ᠮᠠᠨ ᠤ ᠠᠶᠢᠮᠠᠭ ᠭᠠᠯ ᠰᠡᠷᠬᠡᠶᠢᠯᠡᠵᠦ ᠤᠨᠲᠠᠷᠠᠭᠠᠬᠤ ︽ᠠᠮᠢ ᠨᠠᠰᠤᠨ ᠤ ᠵᠠᠮ︾  ᠢ ᠨᠡᠪᠲᠡᠷᠡᠭᠦᠯᠬᠦ ᠵᠢᠴᠢ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢᠨ ᠪᠦᠬᠦ ᠭᠡᠯᠬᠢᠶᠠᠨ ᠤ ᠠᠮᠤᠷ ᠲᠦᠪᠰᠢᠨ ᠤ ᠭᠡᠮ ᠰᠤᠭᠤᠭ ᠢ ᠴᠡᠭᠴᠡᠯᠡᠨ ᠵᠠᠰᠠᠬᠤ ᠠᠵᠢᠯᠯᠠᠭ᠎ᠠ ᠶᠢ ᠪᠠᠶᠢᠷᠢᠯᠠᠭᠤᠯᠤᠨ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/18
     ᠲᠤᠰ ᠰᠣᠨᠢᠨ ᠤ ᠮᠡᠳᠡᠭᠡ ︵ᠰᠤᠷᠪᠤᠯᠵᠢᠯᠠᠭᠴᠢ ᠰᠦᠨ ᠮᠦ ᠶᠧ︶ 5 ᠰᠠᠷ᠎ᠠ ᠶᠢᠨ 29 ᠤ ᠡᠳᠦᠷ᠂ ᠮᠠᠨ ᠤ ᠠᠶᠢᠮᠠᠭ ᠭᠠᠯ ᠰᠡᠷᠬᠡᠶᠢᠯᠡᠵᠦ ᠤᠨᠲᠠᠷᠠᠭᠠᠬᠤ ︽ᠠᠮᠢ ᠨᠠᠰᠤᠨ ᠤ ᠵᠠᠮ︾  ᠢ ᠨᠡᠪᠲᠡᠷᠡᠭᠦᠯᠬᠦ ᠵᠢᠴᠢ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢᠨ ᠪᠦᠬᠦ ᠭᠡᠯᠬᠢᠶᠠᠨ ᠤ ᠠᠮᠤᠷ ᠲᠦᠪᠰᠢᠨ ᠤ ᠭᠡᠮ ᠰᠤᠭᠤᠭ ᠢ ᠴᠡᠭᠴᠡᠯᠡᠨ ᠵᠠᠰᠠᠬᠤ ᠠᠵᠢᠯᠯᠠᠭ᠎ᠠ ᠶᠢ ᠪᠠᠶᠢᠷᠢᠯᠠᠭᠤᠯᠤᠨ ᠠᠬᠢᠭᠤᠯᠬᠤ ᠬᠤᠷᠠᠯ ᠬᠤᠷᠠᠯᠳᠤᠭᠤᠯᠪᠠ᠃      ᠬᠤᠷᠠᠯ ᠳᠤ ᠣᠷᠣᠯᠴᠠᠭᠰᠠᠳ ᠤᠷᠢᠳ ᠬᠤᠵᠢᠳ ᠰᠢᠯᠢ ᠶᠢᠨ ᠬᠤᠲᠠ ᠶᠢᠨ ᠴᠡᠴᠡᠷᠯᠢᠭᠲᠦ ᠤᠷᠳᠤᠨ ᠰᠠᠭᠤᠭᠠᠯᠢ ᠲᠣᠭᠤᠷᠢᠭ ᠪᠣᠯᠣᠨ ᠮᠢᠨ ᠱᠧᠩ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠵᠡᠷᠭᠡ ᠶᠢ ᠲᠣᠭᠤᠷᠢᠨ ᠦᠵᠡᠵᠦ᠂ ᠭᠠᠯ ᠰᠡᠷᠬᠡᠶᠢᠯᠡᠵᠦ ᠤᠨᠲᠠᠷᠠᠭᠠᠬᠤ ︽ᠠᠮᠢ ᠨᠠᠰᠤᠨ ᠤ ᠵᠠᠮ︾  ᠢ ᠨᠡᠪᠲᠡᠷᠡᠭᠦᠯᠬᠦ ᠪᠠ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢᠨ ᠪᠦᠬᠦ ᠭᠡᠯᠬᠢᠶᠠᠨ ᠤ ᠠᠮᠤᠷ ᠲᠦᠪᠰᠢᠨ ᠤ ᠭᠡᠮ ᠰᠤᠭᠤᠭ ᠢ ᠪᠦᠬᠦ ᠲᠠᠯ᠎ᠠ ᠪᠠᠷ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ᠂ ᠭᠠᠯ ᠤᠨ ᠠᠶᠤᠯ ᠤᠨ ᠠᠳᠡᠯ ᠢ ᠪᠠᠴᠢᠮ ᠠᠷᠭᠠᠴᠠᠭᠠᠬᠤ᠂ ᠭᠠᠯ ᠤᠨ ᠪᠠᠶᠢᠳᠠᠯ ᠢ ᠰᠶᠢᠳᠪᠦᠷᠢᠯᠡᠬᠦ᠂ ᠬᠥᠮᠥᠰ ᠢ ᠲᠠᠷᠬᠠᠭᠠᠬᠤ᠂ ᠥᠪᠡᠷ ᠢ ᠪᠠᠨ ᠠᠪᠤᠷᠠᠬᠤ ᠪᠤᠯᠤᠨ ᠬᠠᠷᠢᠯᠴᠠᠨ ᠠᠪᠤᠷᠠᠬᠤ ᠵᠡᠷᠭᠡ ᠭᠠᠯ ᠰᠡᠷᠭᠡᠶᠢᠯᠡᠬᠦ ᠠᠮᠤᠷ ᠲᠦᠪᠰᠢᠨ ᠤ ᠠᠵᠢᠯ ᠤᠨ ᠰᠠᠶᠢᠨ ᠠᠷᠭ᠎ᠠ ᠲᠤᠷᠰᠢᠯᠭ᠎ᠠ ᠪᠠᠨ ᠰᠣᠯᠢᠯᠴᠠᠨ ᠰᠤᠷᠤᠯᠴᠠᠵᠠᠢ᠃ ᠳᠠᠷᠠᠭ᠎ᠠ ᠳᠤᠨᠢ᠂ ᠬᠠᠮᠢᠶ᠎ᠠ ᠪᠦᠬᠦᠢ ᠠᠵᠢᠯ ᠢ ᠪᠠᠶᠢᠷᠢᠯᠠᠭᠤᠯᠵᠦ ᠠᠬᠢᠭᠤᠯᠬᠤ ᠬᠤᠷᠠᠯ ᠢ ᠬᠤᠷᠠᠯᠳᠤᠭᠤᠯᠪᠠ᠃      ᠬᠤᠷᠠᠯ ᠠᠴᠠ ᠴᠢᠬᠤᠯᠠᠴᠢᠯᠠᠬᠤ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠭᠠᠯ ᠰᠡᠷᠭᠡᠶᠢᠯᠡᠵᠦ ᠤᠨᠳᠠᠷᠠᠭᠠᠬᠤ ᠠᠮᠤᠷ ᠲᠦᠪᠰᠢᠨ ᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠶᠢᠷ᠎ᠠ ᠶᠢᠨ ᠬᠤᠭᠤᠴᠠᠭᠠᠨ ᠳᠤ ᠪᠤᠯᠤᠭᠰᠠᠨ ᠤᠯᠤᠰ ᠤᠨ ᠳᠣᠲᠣᠭᠠᠳᠤ ᠶᠢᠨ ᠬᠦᠨᠳᠦ ᠶᠡᠭᠡ ᠭᠠᠯ ᠤᠨ ᠠᠶᠤᠯ ᠤᠨ ᠠᠳᠡᠯ ᠬᠡᠷᠡᠭ ᠠᠴᠠ ᠬᠦ᠋ᠨᠵᠡᠬᠡᠢ ᠰᠤᠷᠭᠠᠮᠵᠢ ᠠᠪᠴᠤ᠂ ᠪᠥᠬᠦ ᠠᠶᠢᠮᠠᠭ ᠤᠨ ᠭᠠᠯ ᠰᠡᠷᠬᠡᠶᠢᠯᠡᠵᠦ ᠤᠨᠲᠠᠷᠠᠭᠠᠬᠤ ︽ᠠᠮᠢ ᠨᠠᠰᠤᠨ ᠤ ᠵᠠᠮ ︾  ᠢ ᠨᠡᠪᠲᠡᠷᠡᠭᠦᠯᠬᠦ ᠵᠢᠴᠢ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢᠨ ᠪᠦᠬᠦ ᠭᠡᠯᠬᠢᠶᠠᠨ ᠤ ᠠᠮᠤᠷ ᠲᠦᠪᠰᠢᠨ ᠤ ᠭᠡᠮ ᠰᠤᠭᠤᠭ ᠢ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠬᠦᠨᠳᠦ ᠶᠡᠭᠡ ᠣᠨᠴᠠ ᠶᠡᠭᠡ ᠭᠠᠯ ᠤᠨ ᠠᠶᠤᠯ ᠤᠨ ᠠᠳᠡᠯ ᠬᠡᠷᠡᠭ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠵᠤ᠂ ᠪᠥᠬᠦ ᠠᠶᠢᠮᠠᠭ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠨᠠᠩ ᠲᠣᠭᠲᠠᠭᠤᠨ ᠭᠠᠯ ᠰᠡᠷᠬᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠢ ᠭᠡᠪᠡ᠃      ᠠᠶᠢᠮᠠᠭ ᠤᠨ ᠭᠠᠯ ᠰᠡᠷᠭᠡᠶᠢᠯᠡᠬᠦ ᠠᠮᠤᠷ ᠲᠦᠪᠰᠢᠨ ᠤ ᠵᠥᠪᠯᠡᠯ ᠤᠨ ᠡᠯ᠎ᠡ ᠪᠦᠷᠢᠯᠳᠦᠭᠦᠨ ᠨᠢᠭᠡᠴᠢ ᠶᠢᠨ ᠬᠠᠷᠢᠭᠤᠴᠠᠯᠭᠠᠲᠠᠨ᠂ ᠡᠯ᠎ᠡ ᠬᠤᠰᠢᠭᠤ ᠰᠢᠶᠠᠨ ᠬᠤᠲᠠ ︵ᠤᠷᠤᠨ︶ ᠶᠢᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶   ᠤ ᠬᠤᠪᠢᠳᠠᠨ ᠬᠠᠮᠢᠶᠠᠷᠬᠤ ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠨᠢᠭᠡᠴᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号