ᠮᠤᠩᠭᠤᠯ ᠮᠤᠷᠢᠳ ᠤᠨ ᠲᠥᠪᠡᠷᠭᠡᠨ ᠢᠶᠠᠷ ᠨᠡᠭᠡᠭᠡᠭᠳᠡᠭᠰᠡᠨ ᠠᠵᠤ ᠦᠢᠯᠡᠰ ᠤᠨ ᠰᠢᠨ᠎ᠡ ᠵᠠᠮ
ᠨᠡᠶᠢᠲᠡᠯᠡᠭᠰᠡᠨ ᠴᠠᠭ᠄
2024/6/18
     ᠤᠶᠢᠷ᠎ᠠ ᠶᠢᠨ ᠵᠢᠯ ᠤᠳ ᠲᠤ ᠲᠠᠶᠠᠩ ᠳᠤ ᠠᠯᠳᠠᠷ ᠲᠠᠢ ᠰᠢᠯᠢ ᠶᠢᠨ ᠭᠤᠤᠯ ᠤᠨ ᠲᠠᠯ᠎ᠠ ᠨᠤᠳᠤᠭ ᠤᠨ ᠠᠳᠤᠭᠤᠨ ᠤ ᠦᠢᠯᠡᠰ ᠤᠷᠢᠳᠤ ᠡᠮᠦᠨ᠎ᠡ ᠪᠠᠶᠢᠭ᠎ᠠ ᠦᠭᠡᠢ ᠤᠯᠠᠨ ᠲᠠᠯ᠎ᠠ ᠪᠠᠷ ᠰᠢᠨ᠎ᠡ ᠬᠥᠭᠵᠢᠯᠳᠡ ᠶᠢᠨ ᠱᠠᠳᠤᠨ ᠳᠤ ᠤᠷᠤᠭᠰᠠᠨ ᠶᠤᠮ᠃ ᠮᠤᠷᠢᠨ ᠮᠡᠷᠭᠡᠵᠢᠯ ᠤᠨ ᠠᠵᠤ ᠦᠢᠯᠡᠰᠵᠢᠯᠳᠡ ᠪᠤᠯ ᠲᠡᠭᠦᠨ ᠤ ᠲᠤᠳᠤᠷᠠᠬᠢ ᠨᠢᠭᠡ ᠲᠠᠯ᠎ᠠ ᠪᠤᠯᠤᠨ᠎ᠠ᠃      ᠮᠠᠨ ᠤ ᠠᠶᠢᠮᠠᠭ᠂ ᠠᠳᠤᠭᠤᠨ ᠤ ᠰᠤᠶᠤᠯ ᠬᠢᠭᠡᠳ ᠠᠳᠤᠭᠤᠨ ᠤ ᠡᠬᠢ ᠪᠠᠶᠠᠯᠢᠭ ᠤᠨ ᠳᠠᠪᠠᠭᠤᠯᠢᠭ ᠢᠶᠠᠨ ᠠᠵᠤ ᠠᠬᠤᠢ ᠶᠢᠨ ᠳᠠᠪᠠᠭᠤᠯᠢᠭ ᠪᠤᠯᠭᠠᠨ ᠬᠤᠪᠢᠷᠠᠭᠤᠯᠬᠤ ᠪᠠᠷ ᠮᠤᠷᠢᠨ ᠮᠡᠷᠭᠡᠵᠢᠯ ᠤᠨ ᠠᠵᠤ ᠦᠢᠯᠡᠰᠵᠢᠯᠳᠡ ᠳᠡᠭᠡᠷ᠎ᠡ ᠰᠢᠨ᠎ᠡ ᠵᠠᠮ ᠢ ᠡᠭᠦᠳᠦᠭᠰᠡᠨ ᠶᠤᠮ᠃ ᠶᠠᠭᠤᠨ ᠤ ᠡᠮᠦᠨ᠎ᠡ ᠠᠶᠢᠮᠠᠭ ᠤᠨ ᠨᠠᠮ ᠤᠨ ᠬᠤᠷᠢᠶ᠎ᠠ ᠠᠶᠢᠮᠠᠭ ᠤᠨ ᠵᠠᠬᠢᠷᠭ᠎ᠠ ᠠᠳᠤᠭᠤᠨ ᠰᠤᠶᠤᠯ ᠤᠨ ᠠᠵᠤ ᠦᠢᠯᠡᠰ ᠤᠨ ᠪᠥᠳᠦᠭᠡᠨ ᠪᠠᠶᠢᠭᠤᠯᠤᠯᠳᠠ ᠶᠢ ᠲᠡᠭᠡᠳᠦ ᠬᠡᠮᠵᠢᠶ᠎ᠡ ᠪᠠᠷ ᠬᠥᠨᠳᠦᠳᠭᠡᠨ ᠦᠵᠡᠵᠦ᠂ 2016 ᠤᠨ ᠳᠤ ᠰᠢᠯᠢ ᠶᠢᠨ ᠭᠤᠤᠯ ᠠᠵᠢᠯ ᠮᠡᠷᠭᠡᠵᠢᠯ ᠤᠨ ᠲᠡᠭᠡᠳᠦ ᠰᠤᠷᠭᠠᠭᠤᠯᠢ ᠳᠤ ᠮᠤᠷᠢᠨ ᠮᠡᠷᠭᠡᠵᠢᠯ ᠤᠨ ᠲᠠᠮᠢᠷ ᠤᠨ ᠰᠤᠷᠭᠠᠭᠤᠯᠢ ᠶᠢ ᠪᠠᠶᠢᠭᠤᠯᠵᠤ᠂ 3000 ᠮᠧᠲᠷ ᠤᠨ ᠲᠠᠪᠬᠢᠯᠳᠠ ᠶᠢᠨ ᠱᠤᠭᠤᠮ ᠪᠥᠬᠦᠢ ᠮᠤᠷᠢ ᠤᠷᠤᠯᠳᠤᠬᠤ ᠲᠠᠯᠠᠪᠠᠢ᠂ 2000 ᠬᠠᠪᠳᠠᠭᠠᠢ ᠳᠦᠷᠪᠡᠯᠵᠢᠨ  ᠮᠧᠲᠷ ᠤᠨ ᠶᠡᠷᠦᠩᠬᠡᠶᠢᠯᠡᠭᠰᠡᠨ ᠪᠤᠯᠪᠠᠰᠤᠷᠠᠯ ᠤᠨ ᠠᠰᠠᠷ᠂ 1800 ᠬᠠᠪᠳᠠᠭᠠᠢ ᠳᠦᠷᠪᠡᠯᠵᠢᠨ  ᠮᠧᠲᠷ ᠪᠥᠬᠦᠢ ᠥᠷᠦᠭᠡᠨ ᠤ ᠪᠤᠯᠪᠠᠰᠤᠷᠠᠯ ᠤᠨ ᠤᠷᠳᠤᠨ᠂ 1500 ᠬᠠᠪᠳᠠᠭᠠᠢ ᠳᠦᠷᠪᠡᠯᠵᠢᠨ  ᠮᠧᠲᠷ ᠪᠥᠬᠦᠢ ᠠᠳᠤᠭᠤ ᠲᠡᠵᠢᠭᠡᠬᠦ ᠰᠠᠭᠤᠷᠢᠨ ᠢ ᠪᠠᠶᠢᠭᠤᠯᠵᠤ᠂ ᠵᠢᠭᠠᠨ ᠰᠤᠷᠭᠠᠯᠳᠠ ᠳᠤ ᠬᠡᠷᠡᠭᠰᠡᠬᠦ ᠰᠠᠶᠢᠨ ᠡᠭᠦᠯᠳᠡᠷ ᠤᠨ ᠮᠤᠷᠢ 200 ᠰᠢᠬᠠᠮ ᠢ ᠰᠢᠯᠢᠨ ᠰᠤᠩᠭᠤᠵᠤ ᠬᠤᠳᠠᠯᠳᠤᠨ ᠤᠷᠤᠭᠤᠯᠵᠤ᠂ ᠶᠡᠷᠦᠩᠬᠡᠢ ᠪᠡᠯᠡ ᠤᠷᠤᠭᠤᠯᠤᠯᠳᠠ ᠨᠢ 2000 ᠲᠥᠮᠡᠨ ᠲᠥᠭᠦᠷᠢᠭ ᠢ ᠲᠠᠪᠠᠭᠰᠠᠨ ᠲᠤᠰᠬᠠᠶᠢᠵᠢᠭᠰᠠᠨ ᠮᠤᠷᠢᠨ ᠮᠡᠷᠭᠡᠵᠢᠯ ᠤᠨ ᠲᠠᠮᠢᠷ ᠤᠨ ᠰᠤᠷᠭᠠᠭᠤᠯᠢ ᠶᠢ ᠪᠥᠳᠦᠭᠡᠨ ᠪᠠᠶᠢᠭᠤᠯᠵᠠᠢ᠃ ᠮᠤᠷᠢᠨ ᠮᠡᠷᠭᠡᠵᠢᠯ ᠤᠨ ᠲᠠᠮᠢᠷ ᠪᠤᠯ ᠮᠤᠷᠢᠨ ᠨᠢᠷᠤᠭᠤᠨ ᠲᠡᠭᠡᠷ᠎ᠡ ᠶᠠᠪᠤᠭᠳᠠᠳᠠᠭ ᠡᠯ᠎ᠡ ᠵᠦᠢᠯ ᠤᠨ ᠤᠷᠤᠯᠳᠤᠭᠠᠨ ᠤ ᠶᠡᠷᠦᠩᠬᠡᠢ ᠨᠡᠷᠡᠶᠢᠳᠦᠯ ᠶᠤᠮ᠃ ᠲᠡᠭᠦᠨ ᠳᠤ ᠬᠤᠷᠳᠤ ᠰᠢᠯᠭᠠᠬᠤ ᠤᠷᠤᠯᠳᠤᠭᠠᠨ᠂ ᠲᠠᠭᠠᠭᠠᠴᠠ ᠰᠢᠯᠭᠠᠬᠤ ᠤᠷᠤᠯᠳᠤᠭᠠᠨ᠂ ᠭᠤᠶᠤ ᠬᠤᠪᠴᠠᠰᠤᠳᠤ ᠪᠥᠵᠢᠭ ᠤᠨ ᠠᠯᠬᠤᠳᠠᠯᠳᠤ ᠤᠷᠤᠯᠳᠤᠭᠠᠨ᠂ ᠠᠴᠢᠶ᠎ᠠ ᠲᠠᠢ ᠪᠠᠷ ᠰᠠᠭᠠᠳ ᠲᠠᠪᠠᠭᠤ ᠤᠷᠤᠯᠳᠤᠭᠠᠨ᠂ ᠭᠤᠷᠪᠠᠨ ᠵᠦᠢᠯ ᠤᠨ ᠤᠷᠤᠯᠳᠤᠭᠠᠨ᠂ ᠮᠤᠷᠢᠨ ᠲᠡᠭᠡᠷ᠎ᠡ ᠠᠴᠠ ᠴᠠᠪᠴᠢᠬᠤ᠂ ᠮᠤᠷᠢᠨ ᠪᠥᠮᠪᠦᠭᠡ᠂ ᠮᠤᠷᠢᠨ ᠲᠡᠭᠡᠷᠡᠬᠢ ᠤᠷ᠎ᠠ ᠮᠡᠷᠭᠡᠵᠢᠯ ᠵᠡᠷᠭᠡ ᠲᠦᠷᠦᠯ ᠵᠦᠢᠯ ᠪᠠᠭᠳᠠᠵᠤ ᠪᠠᠶᠢᠳᠠᠭ ᠢᠶᠠᠷ ᠢᠶᠠᠨ ᠮᠠᠨ ᠤ ᠠᠶᠢᠮᠠᠭ ᠤᠨ ᠠᠳᠤᠭᠤᠨ ᠰᠤᠶᠤᠯ ᠤᠨ ᠬᠥᠭᠵᠢᠯᠳᠡ᠂ ᠠᠳᠤᠭᠤᠨ ᠤ ᠠᠵᠤ ᠦᠢᠯᠡᠰᠵᠢᠯᠳᠡ ᠶᠢᠨ ᠴᠤ ᠰᠢᠨ᠎ᠡ ᠠᠭᠤᠯᠭ᠎ᠠ ᠬᠡᠯᠪᠡᠷᠢ ᠪᠤᠯᠵᠤ ᠢᠯᠡᠷᠡᠭᠰᠡᠨ ᠪᠠᠶᠢᠳᠠᠭ᠃      ᠮᠤᠷᠢᠨ ᠮᠡᠷᠭᠡᠵᠢᠯ ᠤᠨ ᠲᠠᠮᠢᠷ ᠢ ᠬᠥᠭᠵᠢᠭᠦᠯᠬᠦ ᠳᠡᠭᠡᠨ ᠮᠠᠨ ᠤ ᠠᠶᠢᠮᠠᠭ᠂ ᠪᠡᠭᠡᠵᠢᠩ ᠤᠨ ᠬᠤᠸᠠ ᠵᠢᠶᠦ᠋ᠨ ᠮᠤᠷᠢᠨ ᠮᠡᠷᠭᠡᠵᠢᠯ ᠤᠨ ᠺᠯᠦᠪ᠂ ᠪᠡᠭᠡᠵᠢᠩ ᠤᠨ ᠱᠦᠨ ᠢ ᠮᠤᠷᠢᠨ ᠮᠡᠷᠭᠡᠵᠢᠯ ᠤᠨ ᠺᠯᠦᠪ᠂ ᠰᠢᠯᠢ ᠶᠢᠨ ᠭᠤᠤᠯ ᠤᠨ ᠲᠠᠯ᠎ᠠ ᠨᠤᠳᠤᠭ ᠤᠨ ᠰᠤᠶᠤᠯ ᠤᠨ ᠠᠮᠠᠷᠠᠨ ᠵᠤᠭᠠᠴᠠᠬᠤ ᠭᠠᠵᠠᠷ᠂ ᠰᠢᠯᠢ ᠶᠢᠨ ᠬᠤᠳᠠ ᠶᠢᠨ ᠮᠤᠳᠤᠨ ᠲᠠᠷᠢᠶᠠᠯᠠᠩ ᠮᠠᠯᠵᠢᠯ ᠤᠨ ᠵᠠᠩ ᠦᠢᠯᠡ ᠶᠢᠨ ᠬᠦᠷᠢᠶᠡᠯᠡᠩ᠂ ᠲᠠᠶᠢᠹᠤᠰᠧ ᠬᠤᠰᠢᠭᠤᠨ ᠤ ᠬᠠᠭᠠᠨ ᠤ ᠮᠠᠯᠵᠢᠯ ᠤᠨ ᠬᠦᠷᠢᠶᠡᠯᠡᠩ᠂ ᠲᠤᠯᠤᠨ ᠨᠤᠤᠷ ᠰᠢᠶᠠᠨ ᠤ ᠠᠮᠢ ᠠᠬᠤᠢ ᠶᠢᠨ ᠲᠠᠯ᠎ᠠ ᠨᠤᠳᠤᠭ ᠤᠨ ᠮᠤᠷᠢᠨ ᠮᠡᠷᠭᠡᠵᠢᠯ ᠤᠨ ᠠᠮᠠᠷᠠᠯᠳᠠ ᠶᠢᠨ ᠭᠠᠵᠠᠷ ᠵᠡᠷᠭᠡ ᠰᠤᠷᠭᠠᠭᠤᠯᠢ ᠬᠢᠭᠡᠳ ᠠᠵᠤ ᠠᠬᠤᠶᠢᠯᠠᠯ ᠬᠤᠷᠰᠢᠭᠰᠠᠨ ᠰᠢᠨ᠎ᠡ ᠵᠠᠮ ᠢ ᠪᠥᠳᠦᠮᠵᠢᠳᠡᠢ ᠨᠡᠭᠡᠭᠡᠭᠰᠡᠨ ᠪᠠᠶᠢᠨ᠎ᠠ᠃ ᠡᠭᠦᠨ ᠳᠡᠭᠡᠨ ᠵᠤᠬᠢᠴᠠᠭᠤᠯᠤᠨ ᠮᠤᠷᠢᠨ ᠮᠡᠷᠭᠡᠵᠢᠯ ᠤᠨ ᠬᠥᠳᠡᠯᠭᠡᠭᠡᠨ ᠤ ᠮᠡᠳᠡᠯᠭᠡ᠂ ᠮᠥᠷᠦ᠋ᠴᠡᠭᠡᠨ ᠬᠢᠭᠡᠳ ᠬᠠᠮᠢᠶᠠᠷᠤᠯᠳᠠ ᠶᠢᠨ ᠮᠡᠳᠡᠯᠭᠡ ᠶᠢ ᠡᠵᠡᠮᠰᠢᠬᠦ᠂ ᠮᠤᠷᠢᠨ ᠮᠡᠷᠭᠡᠵᠢᠯ ᠤᠨ ᠮᠡᠳᠡᠯᠭᠡ ᠴᠢᠳᠠᠪᠤᠷᠢ ᠪᠤᠯᠤᠨ ᠬᠥᠳᠡᠯᠭᠡᠭᠡᠨ ᠢ ᠵᠢᠯᠤᠭᠤᠳᠬᠤ᠂ ᠮᠤᠷᠢᠳ ᠢ ᠠᠷᠠᠴᠢᠯᠠᠬᠤ ᠴᠢᠳᠠᠪᠤᠷᠢ ᠲᠠᠢ ᠲᠤᠰᠬᠠᠶᠢᠵᠢᠬᠰᠠᠨ᠂ ᠡᠭᠦᠨ ᠳᠤ ᠭᠤᠤᠯᠳᠠᠭᠤ ᠠᠳᠤᠭᠤᠨ ᠤ ᠦᠢᠯᠡᠰ ᠤᠨ ᠰᠢᠨᠵᠢᠯᠡᠬᠦ ᠤᠬᠠᠭᠠᠨᠴᠢ ᠬᠠᠮᠢᠶᠠᠷᠤᠯᠳᠠ᠂ ᠠᠳᠤᠭᠤᠨ ᠤ ᠫᠧᠩ ᠰᠠᠷᠠᠪᠴᠢ ᠶᠢ ᠬᠠᠮᠢᠶᠠᠷᠤᠭᠴᠢ᠂ ᠮᠤᠷᠢᠨ ᠮᠡᠷᠭᠡᠵᠢᠯ ᠤᠨ ᠲᠠᠮᠢᠷᠴᠢᠳ ᠬᠢᠭᠡᠳ ᠵᠢᠭᠠᠨ ᠰᠤᠷᠭᠠᠭᠴᠢ᠂ ᠠᠳᠤᠭᠤᠨ ᠤ ᠦᠢᠯᠡᠰ ᠤᠨ ᠡᠵᠡᠩᠨᠡᠨ ᠬᠠᠮᠢᠶᠠᠷᠤᠭᠴᠢ ᠵᠡᠷᠭᠡ ᠥᠨᠳᠦᠷ ᠬᠡᠪ ᠪᠤᠯᠪᠠᠰᠤᠷᠠᠯ ᠲᠠᠢ ᠴᠢᠳᠠᠪᠤᠷᠢᠳᠠᠨ ᠢ ᠬᠦᠮᠦᠵᠢᠭᠦᠯᠦᠨ ᠭᠠᠷᠭᠠᠬᠤ ᠬᠠᠷᠠᠯᠳᠠ ᠶᠢ ᠲᠤᠭᠳᠠᠭᠠᠨ ᠬᠡᠷᠡᠭᠵᠢᠭᠦᠯᠵᠡᠢ᠃ ᠮᠥᠨ ᠡᠨᠡᠬᠦ ᠬᠠᠷᠠᠯᠳᠠ ᠪᠠᠨ ᠪᠡᠶᠠᠯᠠᠭᠦᠯᠬᠦ ᠪᠠᠷ ᠮᠤᠷᠢᠨ ᠮᠡᠷᠭᠡᠵᠢᠯ ᠤᠨ ᠰᠠᠭᠤᠷᠢ ᠤᠨᠤᠯ ᠤᠨ ᠮᠡᠳᠡᠯᠭᠡ᠂ ᠬᠤᠷᠳᠤᠨ ᠮᠤᠷᠢᠨ ᠤ ᠲᠠᠰᠬᠠᠯᠵᠢᠯ ᠤᠨ ᠠᠷᠭ᠎ᠠ᠂ ᠲᠠᠭᠠᠭᠠᠴᠠᠳᠤ ᠮᠤᠷᠢᠨ ᠤ ᠲᠠᠰᠬᠠᠯᠵᠢᠯ ᠤᠨ ᠠᠷᠭ᠎ᠠ᠂ ᠰᠠᠭᠠᠳ ᠲᠤᠭᠤᠷᠢᠨ ᠤᠷᠤᠯᠳᠤᠬᠤ ᠲᠠᠰᠬᠠᠯᠵᠢᠯ ᠤᠨ ᠠᠷᠭ᠎ᠠ᠂ ᠮᠤᠷᠢᠨ ᠮᠡᠷᠭᠡᠵᠢᠯ ᠤᠨ ᠲᠡᠩᠬᠡᠭᠡ ᠪᠤᠯᠪᠠᠰᠤᠷᠠᠭᠤᠯᠬᠤ ᠠᠷᠭ᠎ᠠ᠂ ᠮᠤᠷᠢᠨ ᠲᠡᠭᠡᠷᠡᠬᠢ ᠤᠷ᠎ᠠ ᠮᠡᠷᠭᠡᠵᠢᠯ ᠤᠨ ᠲᠠᠰᠬᠠᠯᠵᠢᠯ ᠤᠨ ᠠᠷᠭ᠎ᠠ᠂ ᠮᠤᠷᠢ ᠠᠷᠠᠴᠢᠯᠠᠨ ᠲᠤᠳᠤᠮᠳᠠᠬᠤ ᠦᠨᠳᠦᠰᠦᠨ ᠮᠡᠳᠡᠯᠭᠡ᠂ ᠮᠠᠯ ᠡᠮᠨᠡᠯᠭᠡ ᠶᠢᠨ ᠮᠡᠳᠡᠯᠭᠡ ᠵᠡᠷᠭᠡ ᠭᠤᠤᠯ ᠬᠢᠴᠢᠶᠡᠯ ᠤᠨ ᠬᠦᠮᠦᠵᠢᠯ ᠢ ᠰᠢᠰᠲ᠋ᠧᠮ ᠲᠠᠢ ᠰᠠᠶᠢᠬᠠᠨ ᠠᠳᠬᠤᠵᠠᠢ᠃      ᠮᠠᠨ ᠤ ᠠᠶᠢᠮᠠᠭ ᠤᠷᠤᠯᠳᠤᠭᠠᠨ ᠤ ᠠᠵᠢᠯᠯᠠᠭ᠎ᠠ ᠪᠠᠷ ᠠᠳᠤᠭᠤᠨ ᠤ ᠠᠵᠤ ᠦᠢᠯᠡᠰᠵᠢᠯᠳᠠ ᠶᠢᠨ ᠲᠡᠭᠡᠳᠦ ᠬᠥᠭᠵᠢᠯᠳᠡ ᠶᠢ ᠠᠬᠢᠭᠤᠯᠬᠤ᠋ ᠨᠢᠭᠡᠨ ᠴᠢᠬᠤᠯᠠ ᠠᠷᠭ᠎ᠠ ᠵᠠᠮ ᠪᠤᠯᠭᠠᠭᠰᠠᠨ ᠪᠠᠶᠢᠪᠠ᠃ ᠡᠭᠦᠨ ᠳᠤ ᠰᠢᠯᠢ ᠶᠢᠨ ᠬᠤᠳᠠ᠂ ᠲᠤᠮᠳᠠᠳᠤ ᠤᠯᠤᠰ ᠤᠨ ᠮᠤᠷᠢᠨ ᠮᠡᠷᠭᠡᠵᠢᠯ ᠤᠨ ᠲᠤᠮᠤ ᠤᠷᠤᠯᠳᠤᠭᠠᠨ ᠢ 10 ᠬᠤᠭᠤᠴᠠᠭ᠎ᠠ᠂ ᠲᠤᠮᠳᠠᠳᠤ ᠤᠯᠤᠰ ᠤᠨ ᠠᠳᠤᠭᠤᠳᠤ ᠨᠤᠳᠤᠭ ᠤᠨ ᠲᠤᠮᠤ ᠮᠤᠷᠢᠨ ᠤ ᠤᠷᠤᠯᠳᠤᠭᠠᠨ ᠢ 8 ᠬᠤᠭᠤᠴᠠᠭ᠎ᠠ ᠡᠷᠬᠢᠯᠡᠨ ᠶᠠᠪᠤᠭᠳᠠᠭᠤᠯᠵᠤ᠂ ᠨᠢᠭᠡ ᠬᠤᠭᠤᠴᠠᠭᠠᠨ ᠤ ︽ᠲᠤᠮᠳᠠᠳᠤ ᠤᠯᠤᠰ ᠤᠨ ᠠᠳᠤᠭᠤᠨ ᠤ ᠨᠡᠶᠢᠭᠡᠮᠯᠢᠭ ᠬᠤᠨᠳᠠᠭᠠᠳᠤ︾ ᠲᠤᠮᠳᠠᠳᠤ ᠶᠢᠨ ᠦᠨᠳᠦᠰᠦᠳᠡᠨ ᠤ ᠲᠤᠮᠤ ᠮᠤᠷᠢᠨ ᠤᠷᠤᠯᠳᠤᠭᠠᠨ ᠢ ᠠᠮᠵᠢᠯᠳᠠ ᠲᠠᠢ ᠡᠷᠬᠢᠯᠡᠨ ᠶᠠᠪᠤᠭᠳᠠᠭᠤᠯᠬᠤ ᠪᠠᠷ ᠲᠠᠮᠵᠢᠨ᠂ ᠵᠢᠯ ᠪᠦᠷᠢ ᠪᠥᠬᠦ ᠤᠯᠤᠰ ᠤᠨ ᠡᠯ᠎ᠡ ᠭᠠᠵᠠᠷ ᠠᠴᠠ ᠵᠠᠭᠤ ᠭᠠᠷᠤᠢ ᠮᠤᠷᠢᠨ ᠮᠡᠷᠭᠡᠵᠢᠯ ᠤᠨ ᠺᠯᠥᠪ ᠪᠠ ᠮᠢᠩᠭ᠎ᠠ ᠰᠢᠬᠠᠮ ᠲᠤᠭᠤᠶᠢᠯᠠᠩ ᠮᠤᠷᠢᠨ ᠮᠡᠷᠭᠡᠵᠢᠯ ᠤᠨ ᠤᠨᠤᠭᠠᠴᠢᠳ ᠢ ᠲᠠᠳᠠᠨ ᠤᠷᠤᠯᠴᠠᠭᠤᠯᠵᠤ᠂ ᠮᠤᠷᠢᠨ ᠤᠷᠤᠯᠳᠤᠭᠠᠨ ᠤ ᠨᠡᠷᠡᠳᠦ ᠲᠡᠮᠳᠡᠭ ᠢᠶᠠᠨ ᠢᠳᠡᠭ ᠢᠳᠡᠭ ᠢᠶᠠᠷ ᠪᠥᠬᠦ ᠤᠯᠤᠰ ᠲᠤ ᠠᠯᠳᠠᠷᠰᠢᠭᠤᠯᠵᠤ᠂ ᠡᠭᠦᠨ ᠤ ᠲᠠᠭᠠᠤ ᠳᠤ ᠮᠤᠷᠢᠳᠤ ᠠᠶᠠᠯᠠᠯ ᠤᠨ 10 ᠵᠤᠭᠠᠴᠠᠯ ᠤᠨ ᠵᠠᠮ ᠱᠤᠭᠤᠮ ᠢ ᠨᠡᠭᠡᠭᠡᠨ᠂ ᠵᠢᠯ ᠪᠦᠷᠢ 5 ᠲᠥᠮᠡ ᠭᠠᠷᠤᠢ ᠬᠦᠮᠦᠨ ᠤᠳᠠᠭ᠎ᠠ ᠶᠢᠨ ᠵᠤᠭᠠᠴᠠᠭᠰᠠᠳ ᠢ ᠬᠦᠯᠢᠶᠡᠨ ᠠᠪᠴᠤ᠂ ᠵᠤᠭᠠᠴᠠᠯ ᠤᠨ ᠦᠢᠯᠡᠰ ᠤᠨ ᠲᠡᠭᠡᠳᠦ ᠲᠡᠰ ᠤᠨ ᠬᠡᠷᠡᠭᠯᠡᠭᠡ ᠶᠢ ᠠᠬᠢᠭᠤᠯᠵᠠᠢ᠃      2023 ᠤᠨ ᠳᠤ ᠰᠢᠯᠢ ᠶᠢᠨ ᠬᠤᠳᠠ ᠪᠠᠰᠠ ᠮᠤᠷᠢᠨ ᠮᠡᠷᠭᠡᠵᠢᠯ ᠰᠤᠳᠤᠯᠤᠨ ᠰᠤᠷᠬᠤ 6 ᠺᠯᠥᠪ ᠤᠨ ᠴᠢᠳᠠᠪᠬᠢ ᠶᠢ ᠲᠡᠭᠡᠭᠰᠢᠯᠡᠭᠦᠯᠵᠦ᠂ 3000 ᠭᠠᠷᠤᠢ ᠵᠠᠯᠠᠭᠤ ᠪᠠᠭᠠᠴᠤᠳ ᠲᠤ ᠮᠤᠷᠢᠨ ᠮᠡᠷᠭᠡᠵᠢᠯ ᠤᠨ ᠤᠷᠤᠯᠳᠤᠭᠠᠨ ᠤ ᠪᠤᠯᠪᠠᠰᠤᠷᠠᠯ ᠭᠦᠷᠳᠡᠭᠡᠵᠡᠢ᠃      ᠰᠤᠷᠭᠠᠭᠤᠯᠢ ᠠᠵᠤ ᠠᠬᠤᠶᠢᠯᠠᠯ ᠬᠤᠷᠰᠢᠭᠰᠠᠨ ᠮᠤᠷᠢᠨ ᠮᠡᠷᠭᠡᠵᠢᠯ ᠤᠨ ᠲᠠᠮᠢᠷ ᠤᠨ ᠦᠢᠯᠡᠰ ᠤᠨ ᠪᠤᠵᠠᠭᠠᠶᠢᠷᠠᠯ ᠨᠢ ᠮᠠᠨ ᠤ ᠠᠶᠢᠮᠠᠭ ᠤᠨ ᠠᠳᠤᠭᠤᠨ ᠤ ᠠᠵᠤ ᠦᠢᠯᠡᠰᠵᠢᠯᠳᠡ ᠳᠤ ᠰᠢᠨ᠎ᠡ ᠠᠮᠢᠵᠢᠷᠠᠯ ᠤᠨ ᠬᠦᠴᠦᠨ ᠢ ᠨᠡᠮᠡᠷᠢᠯᠡᠨ᠂ ᠬᠡᠷᠡᠭᠯᠡᠭᠡ ᠶᠢᠨ ᠲᠡᠰ ᠢ ᠲᠡᠭᠡᠭᠰᠢ ᠲᠠᠳᠠᠨ᠂ ᠮᠤᠩᠭᠤᠯ ᠮᠤᠷᠢᠳ ᠢ ᠲᠡᠯᠡᠬᠡᠢ ᠶᠢᠨ ᠬᠠᠷᠠᠭᠠᠨ ᠳᠤ ᠤᠷᠤᠭᠤᠯᠬᠤ ᠲᠥᠪᠰᠢᠨ ᠳᠤ ᠬᠦᠷᠭᠡᠯ᠎ᠡ ᠭᠡᠵᠦ ᠪᠤᠯᠬᠤ ᠶᠤᠮ᠃ ᠡᠭᠦᠨ ᠤ ᠨᠢᠭᠡᠨ ᠬᠦᠴᠦᠨ ᠲᠠᠢ ᠵᠢᠱᠢᠶ᠎ᠡ ᠭᠡᠪᠡᠯ ︽ᠮᠤᠩᠭᠤᠯ ᠮᠤᠷᠢ︾ ᠬᠡᠮᠡᠬᠦ ᠪᠤᠳᠠᠳᠤ ᠦᠵᠡᠭᠳᠡᠯᠳᠦ ᠲᠤᠮᠤ ᠬᠡᠯᠪᠡᠷᠢ ᠶᠢᠨ ᠵᠦᠴᠦᠭᠡ ᠪᠤᠯᠤᠨ᠎ᠠ᠃ ᠡᠨᠡᠬᠦ ᠵᠦᠴᠦᠭᠡ ᠶᠢ ᠰᠢᠯᠢ ᠶᠢᠨ ᠭᠤᠤᠯ ᠠᠵᠢᠯ ᠮᠡᠷᠭᠡᠵᠢᠯ ᠤᠨ ᠲᠡᠭᠡᠳᠦ ᠰᠤᠷᠭᠠᠭᠤᠯᠢ 2017 ᠤᠨ ᠠᠴᠠ ᠡᠬᠢᠯᠡᠨ ᠵᠢᠷᠤᠭᠯᠠᠨ ᠪᠥᠳᠦᠭᠡᠭᠡᠳ 2019 ᠤᠨ ᠳᠤ ᠠᠬᠢᠨᠳᠠ ᠲᠡᠭᠦᠯᠳᠡᠷᠵᠢᠭᠦᠯᠦᠨ ᠪᠥᠳᠦᠭᠡᠭᠡᠳ 350 ᠲᠤᠭᠯᠠᠭᠴᠢ᠂ 150 ᠮᠤᠩᠭᠤᠯ ᠮᠤᠷᠢ ᠤᠷᠤᠯᠴᠠᠭᠤᠯᠤᠭᠰᠠᠨ ᠡᠨᠡᠬᠦ ᠪᠤᠳᠠᠳᠤ ᠦᠵᠡᠭᠳᠡᠯᠳᠦ ᠠᠪᠤᠷᠭᠤ ᠪᠥᠳᠦᠭᠡᠯ ᠢᠶᠠᠨ ᠰᠢᠯᠢ ᠶᠢᠨ ᠬᠤᠳᠠ ᠶᠢᠨ ᠠᠳᠤᠭᠤᠨ ᠰᠤᠶᠤᠯ ᠤᠨ ᠲᠤᠭᠯᠠᠯᠳᠠ ᠶᠢᠨ ᠶᠡᠭᠡ ᠲᠢᠩᠬᠢᠮ ᠳᠤ ᠦᠵᠡᠭᠴᠢ ᠲᠥᠮᠡᠨ ᠤ ᠬᠠᠷᠠᠭᠠᠨ ᠳᠤ ᠲᠡᠪᠰᠢᠭᠦᠯᠬᠦ ᠳᠤ ᠪᠥᠬᠦ ᠤᠯᠤᠰ ᠤᠨ ᠡᠯ᠎ᠡ ᠭᠠᠵᠠᠷ ᠤᠨ ᠦᠵᠡᠭᠴᠢᠳ ᠢ ᠶᠡᠬᠡᠪᠡᠷ ᠲᠠᠳᠠᠨ ᠲᠡᠷᠡᠬᠦ ᠶᠡᠭᠡ ᠲᠠᠩᠬᠢᠮ ᠤᠨ ᠰᠠᠭᠤᠳᠠᠯ ᠬᠤᠭᠤᠰᠤᠨ ᠦᠯᠡᠳᠡᠭᠰᠡᠨ ᠦᠭᠡᠢ ᠪᠠᠶᠢᠪᠠ᠃ ︽ᠮᠤᠩᠭᠤᠯ ᠮᠤᠷᠢ︾ ᠭᠡᠮᠡᠬᠦ ᠡᠨᠡᠬᠦ ᠰᠤᠶᠤᠯ ᠤᠨ ᠨᠡᠷᠡᠳᠦ ᠲᠡᠮᠳᠡᠭ ᠪᠤᠢ ᠪᠤᠯᠤᠭᠰᠠᠨ ᠠᠴᠠ᠂ ᠤᠯᠤᠰ ᠤᠨ ᠭᠠᠳᠠᠭᠠᠳᠤ ᠲᠤᠳᠤᠭᠠᠳᠤ ᠶᠢᠨ ᠵᠤᠭᠠᠴᠠᠭᠰᠠᠳ ᠢ ᠶᠡᠬᠡᠪᠡᠷ ᠲᠠᠳᠠᠨ᠂ ᠲᠤᠬᠠᠢ ᠶᠢᠨ ᠵᠢᠯ ᠤᠨ ᠦᠵᠡᠭᠴᠢᠳ ᠤᠨ ᠲᠤᠭ᠎ᠠ 10 ᠲᠥᠮᠡ ᠶᠢ ᠲᠠᠪᠠᠵᠠᠢ᠃ ᠪᠠᠰᠠ ᠨᠢᠭᠡᠨ ᠵᠢᠱᠢᠶ᠎ᠠ ᠲᠠᠳᠠᠬᠤ ᠳᠤ᠂ ︽ᠭᠠᠷᠤᠳᠢ ᠭᠠᠯᠪᠢᠩᠭ᠎ᠠ ᠠᠳᠤᠭᠤᠨ ᠲᠠᠯᠠᠪᠠᠢ︾ ᠶᠢᠨ ᠮᠤᠷᠢᠨ ᠮᠡᠷᠭᠡᠵᠢᠯ ᠤᠨ ᠠᠩᠭᠢ ᠶᠠᠷᠢᠭᠳᠠᠬᠤ ᠶᠤᠰᠤᠳᠠᠢ᠃ ᠡᠨᠡᠬᠦ ᠠᠳᠤᠭᠤᠨ ᠲᠠᠯᠠᠪᠠᠢ ᠶᠢ ᠫᠧᠩ ᠭᠤᠸᠠᠩ ᠭᠡᠭᠴᠢ ᠬᠦᠮᠦᠨ 2014 ᠤᠨ ᠳᠤ ᠨᠠᠶᠢᠵᠠ ᠶᠢᠨ ᠢᠶᠠᠨ ᠲᠡᠮᠵᠢᠯᠭᠡ ᠲᠤᠤᠷ᠎ᠠ ᠵᠢᠭᠡᠯᠡᠯᠭᠡ ᠠᠪᠴᠤ ᠪᠠᠶᠢᠭᠠᠳ ᠪᠠᠶᠢᠭᠤᠯᠵᠠᠢ᠃ ᠮᠤᠩᠭᠤᠯ ᠠᠳᠤᠭᠤᠨ ᠤ ᠴᠡᠪᠡᠷ ᠴᠢᠰᠤᠨ ᠤᠳᠤᠮ ᠤᠨ ᠠᠵᠢᠷᠭ᠎ᠠ 200 ᠶᠢ ᠰᠤᠩᠭᠤᠨ ᠪᠤᠶᠢᠵᠢᠭᠤᠯᠵᠤ᠂ ᠲᠡᠭᠦᠨ ᠤ ᠪᠠᠨ ᠲᠤᠳᠤᠷ᠎ᠠ 13 ᠵᠢᠰᠦᠮ ᠠᠩᠬᠢᠯᠠᠨ ᠂ ᠵᠢᠰᠦᠮ ᠪᠦᠷᠢ ᠳᠤ 8 ᠠᠭᠳᠠ ᠬᠤᠪᠢᠶᠠᠨ ᠪᠤᠶᠢᠵᠢᠭᠤᠯᠤᠭᠰᠠᠨ ᠪᠠᠶᠢᠪᠠ᠃ ᠡᠭᠦᠨ ᠳᠡᠭᠡᠨ᠂ ᠲᠤᠬᠠᠢ ᠶᠢᠨ ᠭᠠᠵᠠᠷ ᠤᠨ ᠮᠠᠯᠴᠢᠨ ᠵᠠᠯᠠᠭᠤᠴᠤᠳ ᠢ ᠠᠳᠤᠭᠤᠨ ᠲᠠᠯᠠᠪᠠᠢ ᠳᠠᠭᠠᠨ ᠠᠵᠢᠯᠯᠠᠭᠤᠯᠬᠤ ᠶᠢᠨ ᠲᠠᠭᠠᠤ ᠲᠡᠳᠡᠨ ᠳᠤ ᠰᠤᠷᠭᠠᠭᠤᠯᠢ ᠶᠢᠨ ᠵᠠᠮ ᠮᠥᠷ ᠢᠶᠠᠷ ᠲᠠᠮᠵᠢᠭᠤᠯᠤᠨ ᠮᠤᠷᠢᠨ ᠮᠡᠷᠭᠡᠵᠢᠯ ᠤᠨ ᠮᠡᠳᠡᠯᠭᠡ᠂ ᠤᠷ᠎ᠠ ᠮᠡᠷᠭᠡᠰᠢᠯ ᠭᠦᠷᠳᠡᠭᠡᠭᠰᠡᠨ ᠪᠠᠶᠢᠪᠠ᠃ 2023 ᠤᠨ ᠳᠤ ᠶᠠᠪᠤᠭᠳᠠᠭᠰᠠᠨ ᠲᠥᠪ ᠤᠨ ᠠᠷᠠᠳ ᠤᠨ ᠷᠠᠳᠢᠤ᠋ ᠨᠡᠪᠳᠡᠷᠡᠭᠦᠯᠭᠡ ᠲᠧᠯᠸᠢᠰ ᠤᠨ ᠶᠡᠷᠦᠩᠬᠡᠢ ᠬᠤᠷᠢᠶᠠᠨ ᠤ ᠲᠦᠪ ᠲᠧᠯᠸᠢᠰ ᠤᠨ ᠰᠦᠯᠵᠢᠶ᠎ᠡ᠂ ᠴᠧᠩᠳᠦ᠋ ᠬᠤᠳᠠ ᠶᠢᠨ ᠪᠡᠶ᠎ᠡ ᠶᠢᠨ ᠲᠠᠮᠢᠷ ᠤᠨ ᠲᠤᠪᠴᠢᠶ᠎ᠠ ᠠᠴᠠ ᠬᠠᠮᠳᠤᠷᠠᠨ ᠶᠠᠪᠤᠭᠳᠠᠭᠤᠯᠤᠭᠰᠠᠨ ᠬᠤᠶᠠᠳᠤᠭᠠᠷ ᠤᠳᠠᠭᠠᠨ ᠤ ᠲᠤᠮᠳᠠᠳᠤ ᠤᠯᠤᠰ ︵ᠴᠧᠩᠳᠦ᠋︶ ᠠᠮᠢᠳᠤᠷᠠᠯ ᠤᠨ ᠪᠡᠶ᠎ᠡ ᠲᠠᠮᠢᠷ ᠤᠨ ᠴᠤᠭᠯᠠᠭᠠᠨ ᠳᠤ ︽ᠭᠠᠷᠤᠳᠢ ᠭᠠᠯᠪᠢᠩᠭ᠎ᠠ ᠠᠳᠤᠭᠤᠨ ᠲᠠᠯᠠᠪᠠᠢ︾ ᠶᠢᠨ ᠮᠤᠷᠢᠨ ᠮᠡᠷᠭᠡᠵᠢᠯ ᠤᠨ ᠠᠩᠭᠢ ᠤᠷᠤᠯᠴᠭ᠍ᠰᠠᠨ ᠪᠠᠶᠢᠪᠠ᠃ ᠴᠤᠭᠯᠠᠭᠠᠨ ᠤ ᠠᠵᠢᠯᠯᠠᠭ᠎ᠠ ᠶᠢᠨ ᠰᠢᠯᠭᠠᠷᠠᠭᠤᠯᠤᠯᠳᠠ ᠬᠠᠭᠠᠰ ᠵᠢᠯ ᠰᠢᠬᠠᠮ ᠤᠨ ᠴᠠᠭ ᠬᠡᠷᠡᠭᠰᠡᠨ᠂ ᠪᠥᠬᠦ ᠤᠯᠤᠰ ᠤᠨ ᠡᠯ᠎ᠡ ᠭᠠᠵᠠᠷ ᠤᠨ 2300 ᠨᠡᠷ᠎ᠡ ᠦᠯᠢᠭᠡᠷ ᠲᠠᠭᠤᠷᠢᠶᠠᠯ ᠬᠦᠮᠦᠨ ᠲᠤᠷᠠᠳᠤᠭᠳᠠᠵᠤ᠂ ᠡᠴᠦᠰ ᠲᠤ ᠨᠢ ︽ᠭᠠᠷᠤᠳᠢ ᠭᠠᠯᠪᠢᠩᠭ᠎ᠠ ᠠᠳᠤᠭᠤᠨ ᠲᠠᠯᠠᠪᠠᠢ︾ ᠶᠢᠨ ᠮᠤᠷᠢᠨ ᠮᠡᠷᠭᠡᠵᠢᠯ ᠤᠨ ᠠᠩᠭᠢ ᠪᠥᠯᠬᠦᠮ ᠨᠢᠭᠡᠴᠢ ᠶᠢᠨ ᠲᠠᠭᠤᠷᠢᠶᠠᠯ ᠢᠶᠠᠷ ᠲᠤᠳᠤᠷᠠᠭᠰᠠᠨ ᠪᠠᠶᠢᠨ᠎ᠠ᠃ ᠰᠢᠯᠢ ᠶᠢᠨ ᠭᠤᠤᠯ ᠤᠨ ᠲᠠᠯ᠎ᠠ ᠨᠤᠳᠤᠭ ᠲᠤ ᠤᠷᠤᠰᠢᠨ ᠠᠮᠢᠳᠤᠷᠠᠭᠰᠠᠨ ᠡᠭᠡᠯ ᠵᠢᠷ ᠤᠨ ᠨᠢᠭᠡᠨ ᠡᠷ᠎ᠡ ᠬᠦᠮᠦᠨ ᠢᠩᠭᠢᠵᠦ ᠰᠢᠨ᠎ᠡ ᠶᠢ ᠡᠭᠦᠳᠬᠦ ᠥᠪᠡᠷᠮᠢᠴᠡ ᠤᠬᠠᠮᠰᠠᠷ ᠢᠶᠠᠷ ᠡᠯᠪᠡᠭ ᠪᠠᠶᠠᠯᠢᠭ ᠠᠭᠤᠯᠭ᠎ᠠ ᠪᠥᠬᠦᠢ ᠰᠤᠶᠤᠯ ᠲᠠᠮᠢᠷ ᠤᠨ ᠤᠷᠤᠯᠳᠤᠭᠠᠨ ᠢᠶᠠᠷ ᠲᠠᠮᠵᠢᠭᠤᠯᠤᠨ ᠮᠤᠩᠭᠤᠯ ᠮᠤᠷᠢ ᠪᠠᠷ ᠭᠤᠤᠯ ᠪᠤᠯᠭᠠᠭᠰᠠᠨ ᠮᠤᠷᠢᠨ ᠮᠡᠷᠭᠡᠵᠢᠯ ᠤᠨ ᠺᠯᠥᠪ ᠪᠠᠶᠢᠭᠤᠯᠤᠨ᠂ ᠮᠤᠷᠢᠨ ᠮᠡᠷᠭᠡᠵᠢᠯ ᠤᠨ ᠬᠥᠳᠡᠯᠭᠡᠭᠡᠨ ᠢ ᠲᠥᠭᠡᠮᠡᠯᠵᠢᠭᠦᠯᠬᠦ᠂ ᠮᠤᠩᠭᠤᠯ ᠠᠳᠤᠭᠤᠨ ᠰᠤᠶᠤᠯ ᠢ ᠬᠥᠭᠵᠢᠭᠦᠯᠦᠨ ᠪᠠᠳᠠᠷᠠᠭᠤᠯᠬᠤ ᠳᠤ ᠥᠪᠡᠷ ᠤᠨ ᠭᠡᠰᠡᠨ ᠥᠨᠳᠦᠷ ᠬᠤᠪᠢ ᠨᠡᠮᠡᠷᠢ ᠦᠵᠡᠭᠦᠯᠦᠨ᠎ᠡ ᠭᠡᠭᠴᠢ ᠦᠨᠡᠨ ᠬᠢᠯᠪᠠᠷ ᠪᠤᠰᠤ ᠶᠠᠪᠤᠳᠠᠯ ᠶᠤᠮ᠃ ᠮᠠᠨ ᠤ ᠠᠶᠢᠮᠠᠭ ᠤᠨ ᠮᠤᠷᠢᠨ ᠮᠡᠷᠭᠡᠵᠢᠯ ᠤᠨ ᠠᠵᠤ ᠦᠢᠯᠡᠰ ᠶᠠᠭ ᠡᠨᠡ ᠮᠡᠳᠦ ᠪᠠᠷ ᠰᠤᠷᠭᠠᠭᠤᠯᠢ᠂ ᠠᠵᠤ ᠠᠬᠤᠶᠢᠯᠠᠯ᠂ ᠺᠯᠥᠪ ᠤᠶᠠᠯᠳᠤᠭᠰᠠᠨ ᠵᠠᠮ ᠢᠶᠠᠷ ᠥᠳᠳᠡᠷ ᠲᠦᠷᠭᠡᠨ ᠬᠥᠭᠵᠢᠵᠦ ᠪᠠᠶᠢᠭ᠎ᠠ ᠶᠤᠮ᠃      ᠮᠠᠨ ᠤ ᠠᠶᠢᠮᠠᠭ ᠤᠨ ᠮᠤᠷᠢᠨ ᠮᠡᠷᠭᠡᠵᠢᠯ ᠤᠨ ᠠᠵᠤ ᠦᠢᠯᠡᠰᠵᠢᠯᠳᠡ ᠶᠢᠨ ᠨᠥᠭᠡᠴᠡ ᠬᠦᠴᠦᠨ ᠶᠡᠭᠡ᠃ ᠵᠥᠪᠬᠡᠨ ᠠᠳᠤᠭᠤᠨ ᠤ ᠵᠢᠰᠦᠮ ᠢᠶᠠᠷ ᠶᠠᠷᠢᠭᠰᠠᠨ ᠴᠤ᠂ ᠦᠵᠦᠮᠦᠴᠢᠨ ᠴᠠᠭᠠᠨ ᠠᠳᠤᠭᠤ᠂ ᠦᠵᠦᠮᠦᠴᠢᠨ ᠰᠢᠷᠭ᠎ᠠ ᠠᠳᠤᠭᠤ᠂ ᠠᠪᠠᠭ᠎ᠠ ᠬᠠᠷ᠎ᠠ ᠠᠳᠤᠭᠤ᠂ ᠵᠠᠭᠠᠯ ᠲᠠᠢ ᠠᠳᠤᠭᠤ ᠭᠡᠬᠦᠴᠢᠯᠡᠨ ᠪᠤᠰᠤᠳ ᠲᠤ ᠦᠭᠡᠢ ᠲᠠᠪᠠᠭᠤᠯᠢᠭ ᠲᠠᠢ᠃ ᠡᠶᠢᠮᠦ ᠳᠤ᠂ ᠮᠤᠷᠢ ᠶᠢ ᠵᠢᠰᠦᠮ ᠵᠢᠰᠦᠮ ᠢᠶᠠᠷ ᠨᠢ ᠮᠤᠷᠢᠨ ᠮᠡᠷᠭᠡᠵᠢᠯ ᠳᠤ ᠲᠠᠰᠬᠠᠭᠠᠳ ᠢᠷᠡᠬᠦ ᠪᠠᠷ ᠶᠤᠰᠤᠳᠠᠢ ᠲᠡᠯᠡᠬᠡᠢ ᠳᠤ ᠦᠭᠡᠢ ᠥᠪᠡᠷᠮᠢᠴᠡ ᠦᠢᠯᠡᠰ ᠢᠯᠡᠷᠡᠨ᠎ᠡ᠃ ᠮᠥᠨ᠂ ᠤᠯᠠᠮᠵᠢᠯᠠᠯᠳᠤ ᠠᠳᠤᠭᠤᠨ ᠰᠤᠶᠤᠯ ᠢᠶᠠᠨ ᠮᠤᠷᠢᠨ ᠮᠡᠷᠭᠡᠵᠢᠯ ᠲᠠᠢ ᠤᠶᠠᠯᠳᠤᠭᠤᠯᠤᠨ ᠬᠥᠭᠵᠢᠭᠦᠯᠬᠦ ᠬᠠᠷᠠᠭᠠᠰᠤ ᠠᠴᠠ ᠢᠯᠡᠭᠦᠦ ᠠᠭᠤᠳᠠᠯᠯᠠᠨ᠂ ᠮᠤᠷᠢᠨ ᠨᠢᠷᠤᠭᠤᠨ ᠲᠡᠭᠡᠷ᠎ᠡ ᠶᠠᠪᠤᠭᠳᠠᠳᠠᠭ ᠤᠯᠠᠮᠵᠢᠯᠠᠯᠳᠤ ᠬᠥᠳᠡᠯᠭᠡᠭᠡᠨ ᠢ ᠨᠠᠷᠢᠯᠢᠭᠵᠢᠭᠤᠯᠤᠨ ᠮᠤᠷᠢᠨ ᠮᠡᠷᠭᠡᠵᠢᠯ ᠲᠠᠢ ᠤᠶᠠᠯᠳᠤᠭᠤᠯᠬᠤ᠂ ᠵᠢᠱᠢᠶᠡᠯᠡᠪᠡᠯ᠄ ᠤᠷᠭ᠎ᠠ ᠶᠢᠨ ᠰᠤᠶᠤᠯ ᠢ ᠲᠦᠷᠦᠯ ᠬᠤᠪᠢᠶᠠᠨ᠂ ᠡᠯ᠎ᠡ ᠠᠶᠢᠮᠠᠭ ᠪᠥᠯᠥᠭ ᠤᠨ ᠬᠡᠷᠡᠭᠯᠡᠳᠡᠭ ᠤᠷᠭ᠎ᠠ ᠶᠢᠨ ᠤᠨᠴᠠᠯᠢᠭ ᠢ ᠬᠠᠷᠠᠭᠤᠯᠤᠭᠰᠠᠨ ᠠᠳᠤᠭᠤ ᠤᠷᠭᠠᠯᠠᠬᠤ ᠠᠵᠢᠯᠯᠠᠭ᠎ᠠ ᠶᠢ ᠨᠠᠷᠢᠨ ᠢᠯᠭᠠᠭ᠎ᠠ ᠲᠠᠢ ᠪᠠᠷ ᠮᠤᠷᠢᠨ ᠮᠡᠷᠭᠡᠵᠢᠯ ᠤᠨ ᠠᠭᠤᠯᠭ᠎ᠠ ᠳᠤ ᠤᠷᠤᠭᠤᠯᠤᠨ ᠦᠵᠡᠭᠦᠯᠬᠦ ᠭᠡᠬᠦ ᠮᠡᠳᠦ ᠶᠢᠨ ᠨᠠᠷᠢᠨ ᠵᠦᠢᠯ ᠢ ᠠᠭᠤᠳᠠᠯᠯᠠᠨ ᠬᠥᠭᠵᠢᠭᠦᠯᠬᠦ ᠳᠤ ᠵᠠᠮ ᠥᠷᠭᠡᠨ ᠪᠠᠶᠢᠨ᠎ᠠ ᠭᠡᠳᠡᠭ ᠢ ᠬᠠᠷᠠᠯᠳᠠᠢ ᠶᠤᠮ᠃ ᠤᠳᠤ ᠨᠢᠭᠡ ᠬᠡᠯᠡᠬᠦ ᠳᠤ᠂ 25 ᠲᠥᠮᠡᠨ ᠮᠤᠩᠭᠤᠯ ᠠᠳᠤᠭᠤ ᠲᠠᠢ ᠮᠠᠨ ᠤ ᠠᠶᠢᠮᠠᠭ ᠤᠨ ᠮᠤᠷᠢᠨ ᠮᠡᠷᠭᠡᠵᠢᠯ ᠤᠨ ᠠᠵᠤ ᠦᠢᠯᠡᠰ ᠡᠬᠢ ᠪᠠᠶᠠᠯᠢᠭ ᠲᠤᠳᠠᠨ᠎ᠠ ᠭᠡᠰᠡᠨ ᠶᠠᠪᠤᠳᠠᠯ ᠶᠠᠷᠢᠭᠳᠠᠬᠤ ᠦᠭᠡᠢ ᠨᠢ ᠨᠡᠩ ᠶᠡᠭᠡ ᠨᠥᠭᠡᠴᠡ ᠪᠤᠯᠬᠤ ᠶᠤᠮ᠃ ᠶᠡᠷᠦᠩᠬᠡᠢ ᠳᠤ ᠨᠢ ᠬᠡᠯᠡᠪᠡᠯ᠂ ︽ᠰᠢᠨ᠎ᠡ ᠶᠠᠭᠤᠮ᠎ᠠ ᠵᠤᠯᠠ ᠪᠤᠯᠵᠤ᠂ ᠬᠠᠭᠤᠴᠢᠨ ᠶᠠᠭᠤᠮ᠎ᠠ ᠤᠯᠠ ᠪᠤᠯᠳᠠᠭ︾ ᠭᠡᠰᠡᠨ ᠵᠢᠮ᠎ᠡ ᠶᠢ ᠰᠠᠶᠢᠨ ᠠᠳᠬᠤᠪᠠᠯ᠂ ᠮᠠᠨ ᠤ ᠠᠶᠢᠮᠠᠭ ᠤᠨ ᠮᠤᠷᠢᠨ ᠮᠡᠷᠭᠡᠵᠢᠯ ᠤᠨ ᠠᠵᠤ ᠦᠢᠯᠡᠰᠵᠢᠯᠳᠡ ᠶᠢᠨ ᠵᠠᠮ ᠨᠡᠩ ᠰᠠᠷᠠᠭᠤᠯ ᠲᠠᠷᠳᠠᠩ ᠪᠤᠯᠬᠤ ᠨᠢ ᠮᠡᠳᠡᠭᠡᠵᠢ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号