ᠪᠠᠶᠠᠨᠪᠤᠯᠠᠭ ᠰᠤᠮᠤᠨ ᠠᠴᠠ ︿︿ᠠᠵᠢᠯᠲᠠᠨ ᠠᠵᠢᠯᠴᠢᠨ ᠤ ᠵᠢᠵᠢᠭ  ᠨᠤᠭᠤᠭ᠎ᠠ ᠶᠢᠨ ᠬᠦᠷᠢᠶᠡᠯᠡᠩ  ᠢ ᠪᠠᠶᠢᠭᠤᠯᠵᠤ ᠬᠠᠯᠠᠭᠤᠨ ᠳᠤᠯᠠᠭᠠᠨ ᠭᠡᠷ ᠤᠷᠤᠨ ᠢᠶᠠᠨ ᠪᠦᠲᠦᠭᠡᠬᠦ﹀﹀ ᠭᠤᠤᠯ ᠰᠡᠳᠦᠪᠲᠦ ᠨᠠᠮ ᠤᠨ ᠡᠳᠦᠷ ᠤᠨ ᠬᠦᠳᠡᠯᠭᠡᠭᠡᠨ ᠦᠷᠨᠢᠭᠦᠯᠪᠡ
ᠨᠡᠶᠢᠲᠡᠯᠡᠭᠰᠡᠨ ᠴᠠᠭ᠄
2024/6/19
     ᠤᠯᠠᠮ ᠨᠢᠭᠡ ᠠᠯᠬᠤᠮ ᠺᠠᠳ᠋ᠷ ᠠᠵᠢᠯᠲᠠᠨ ᠤ ᠪᠦᠯᠬᠦᠮᠳᠡᠨ ᠬᠠᠮᠵᠢᠯᠴᠠᠬᠤ ᠵᠤᠷᠢᠭ ᠰᠠᠨᠠᠭ᠎ᠠ ᠶᠢ ᠴᠢᠩᠭᠠᠳᠬᠠᠵᠤ᠂ ᠪᠤᠬᠢᠷᠳᠤᠯ ᠦᠭᠡᠢ ᠡᠷᠡᠭᠦᠯ ᠮᠡᠨᠳᠦ ᠶᠢᠨ ᠤᠶᠢᠯᠠᠭᠠᠭᠳᠠᠬᠤᠨ ᠢ ᠰᠠᠨᠠᠭᠠᠴᠢᠯᠠᠬᠤ ᠶᠢᠨ ᠲᠤᠯᠠᠳᠠ᠂ 5 ᠰᠠᠷ᠎ᠠ ᠶᠢᠨ 27᠎ ᠤ ᠡᠳᠦᠷ᠂ ᠪᠠᠶᠠᠨᠪᠤᠯᠠᠭ ᠰᠤᠮᠤᠨ ᠤ ᠪᠦᠬᠦ ᠺᠠᠳ᠋ᠷ ᠠᠵᠢᠯᠲᠠᠨ ᠢ ᠵᠤᠬᠢᠶᠠᠨ ᠪᠠᠶᠢᠭᠤᠯᠵᠤ᠂ ᠢᠳᠡᠰᠢᠨ ᠨᠤᠭᠤᠭ᠎ᠠ ᠲᠠᠷᠢᠬᠤ ᠭᠤᠤᠯ ᠰᠡᠳᠦᠪᠲᠦ ᠨᠠᠮ ᠤᠨ ᠡᠳᠦᠷ ᠤᠨ ᠬᠦᠳᠡᠯᠭᠡᠭᠡᠨ ᠦᠷᠨᠢᠭᠦᠯᠵᠦ᠂ ᠠᠵᠢᠯᠲᠠᠨ ᠠᠵᠢᠯᠴᠢᠨ ᠤ ᠪᠤᠬᠢᠷᠳᠤᠯ ᠦᠭᠡᠢ ᠬᠦᠷᠢᠶᠡᠯᠡᠩ ᠎ ᠢ  ᠬᠠᠮᠲᠤ ᠪᠠᠷ ᠪᠠᠶᠢᠭᠤᠯᠪᠠ᠃      ᠨᠤᠭᠤᠭ᠎ᠠ ᠲᠠᠷᠢᠬᠤ ᠬᠦᠳᠡᠯᠭᠡᠭᠡᠨ ᠤ ᠲᠠᠯᠠᠪᠠᠢ ᠳᠤ᠂ ᠺᠠᠳ᠋ᠷ ᠠᠵᠢᠯᠲᠠᠨ ᠤᠯᠠᠷᠢᠯ ᠤᠨ ᠪᠠᠶᠢᠳᠠᠯ ᠢ ᠦᠨᠳᠦᠰᠦᠯᠡᠨ ᠯᠠᠵᠤᠤ᠂ ᠬᠠᠰᠢ᠂ ᠲᠦᠪᠡᠳ ᠬᠠᠰᠢ ᠵᠡᠷᠭᠡ ᠢᠳᠡᠰᠢᠨ ᠨᠤᠭᠤᠭ᠎ᠠ ᠲᠠᠷᠢᠵᠤ᠂ ᠨᠢᠭᠲᠠ ᠬᠠᠮᠵᠢᠯᠴᠠᠬᠤ ᠳᠤᠮᠳᠠ ᠬᠦᠷᠦᠰᠦ ᠲᠡᠭᠰᠢᠯᠡᠬᠦ᠂  ᠨᠣᠭᠤᠭ᠎ᠠ ᠲᠠᠷᠢᠬᠤ᠂ ᠤᠰᠤᠯᠠᠬᠤ ᠵᠡᠷᠭᠡ ᠭᠤᠭᠴᠤᠭ᠎ᠠ ᠶᠢ ᠡᠮᠬᠢ ᠵᠢᠷᠤᠮ ᠲᠠᠢ ᠪᠡᠶᠡᠯᠡᠭᠦᠯᠵᠦ ᠂ ᠤᠯᠠᠨ ᠤ ᠬᠠᠮᠲᠤ ᠶᠢᠨ ᠴᠢᠷᠮᠠᠶᠢᠯᠭ᠎ᠠ ᠪᠠᠷ ᠳᠠᠮᠵᠢᠨ᠂ ︿︿ᠨᠤᠭᠤᠭᠠᠨ ᠤ ᠬᠦᠷᠢᠶᠡᠯᠡᠩ ﹀﹀᠎ ᠢᠶᠠᠨ ᠪᠠᠶᠢᠭᠤᠯᠵᠤ᠂ ᠨᠤᠭᠤᠭᠠᠨ ᠴᠢᠬᠢ ᠶᠢ ᠳᠡᠷᠢ ᠳᠡᠭᠰᠢ ᠦᠨᠳᠦᠰᠦ ᠬᠠᠳᠬᠤᠨ᠂ ᠵᠢᠵᠢᠭ ᠬᠦᠷᠢᠶᠡᠯᠡᠩ ᠳᠤ ᠦᠩᠭᠡ ᠨᠡᠮᠡᠷᠢᠯᠡᠪᠡ᠃      ᠲᠤᠰ ᠤᠳᠠᠭᠠᠨ ᠤ ᠬᠦᠳᠡᠯᠭᠡᠭᠡᠨ ᠨᠢ ᠺᠠᠳ᠋ᠷ ᠠᠵᠢᠯᠲᠠᠨ ᠤ ᠢᠳᠡᠭᠡᠨ ᠤ ᠲᠦᠷᠦᠯ ᠵᠦᠢᠯ ᠢ ᠪᠠᠶᠠᠯᠢᠭᠵᠢᠭᠤᠯᠬᠤ ᠶᠢᠨ ᠬᠠᠮᠲᠤ᠂ ᠬᠦᠳᠡᠯᠮᠦᠷᠢ ᠶᠢᠨ ᠳᠤᠮᠳᠠ ᠨᠠᠮ ᠤᠨ ᠬᠡᠰᠢᠭᠦᠨ ᠺᠠᠳ᠋ᠷᠴᠤᠳ ᠢ ᠬᠦᠲᠦᠯᠦᠨ ᠵᠢᠯᠤᠭᠤᠳᠴᠤ ᠠᠵᠢᠯᠴᠢ ᠠᠷᠪᠢᠴᠢ ᠪᠠᠶᠢᠬᠤ ᠶᠢ ᠴᠢᠩᠭ᠎ᠠ ᠬᠡᠷᠡᠭᠵᠢᠭᠦᠯᠬᠦ ᠰᠢᠯᠢᠳᠡᠭ ᠤᠯᠠᠮᠵᠢᠯᠠᠯ ᠰᠠᠶᠢᠬᠠᠨ ᠰᠤᠷᠲᠠᠯ ᠢ ᠪᠠᠳᠠᠷᠠᠭᠤᠯᠵᠤ᠂ ᠺᠠᠳ᠋ᠷ ᠠᠵᠢᠯᠲᠠᠨ ᠤ ᠬᠤᠪᠢ ᠬᠦᠮᠦᠨ ᠤ ᠬᠠᠷᠢᠭᠤᠴᠠᠯᠭᠠᠲᠤ ᠰᠡᠳᠬᠢᠯᠭᠡ ᠪᠠ ᠬᠠᠮᠲᠤ ᠨᠡᠶᠢᠲᠡ ᠶᠢᠨ ᠢᠷᠠᠭᠤ ᠠᠯᠳᠠᠷᠲᠤ ᠰᠡᠳᠬᠢᠯᠭᠡ ᠶᠢ ᠤᠯᠠᠮ ᠨᠢᠭᠡ ᠠᠯᠬᠤᠮ ᠨᠡᠮᠡᠭᠳᠡᠭᠦᠯᠪᠡ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号