ᠠᠵᠤ  ᠠᠬᠤᠶᠢᠯᠠᠯ ᠳᠤ  ᠦᠨ᠎ᠡ ᠲᠥᠯᠥᠪᠦᠷᠢ ᠦᠭᠡᠢ ᠲᠠᠮᠠᠭ᠎ᠠ ᠰᠡᠶᠢᠯᠬᠦ ᠎ ᠶᠢ ᠨᠡᠭᠡᠭᠡᠨ ᠡᠷᠬᠢᠯᠡᠬᠦ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠰᠢᠨ᠎ᠡ ᠥᠨᠳᠥᠷᠴᠡ ᠶᠢ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2024/6/19
      ᠰᠢᠯᠢ ᠶᠢᠨ ᠬᠤᠲᠠ ᠶᠢᠨ  ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ︽ᠬᠠᠮᠤᠭ ᠠᠷᠪᠢᠨ ᠳᠠᠭᠠᠨ ᠨᠢᠭᠡ ᠯᠡ ᠤᠳᠠᠭ᠎ᠠ ᠭᠦᠶᠦᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠬᠤ ᠶᠢᠨ ᠲᠥᠯᠥᠭᠡ᠂ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾᠎ ᠪᠠᠷ ᠲᠤᠯᠭᠠᠭᠤᠷᠢᠯᠠᠯ ᠪᠣᠯᠭᠠᠵᠤ᠂ ᠠᠵᠤ ᠠᠬᠤᠶᠢᠯᠠᠯ ᠤᠨ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠲᠥᠬᠦᠮ ᠦᠵᠡᠭᠦᠯᠬᠦ ᠪᠠᠷ ᠬᠠᠷᠠᠯᠲᠠ ᠪᠣᠯᠭᠠᠵᠤ᠂ ᠠᠵᠤ ᠠᠬᠤᠶᠢᠯᠠᠯ ᠤᠨ ᠨᠡᠭᠡᠭᠡᠨ ᠡᠷᠭᠢᠯᠡᠬᠦ ᠥᠪᠡᠷ ᠤᠨ ᠥᠷᠲᠡᠭ ᠢ ᠪᠠᠭᠤᠷᠠᠭᠤᠯᠬᠤ ᠪᠠᠷ ᠵᠣᠷᠢᠯᠭ᠎ᠠ ᠪᠣᠯᠭᠠᠵᠤ᠂  ᠰᠢᠯᠢ ᠶᠢᠨ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ ᠢᠯᠠᠩᠭᠤᠶ᠎ᠠ ᠥᠷᠭᠡᠨ ᠣᠯᠠᠨ ᠠᠵᠤ ᠠᠬᠤᠶᠢᠯᠠᠯ ᠪᠠ ᠠᠳᠠᠯ ᠦᠢᠯᠡᠰ ᠴᠣᠭᠴᠠᠯᠠᠭᠴᠢᠳ ᠲᠤ ᠠᠩᠬ᠎ᠠ ᠤᠳᠠᠭ᠎ᠠ ᠳᠠᠩᠰᠠᠯᠠᠭᠤᠯᠬᠤ ᠳᠤ ᠰᠦᠢᠳᠬᠡᠯ ᠬᠤᠷᠢᠶᠠᠬᠤ ᠦᠭᠡᠢ ᠪᠠᠷ ᠲᠠᠮᠠᠭ᠎ᠠ ᠰᠡᠶᠢᠯᠬᠦ ᠦᠢᠯᠡᠴᠢᠯᠡᠭᠡ ᠬᠠᠩᠭᠠᠬᠤ ᠶᠢᠨ ᠬᠠᠮᠲᠤ ᠪᠠᠰᠠ ᠰᠦᠢᠳᠬᠡᠯ ᠬᠤᠷᠢᠶᠠᠬᠤ ᠦᠭᠡᠢ ᠪᠠᠷ ᠳᠠᠷᠤᠮᠠᠯᠯᠠᠬᠤ᠂ ᠮᠠᠲ᠋ᠧᠷᠢᠶᠠᠯ ᠪᠠᠭᠤᠯᠭᠠᠬᠤ᠂ ᠰᠦᠢᠳᠬᠡᠯ ᠬᠤᠷᠢᠶᠠᠬᠤ ᠦᠭᠡᠢ ᠪᠠᠷ ᠰᠢᠤᠳᠠᠨ ᠢᠶᠠᠷ ᠢᠯᠡᠭᠡᠬᠦ ᠵᠡᠷᠭᠡ ᠦᠢᠯᠡᠴᠢᠯᠡᠭᠡ ᠬᠠᠩᠭᠠᠵᠤ᠂ ᠵᠠᠷᠤᠳᠠᠯ ᠢ ᠵᠠᠰᠠᠭ ᠤᠨ ᠣᠷᠳᠣᠨ  ᠎ ᠠᠴᠠ ᠲᠣᠭᠠᠴᠠᠭ᠎ᠠ ᠬᠢᠵᠦ᠂ ᠠᠵᠤ ᠠᠬᠤᠶᠢᠯᠠᠯ ᠤᠨ ᠨᠡᠭᠡᠭᠡᠨ ᠡᠷᠭᠢᠯᠡᠬᠦ ︽ᠥᠪᠡᠷ ᠤᠨ ᠥᠷᠲᠡᠭ ᠤᠨ ᠬᠠᠮᠤᠭ ᠤᠨ ᠳᠣᠣᠷ᠎ᠠ ᠵᠠᠷᠤᠳᠠᠯ ᠦᠭᠡᠢ︾ ᠪᠠᠶᠢᠬᠤ ᠶᠢ ᠪᠡᠶᠡᠯᠡᠭᠦᠯᠦᠨ᠎ᠡ᠃      2021 ᠣᠨ ᠤ 4 ᠰᠠᠷ᠎ᠠ ᠶᠢᠨ 1᠎ ᠤ ᠡᠳᠦᠷ ᠠᠴᠠ ᠣᠳᠣ ᠪᠣᠯᠲᠠᠯ᠎ᠠ᠂ ᠰᠢᠯᠢ ᠶᠢᠨ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠨᠢ ᠨᠢᠭᠡᠨᠲᠡ 5600 ᠭᠠᠷᠤᠢ ᠠᠵᠤ ᠠᠬᠤᠶᠢᠯᠠᠯ ᠪᠠ 8800 ᠭᠠᠷᠤᠢ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠳᠤ ᠠᠩᠬ᠎ᠠ ᠤᠳᠠᠭ᠎ᠠ ᠰᠦᠢᠳᠬᠡᠯ ᠬᠤᠷᠢᠶᠠᠬᠤ ᠦᠭᠡᠢ ᠪᠠᠷ ᠲᠠᠮᠠᠭ᠎ᠠ ᠰᠡᠶᠢᠯᠦᠨ ᠦᠢᠯᠡᠳᠬᠦ ᠦᠢᠯᠡᠴᠢᠯᠡᠭᠡ ᠬᠠᠩᠭᠠᠵᠤ᠂ ᠭᠤᠶᠤᠴᠢᠯᠠᠭᠴᠢ ᠨᠢ ᠥᠪᠥᠷ ᠮᠣᠩᠭᠤᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠠᠯᠪᠠᠨ ᠤ ᠰᠦᠯᠵᠢᠶ᠎ᠡ ᠳᠤ ᠠᠵᠤ ᠠᠬᠤᠶᠢᠯᠠᠯ ᠡᠷᠭᠢᠯᠡᠬᠦ ᠭᠤᠶᠤᠴᠢᠯᠠᠯ ᠢᠶᠠᠨ ᠲᠤᠰᠢᠶᠠᠬᠤ ᠳᠤ᠂ ᠠᠯᠪᠠᠨ ᠲᠠᠮᠠᠭ᠎ᠠ᠂ ᠡᠳ᠋ ᠤᠨ ᠶᠠᠪᠤᠳᠠᠯ ᠤᠨ ᠲᠠᠮᠠᠭ᠎ᠠ᠂ ᠬᠠᠤᠯᠢ ᠶᠢᠨ ᠡᠷᠬᠡᠲᠡᠨ ᠤ ᠲᠠᠮᠠᠭ᠎ᠠ ᠰᠡᠶᠢᠯᠦᠨ ᠦᠢᠯᠡᠳᠬᠦ ᠦᠢᠯᠡᠴᠢᠯᠡᠭᠡ ᠶᠢ ᠰᠠᠶᠢᠨ ᠳᠤᠷ᠎ᠠ  ᠎ ᠠᠴᠠ ᠪᠠᠨ ᠰᠣᠩᠭᠤᠵᠤ ᠪᠣᠯᠣᠨ᠎ᠠ᠂ ᠶᠠᠮᠠᠷ ᠴᠤ ᠰᠦᠢᠳᠬᠡᠯ ᠲᠤᠰᠢᠶᠠᠬᠤ ᠬᠡᠷᠡᠭ ᠦᠭᠡᠢ᠃ ᠠᠵᠤ ᠠᠬᠤᠶᠢᠯᠠᠯ ᠪᠠ ᠣᠯᠠᠨ ᠲᠦᠮᠡᠨ ᠤ ᠡᠵᠡᠩᠨᠡᠯᠲᠡ ᠶᠢᠨ ᠦᠨᠡᠮᠯᠡᠯ ᠢ ᠳᠠᠩᠰᠠᠯᠠᠭᠤᠯᠤᠭᠠᠳ ᠠᠮᠵᠢᠯᠲᠠ ᠣᠯᠣᠭᠰᠠᠨ ᠤ ᠳᠠᠷᠠᠭ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠭᠤᠷᠪᠠᠳᠤᠭᠠᠷ  ᠲᠠᠪᠬᠤᠷᠭ᠎ᠠ ᠶᠢᠨ ︽ᠠᠵᠤ ᠠᠬᠤᠶᠢᠯᠠᠯ ᠤᠨ ᠭᠡᠷ︾᠎ ᠤᠨ ᠠᠵᠤ ᠠᠬᠤᠶᠢᠯᠠᠯ ᠤᠨ ᠦᠢᠯᠡᠴᠢᠯᠡᠭᠡᠨ ᠤ ᠲᠤᠰᠬᠠᠢ ᠭᠠᠵᠠᠷ ᠲᠤ ᠬᠦᠷᠴᠦ ᠡᠵᠡᠩᠨᠡᠯᠲᠡ ᠶᠢᠨ ᠦᠨᠡᠮᠯᠡᠯ᠂ ᠲᠠᠮᠠᠭ᠎ᠠ ᠵᠡᠷᠭᠡ ᠲᠣᠮᠣ ᠪᠡᠯᠡᠭ ᠤᠨ ᠪᠣᠭᠴᠣ ᠪᠠᠨ ᠠᠪᠴᠤ ᠪᠣᠯᠣᠨ᠎ᠠ᠃ ᠡᠨᠡ ᠬᠦ ᠳᠣᠲᠣᠨᠣ ᠠᠷᠭ᠎ᠠ ᠬᠡᠮᠵᠢᠶ᠎ᠡ ᠨᠢ ᠠᠵᠤ ᠠᠬᠤᠶᠢᠯᠠᠯ ᠤᠨ ᠨᠡᠭᠡᠭᠡᠨ ᠡᠷᠭᠢᠯᠡᠬᠦ ᠥᠪᠡᠷ ᠤᠨ ᠥᠷᠲᠡᠭ  ᠎ ᠢ ᠤᠯᠠᠮ ᠨᠢᠭᠡ ᠠᠯᠬᠤᠮ ᠪᠠᠭᠤᠷᠠᠭᠤᠯᠵᠤ᠂ ᠠᠵᠤ ᠠᠬᠤᠶᠢᠯᠠᠯ ᠤᠨ ᠨᠡᠭᠡᠭᠡᠨ ᠡᠷᠭᠢᠯᠡᠬᠦ ᠶᠠᠪᠤᠴᠠ  ᠎ ᠶᠢ ᠳᠥᠭᠦᠮᠴᠢᠯᠡᠵᠡᠢ᠂ ᠡᠨᠡ ᠪᠣᠯ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ  ᠎ ᠢ ᠰᠢᠯᠢᠳᠡᠭᠵᠢᠭᠦᠯᠦᠨ ᠭᠠᠷᠭᠠᠭᠰᠠᠨ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠪᠠᠰᠠ ᠨᠢᠭᠡᠨ ᠠᠷᠭ᠎ᠠ ᠬᠡᠮᠵᠢᠶ᠎ᠡ ᠮᠥᠨ᠃      ᠲᠠᠷᠠᠭᠠᠴᠢ ᠶᠢᠨ ᠠᠯᠬᠤᠮ ᠳᠤ  ᠰᠢᠯᠢ ᠶᠢᠨ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠢᠳᠡᠪᠬᠢᠲᠡᠢ ᠭᠦᠨᠵᠡᠭᠡᠶᠢᠷᠡᠭᠦᠯᠦᠨ᠂ ᠴᠣᠮᠬᠠᠳᠬᠠᠨ ᠥᠨᠳᠥᠷ ᠪᠦᠲᠦᠮᠵᠢᠲᠡᠶ ᠪᠠᠶᠢᠯᠭᠠᠬᠤ ᠶᠢ ᠪᠠᠷᠢᠮᠲᠠᠯᠠᠵᠤ᠂ ᠠᠵᠤ ᠠᠬᠤᠶᠢᠯᠠᠯ ᠤᠨ ᠨᠡᠭᠡᠭᠡᠨ ᠡᠷᠭᠢᠯᠡᠬᠦ ᠴᠠᠭ ᠢ ᠪᠥᠬᠦ ᠲᠠᠯ᠎ᠠ ᠪᠠᠷ ᠪᠠᠭᠠᠰᠬᠠᠨ᠂ ᠠᠵᠤ ᠠᠬᠤᠶᠢᠯᠠᠯ ᠤᠨ ᠣᠯᠠᠨ ᠲᠦᠮᠡᠨ ᠳᠤ ᠨᠠᠩ ᠰᠢᠯᠢᠳᠡᠭ ᠪᠥᠭᠡᠳ ᠲᠥᠬᠦᠮ ᠦᠢᠯᠡᠴᠢᠯᠡᠭᠡ ᠬᠠᠩᠭᠠᠨ᠎ᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号