᠡᠶᠢᠲᠡ ᠬᠡᠳᠦᠨ ᠲᠦᠮᠡᠨ ᠦᠵᠡᠭᠴᠢᠳ ᠲᠤᠬᠠᠢ ᠶᠢᠨ ᠲᠠᠯᠠᠪᠠᠶ ᠳᠤ ᠬᠦᠷᠴᠦ ᠭᠤᠶᠢᠳᠠ ᠰᠠᠶᠢᠬᠠᠨ ᠤᠷᠤᠯᠳᠤᠭᠠᠨ ᠢ ᠰᠣᠨᠢᠷᠬᠠᠭᠰᠠᠨ ᠪᠠᠶᠢᠨ᠎ᠠ᠃  
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号