ᠮᠠᠨ ᠤ ᠠᠶᠢᠮᠠᠭ ᠭᠡᠦᠭᠡᠳ ᠪᠠᠭᠠᠴᠤᠳ ᠤᠨ ᠤᠶᠢᠷ᠎ᠠ ᠬᠠᠷᠠᠭ᠎ᠠ ᠶᠢ ᠰᠡᠷᠭᠡᠶᠢᠯᠡᠬᠦ ᠠᠵᠢᠯ ᠢ ᠴᠢᠩᠭᠠᠳᠬᠠᠵᠦ ᠪᠠᠶᠢᠨ᠎ᠠ
ᠨᠡᠶᠢᠲᠡᠯᠡᠭᠰᠡᠨ ᠴᠠᠭ᠄
2024/6/18
     ᠲᠤᠰ ᠰᠤᠨᠢᠨ ᠤ ᠮᠡᠳᠡᠭᠡ ︵ᠰᠤᠷᠪᠤᠯᠵᠢᠯᠠᠭᠴᠢ ᠯᠢ ᠶᠠᠩ︶ ᠤᠶᠢᠷ᠎ᠠ ᠬᠠᠷᠠᠭ᠎ᠠ ᠶᠢ ᠰᠡᠷᠭᠡᠶᠢᠯᠡᠬᠦ ᠤᠬᠠᠭᠤᠯᠭ᠎ᠠ ᠭᠦᠮᠦᠵᠢᠯ ᠤᠨ ᠠᠭᠤᠷ ᠠᠮᠢᠰᠬᠤᠯ ᠢ ᠪᠤᠢ ᠪᠤᠯᠭᠠᠵᠦ᠂ ᠨᠢᠳᠦᠨ ᠤ ᠡᠷᠡᠭᠦᠯ ᠮᠡᠨᠳᠦ ᠶᠢᠨ ᠮᠡᠳᠡᠯᠭᠡ ᠶᠢᠨ ᠬᠢᠷᠢ ᠲᠦᠪᠰᠢᠨ ᠢ ᠲᠡᠭᠡᠭᠰᠢᠯᠡᠭᠦᠯᠭᠦ ᠶᠢᠨ ᠲᠦᠯᠦᠭᠡ᠂ ᠮᠠᠨ ᠤ ᠠᠶᠢᠮᠠᠭ ᠤᠨ ᠡᠯ᠎ᠠ ᠱᠠᠳᠦ ᠡᠯ᠎ᠠ ᠰᠠᠯᠠᠭ᠎ᠠ ᠮᠦᠴᠢᠷ ᠭᠡᠦᠭᠡᠳ ᠵᠠᠯᠠᠭᠤ ᠪᠠᠭᠠᠴᠤᠳ ᠤᠨ ᠤᠶᠢᠷ᠎ᠠ ᠬᠠᠷᠠᠭ᠎ᠠ ᠶᠢ ᠰᠡᠷᠭᠡᠶᠢᠯᠡᠬᠦ ᠠᠵᠢᠯ ᠤᠨ ᠶᠠᠰᠦ ᠴᠢᠨᠠᠷ ᠢ ᠲᠡᠭᠡᠭᠰᠢᠯᠡᠭᠦᠯᠵᠦ ᠦᠷ᠎ᠠ ᠠᠰᠢᠭ ᠢ ᠨᠡᠮᠡᠭᠳᠡᠭᠦᠯᠭᠦ ᠶᠢ ᠠᠬᠢᠭᠤᠯᠪᠠ᠃      ᠠᠶᠢᠮᠠᠭ ᠤᠨ ᠰᠤᠷᠭᠠᠨ ᠬᠥᠮᠦᠵᠢᠯ ᠤᠨ ᠲᠣᠪᠴᠢᠶ᠎ᠠ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ ᠬᠤᠯᠪᠤᠭᠠᠯᠠᠨ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ᠂ ᠬᠡᠦᠬᠡᠳ ᠪᠠᠭᠠᠴᠤᠳ ᠤᠨ ᠬᠠᠷᠠᠭᠠᠨ ᠤ ᠡᠷᠡᠭᠦᠯ ᠮᠡᠨᠳᠦ ᠶᠢᠨ ᠪᠠᠶᠢᠳᠠᠯ ᠵᠢᠴᠢ ᠨᠥᠯᠥᠭᠡᠯᠡᠬᠦ ᠬᠦᠴᠦᠨ ᠵᠦᠢᠯ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠰᠢᠯᠢ ᠶᠢᠨ ᠬᠤᠳᠠ ᠶᠢᠨ ᠴᠤᠤ ᠵᠢᠦᠢ ᠨᠢᠳᠦᠨ ᠰᠠᠯᠠᠭᠠᠨ ᠤ ᠡᠮᠨᠡᠯᠭᠡ ᠶᠢᠨ ᠬᠤᠷᠢᠶ᠎ᠠ ᠲᠠᠢ ᠬᠠᠮᠲᠤᠷᠠᠨ 2024 ᠣᠨ ᠤ ᠪᠥᠬᠦ ᠠᠶᠢᠮᠠᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠱᠠᠲᠤᠨ ᠤ ᠰᠤᠷᠤᠭᠴᠢᠳ ᠤᠨ ᠬᠠᠷᠠᠭᠠᠨ ᠤ ᠨᠡᠶᠢᠳᠡᠮ ᠪᠠᠶᠢᠴᠠᠭᠠᠯᠲᠠ ᠵᠢᠴᠢ ᠤᠬᠠᠭᠤᠯᠭ᠎ᠠ ᠬᠥᠮᠦᠵᠢᠯ ᠤᠨ ᠠᠵᠢᠯ ᠢ ᠥᠷᠨᠢᠭᠦᠯᠵᠦ᠂ ᠰᠤᠷᠤᠭᠴᠢᠳ ᠤᠨ ᠨᠢᠳᠦ ᠪᠠᠨ ᠬᠠᠶᠢᠷᠠᠯᠠᠵᠤ ᠨᠢᠳᠦ ᠪᠠᠨ ᠬᠠᠮᠠᠭᠠᠯᠠᠬᠤ ᠦᠵᠡᠯ ᠤᠬᠠᠮᠰᠠᠷ ᠢ ᠦᠨᠡᠨ ᠬᠦ ᠳᠡᠭᠡᠭᠰᠢᠯᠡᠭᠦᠯᠦᠨ᠂ ᠬᠡᠦᠬᠡᠳ ᠪᠠᠭᠠᠴᠤᠳ ᠤᠨ ᠣᠶᠢᠷ᠎ᠠ ᠬᠠᠷᠠᠭ᠎ᠠ ᠶᠢ ᠶᠡᠷᠦᠩᠬᠡᠶᠢᠯᠡᠨ ᠰᠡᠷᠭᠡᠶᠢᠯᠡᠬᠦ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠠᠬᠢᠭᠤᠯᠪᠡ᠃      ᠪᠥᠬᠦ ᠠᠶᠢᠮᠠᠭ ᠤᠨ ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢᠳᠦᠨ ᠰᠢᠯ ᠲᠠᠭᠠᠷᠠᠭᠤᠯᠬᠤ ᠲᠠᠯᠠᠪᠤᠷ ᠲᠤ ᠭᠦᠨᠵᠡᠭᠡᠶᠢᠷᠡᠨ ᠬᠠᠷᠠᠭ᠎ᠠ ᠰᠢᠯᠭᠠᠵᠤ ᠰᠢᠯ ᠲᠠᠭᠠᠷᠠᠭᠤᠯᠬᠤ ᠲᠥᠬᠦᠭᠡᠷᠦᠮᠵᠢ᠂ ᠵᠠᠷ ᠮᠡᠳᠡᠭᠡ᠂ ᠡᠮᠴᠢᠯᠡᠭᠡᠨ ᠤ ᠪᠠᠭᠠᠵᠢ ᠬᠡᠷᠡᠭᠰᠡᠯ ᠵᠡᠷᠭᠡ ᠶᠢ ᠪᠠᠶᠢᠴᠠᠭᠠᠪᠠ᠃ ᠡᠯ᠎ᠡ ᠱᠠᠲᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠭᠦ ᠰᠠᠯᠠᠭ᠎ᠠ ᠮᠥᠴᠢᠷ ᠰᠤᠷᠭᠠᠭᠤᠯᠢ ᠳᠤ ᠭᠦᠨᠵᠡᠭᠡᠶᠢᠷᠡᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠲᠤᠬᠠᠢ ᠲᠤᠰᠬᠠᠢ ᠮᠡᠷᠭᠡᠵᠢᠯᠳᠡᠨ ᠤ ᠤᠬᠠᠭᠤᠯᠤᠨ ᠲᠠᠶᠢᠯᠪᠤᠷᠢᠯᠠᠬᠤ ᠠᠵᠢᠯ ᠢ ᠥᠷᠨᠢᠭᠦᠯᠵᠦ᠂ ᠤᠬᠠᠭᠤᠯᠬᠤ ᠮᠠᠲ᠋ᠧᠷᠢᠶᠠᠯ᠂ ᠨᠢᠳᠦ ᠬᠠᠮᠠᠭᠠᠯᠠᠬᠤ ᠳ᠋ᠧᠩ ᠵᠡᠷᠭᠡ ᠶᠢ ᠲᠠᠷᠬᠠᠭᠠᠪᠡ᠃ ᠠᠶᠢᠮᠠᠭ ᠤᠨ ᠰᠤᠷᠭᠠᠨ ᠬᠥᠮᠦᠵᠢᠯ ᠤᠨ ᠲᠣᠪᠴᠢᠶ᠎ᠠ ᠠᠯᠪᠠᠨ ᠤ ᠰᠦᠯᠵᠢᠶ᠎ᠡ ᠵᠡᠷᠭᠡ ᠪᠠᠷ ᠳᠠᠮᠵᠢᠭᠤᠯᠤᠨ ᠣᠶᠢᠷ᠎ᠠ ᠬᠠᠷᠠᠭ᠎ᠠ ᠶᠢ ᠰᠡᠷᠭᠡᠶᠢᠯᠡᠬᠦ᠂ ᠨᠢᠳᠦᠨ ᠤ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠢᠴᠢᠯᠭᠡ᠂ ᠵᠣᠬᠢᠶᠠᠯ ᠵᠡᠷᠭᠡ ᠶᠢ ᠨᠡᠶᠢᠲᠡᠯᠡᠪᠡ᠃ ᠪᠥᠬᠦ ᠠᠶᠢᠮᠠᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠣᠶᠢᠷ᠎ᠠ ᠬᠠᠷᠠᠭ᠎ᠠ ᠶᠢ ᠰᠡᠷᠭᠡᠶᠢᠯᠡᠬᠦ ᠪᠣᠯᠪᠠᠰᠤᠷᠠᠯ ᠤᠨ ᠠᠩᠭᠢ ᠡᠷᠭᠢᠯᠡᠵᠦ᠂ ᠪᠥᠬᠦ ᠠᠶᠢᠮᠠᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠲᠤᠰᠬᠠᠢ ᠪᠠ ᠲᠤᠰᠢᠶᠠᠯ ᠬᠠᠪᠰᠤᠷᠭᠠᠵᠦ ᠪᠠᠶᠢᠭ᠎ᠠ ᠰᠤᠷᠭᠠᠭᠤᠯᠢ ᠶᠢᠨ ᠡᠮᠴᠢ᠂ ᠡᠷᠡᠭᠦᠯᠵᠢᠯ ᠤᠨ ᠡᠮᠴᠢ ᠪᠤᠯᠪᠠᠰᠤᠷᠠᠯ ᠳᠤ ᠤᠷᠤᠯᠴᠠᠪᠠ᠃      ᠰᠤᠷᠭᠠᠭᠤᠯᠢ ᠨᠤᠭᠤᠳ ᠬᠢᠴᠢᠶᠡᠯ ᠤᠨ ᠭᠡᠷ᠂ ᠪᠠᠶᠢᠷᠢ᠂ ᠨᠣᠮ ᠤᠨ ᠰᠠᠩ ᠵᠡᠷᠭᠡ ᠳᠤ ᠪᠠᠷᠢᠮᠵᠢᠶ᠎ᠠ ᠳᠤ ᠨᠡᠶᠢᠴᠡᠭᠰᠡᠨ ᠭᠡᠷᠡᠯᠲᠦᠭᠦᠯᠭᠡ ᠶᠢᠨ ᠳ᠋ᠧᠩ ᠤᠬᠰᠠᠷᠠᠵᠦ᠂ ᠦᠨᠳᠦᠷ ᠪᠤᠭᠤᠨᠢ ᠶᠢ ᠨᠢ ᠲᠤᠬᠢᠷᠠᠭᠤᠯᠵᠦ ᠪᠤᠯᠬᠤ ᠰᠢᠷᠡᠭᠡ ᠰᠠᠨᠳᠠᠯᠢ ᠵᠡᠷᠭᠡ ᠶᠢ ᠲᠤᠬᠢᠷᠠᠭᠤᠯᠤᠨ᠂ ᠰᠤᠷᠤᠭᠴᠢᠳ ᠲᠤ ᠰᠠᠶᠢᠨ ᠰᠠᠶᠢᠬᠠᠨ ᠰᠤᠷᠤᠯᠴᠠᠬᠤ ᠣᠷᠴᠢᠨ ᠲᠣᠭᠤᠷᠢᠨ ᠬᠠᠩᠭᠠᠵᠤ ᠦᠭᠪᠡ᠃ ᠡᠭᠦᠨ ᠤ ᠬᠠᠮᠲᠤ ᠣᠶᠢᠷ᠎ᠠ ᠬᠠᠷᠠᠭ᠎ᠠ ᠶᠢ ᠰᠡᠷᠭᠡᠶᠢᠯᠡᠬᠦ ᠮᠡᠳᠡᠯᠭᠡ ᠶᠢ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ᠂ ᠰᠤᠷᠭᠠᠭᠤᠯᠢ ᠶᠢᠨ ᠬᠦᠷᠢᠶᠡᠨ ᠤ ᠰᠣᠶᠣᠯ ᠪᠠ ᠰᠤᠷᠤᠭᠴᠢᠳ ᠤᠨ ᠡᠳᠦᠷ ᠲᠤᠲᠤᠮ ᠤᠨ ᠦᠢᠯᠡ ᠠᠵᠢᠯᠯᠠᠭᠠᠨ ᠤ ᠵᠢᠷᠤᠮᠵᠢᠯ ᠳᠤ ᠠᠭᠤᠰᠬᠠᠨ ᠣᠷᠣᠭᠤᠯᠬᠤ ᠶᠢᠨ ᠬᠠᠮᠲᠤ ᠡᠷᠡᠭᠦᠯ ᠮᠡᠨᠳᠦ ᠶᠢᠨ ᠬᠥᠮᠦᠵᠢᠯ ᠤᠨ ᠬᠠᠮᠢᠶ᠎ᠠ ᠪᠦᠬᠦᠢ ᠬᠢᠴᠢᠶᠡᠯ ᠢᠶᠠᠷ ᠲᠠᠮᠵᠢᠭᠤᠯᠤᠨ᠂ ᠰᠤᠷᠤᠭᠴᠢᠳ ᠤᠨ ᠰᠠᠨᠠᠭᠠᠴᠢᠯᠠᠭ᠎ᠠ  ᠠᠴᠠ ᠪᠠᠨ ᠨᠢᠳᠥ ᠪᠠᠨ ᠬᠠᠮᠠᠭᠠᠯᠠᠬᠤ ᠤᠬᠠᠮᠰᠠᠷ ᠪᠠ ᠴᠢᠳᠠᠪᠤᠷᠢ ᠶᠢ ᠲᠡᠭᠡᠭᠰᠢᠯᠡᠭᠦᠯᠪᠡ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号