ᠷᠠᠰᠢᠶᠠᠨᠪᠣᠯᠠᠭ ᠪᠠᠯᠭᠠᠰᠤ ᠰᠢᠯᠢ ᠶᠢᠨ ᠬᠤᠲᠠ ᠶᠢᠨ ᠲᠠᠪᠤᠳᠤᠭᠠᠷ ᠬᠤᠭᠤᠴᠠᠭᠠᠨ ᠤ ︽ᠬᠥᠳᠡᠯᠮᠦᠷᠢᠴᠢᠨ ᠬᠤᠨᠳᠠᠭᠠᠲᠤ︾ ᠠᠵᠢᠯᠲᠠᠨ ᠠᠵᠢᠯᠴᠢᠨ ᠠᠭᠤᠯᠠ ᠠᠪᠠᠷᠢᠬᠤ ᠤᠷᠤᠯᠳᠤᠭᠠᠨ ᠳᠤ ᠰᠢᠯᠢᠳᠡᠭ ᠬᠢᠷᠢ ᠪᠦᠲᠦᠮᠵᠢ ᠣᠯᠪᠠ
ᠨᠡᠶᠢᠲᠡᠯᠡᠭᠰᠡᠨ ᠴᠠᠭ᠄
2024/6/19
     6 ᠰᠠᠷ᠎ᠠ ᠶᠢᠨ 7᠎ ᠤ ᠡᠳᠦᠷ᠂ ᠷᠠᠰᠢᠶᠠᠨᠪᠣᠯᠠᠭ ᠪᠠᠯᠭᠠᠰᠤ 16 ᠺᠠᠳ᠋ᠷ ᠠᠵᠢᠯᠲᠠᠨ ᠢ ᠵᠣᠬᠢᠶᠠᠨ ᠪᠠᠶᠢᠭᠤᠯᠵᠤ ︽ᠳᠤᠮᠳᠠᠳᠤ ᠶᠢᠨ ᠵᠡᠭᠦᠳᠦ · ᠬᠥᠳᠡᠯᠮᠦᠷᠢ ᠶᠢᠨ ᠭᠤᠸ᠎ᠠ ︱ ᠰᠡᠳᠬᠢᠯ ᠢᠶᠠᠨ ᠨᠢᠭᠡᠳᠬᠡᠨ ᠨᠠᠮ ᠢᠶᠠᠨ ᠳᠠᠭᠠᠵᠤ ᠪᠦᠯᠬᠦᠮᠳᠡᠨ ᠲᠡᠮᠡᠴᠡᠬᠦ ᠰᠢᠨ᠎ᠡ ᠠᠶᠠᠨ︾ ᠰᠢᠯᠢ ᠶᠢᠨ ᠬᠤᠲᠠ ᠶᠢᠨ ᠲᠠᠪᠤᠳᠤᠭᠠᠷ ᠬᠤᠭᠤᠴᠠᠭᠠᠨ ᠤ ︽ᠬᠥᠳᠡᠯᠮᠦᠷᠢᠴᠢᠨ ᠬᠤᠨᠳᠠᠭᠠᠲᠤ︾ ᠠᠵᠢᠯᠲᠠᠨ ᠤ ᠠᠭᠤᠯᠠ ᠠᠪᠠᠷᠢᠬᠤ ᠤᠷᠤᠯᠳᠤᠭᠠᠨ ᠳᠤ ᠣᠷᠣᠯᠴᠠᠭᠤᠯᠪᠠ᠃      ᠤᠷᠤᠯᠳᠤᠭᠠᠨ ᠤ ᠪᠦᠬᠦ ᠶᠠᠪᠤᠴᠠ ᠨᠢ 8 ᠺᠢᠯᠣᠮᠧᠲᠷ ᠲᠤ ᠬᠦᠷᠴᠦ᠂ ᠲᠠᠮᠢᠷᠴᠢᠳ ᠪᠦᠯᠬᠦᠮᠳᠡᠨ ᠨᠢᠭᠡᠳᠴᠦ᠂ ᠡᠷᠡᠯᠬᠡᠭᠯᠡᠨ ᠲᠡᠮᠡᠴᠡᠵᠦ᠂ ᠬᠠᠷᠢᠯᠴᠠᠨ ᠵᠣᠷᠢᠭᠵᠢᠭᠤᠯᠵᠤ᠂ ᠨᠢᠭᠡ ᠤᠳᠠᠭᠠᠨ ᠤ ᠬᠤᠷᠳᠤᠴᠠ ᠪᠠ ᠵᠣᠷᠢᠭ ᠰᠠᠨᠠᠭᠠᠨ ᠤ ᠬᠦᠴᠦᠨ ᠤ ᠮᠥᠷᠥᠶᠢᠴᠡᠭᠡᠨ ᠢ ᠥᠷᠨᠢᠭᠦᠯᠪᠡ᠃ ᠬᠤᠷᠴᠠ ᠰᠢᠷᠦᠭᠦᠨ ᠥᠷᠢᠰᠦᠯᠳᠦᠭᠡᠨ ᠢᠶᠠᠷ ᠳᠠᠮᠵᠢᠭᠠᠳ᠂ ᠤᠷᠤᠯᠳᠤᠭᠠᠨ ᠳᠤ ᠣᠷᠣᠯᠴᠠᠭᠰᠠᠨ 86 ᠲᠥᠯᠥᠭᠡᠯᠡᠭᠴᠢᠳ ᠤᠨ ᠠᠩᠭᠢ ᠶᠢᠨ 900 ᠭᠠᠷᠤᠢ ᠲᠠᠮᠢᠷᠴᠢᠨ ᠤ ᠳᠣᠲᠣᠷ᠎ᠠ᠂ ᠮᠠᠨ ᠤ ᠪᠠᠯᠭᠠᠰᠤᠨ ᠤ ᠬᠢᠨ ᠬᠠᠮᠲᠤ ᠶᠢᠨ ᠤᠷᠤᠯᠳᠤᠭᠠᠨ ᠳᠤ ᠳᠣᠯᠣᠳᠤᠭᠠᠷ ᠲᠤ ᠣᠷᠣᠵᠤ᠂ ᠳᠥᠷᠪᠡᠨ ᠲᠠᠮᠢᠷᠴᠢᠨ ᠲᠤᠰ ᠲᠤᠰ ᠡᠮᠡᠭᠲᠡᠢ ᠶᠢᠨ ᠳᠠᠩ ᠤᠷᠤᠯᠳᠤᠭᠠᠨ ᠤ ᠵᠦᠢᠯ ᠤᠨ 12 ᠳ᠋ᠤᠭᠠᠷ ᠲᠤ ᠣᠷᠣᠵᠤ᠂ ᠡᠷᠡᠭᠲᠡᠢ ᠶᠢᠨ ᠳᠠᠩ ᠤᠷᠤᠯᠳᠤᠭᠠᠨ ᠤ ᠵᠦᠢᠯ ᠤᠨ 46᠂ 48  ᠂ 50 ᠳ᠋ᠤᠭᠠᠷ ᠨᠡᠷ᠎ᠡ ᠳᠤ ᠣᠷᠣᠭᠰᠠᠨ ᠰᠠᠶᠢᠨ ᠬᠢᠷᠢ ᠪᠦᠲᠦᠮᠵᠢ ᠣᠯᠵᠠᠢ᠃      ᠲᠣᠰ ᠤᠳᠠᠭᠠᠨ ᠤ ᠠᠭᠤᠯᠠ ᠠᠪᠠᠷᠢᠬᠤ ᠠᠵᠢᠯᠯᠠᠭ᠎ᠠ ᠨᠢ ᠵᠣᠪᠠᠭᠤᠷᠢ ᠵᠦᠳᠡᠭᠦᠷᠢ ᠶᠢ ᠲᠡᠰᠪᠦᠷᠢᠯᠡᠬᠦ᠂ ᠴᠤᠴᠠᠯᠲᠠ ᠦᠭᠡᠢ ᠤᠷᠤᠭᠰᠢᠯᠠᠬᠤ ︽ᠮᠣᠩᠭᠤᠯ ᠮᠣᠷᠢ︾᠎ ᠶᠢᠨ ᠵᠣᠷᠢᠭ ᠰᠠᠨᠠᠭ᠎ᠠ ᠶᠢ ᠢᠯᠡᠷᠡᠭᠦᠯᠵᠦ᠂ ᠤᠷᠤᠯᠳᠤᠭᠠᠨ ᠳᠤ ᠣᠷᠣᠯᠴᠠᠬᠤ ᠲᠠᠮᠢᠷᠴᠢᠳ ᠤᠨ ᠪᠡᠶ᠎ᠡ ᠮᠠᠬᠠᠪᠤᠳ ᠤᠨ ᠬᠡᠪ ᠴᠢᠨᠠᠷ ᠢ ᠰᠢᠯᠭᠠᠭᠰᠠᠨ ᠢᠶᠠᠷ ᠪᠠᠷᠠᠬᠤ ᠦᠭᠡᠢ᠂ ᠨᠠᠩ ᠴᠤ ᠰᠥᠰᠥ ᠵᠣᠷᠢᠭ ᠢᠶᠠᠨ ᠳᠠᠪᠲᠠᠨ ᠪᠣᠯᠪᠠᠰᠤᠷᠠᠭᠤᠯᠵᠤ᠂ ᠪᠦᠯᠬᠦᠮ ᠨᠡᠶᠢᠲᠡ ᠶᠢᠨ ᠨᠢᠭᠲᠠᠷᠠᠯ ᠤᠨ ᠬᠦᠴᠦᠨ ᠢ ᠴᠢᠩᠭᠠᠷᠠᠭᠤᠯᠤᠭᠰᠠᠨ ᠪᠠᠶᠢᠨ᠎ᠠ᠂ ᠺᠠᠳ᠋ᠷ ᠠᠵᠢᠯᠲᠠᠨ ᠠᠵᠢᠯᠴᠢᠳ ᠦᠷᠭᠦᠯᠵᠢᠯᠡᠨ ᠬᠡᠵᠢᠶᠡᠳᠡ ᠪᠠᠭᠤᠵᠤ ᠥᠭᠬᠦ ᠦᠭᠡᠢ᠂ ᠡᠷᠡᠰ ᠰᠢᠭᠤᠷᠬᠠᠢ ᠪᠠᠷ ᠤᠷᠤᠭᠰᠢᠯᠠᠨ ᠳᠠᠪᠰᠢᠬᠤ ᠡᠷᠴᠢ ᠵᠣᠷᠢᠭ ᠢᠶᠠᠷ ᠢᠶᠠᠨ ᠬᠤᠶᠢᠰᠢᠳᠠ ᠶᠢᠨ ᠠᠵᠢᠯ ᠳᠠᠭᠠᠨ ᠣᠷᠣᠯᠴᠠᠵᠤ᠂ ᠥᠨᠳᠥᠷ ᠣᠷᠭᠢᠯ ᠳᠤ ᠡᠷᠡᠯᠬᠡᠭ ᠢᠶᠠᠷ ᠠᠪᠠᠷᠢᠨ᠂ ᠳᠠᠬᠢᠨᠲᠠ ᠰᠢᠯᠢᠳᠡᠭ ᠠᠮᠵᠢᠯᠲᠠ ᠪᠦᠲᠦᠮᠵᠢ ᠭᠠᠷᠭᠠᠬᠤ ᠪᠣᠯᠣᠨ᠎ᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号