ᠮᠣᠩᠭᠤᠯ ᠮᠣᠷᠢᠨ᠋ ᠤ ᠬᠤᠯᠪᠣᠭᠠᠲᠤ ᠤᠷᠤᠯᠳᠤᠭᠠᠨ᠋ ᠰᠢᠯᠢ ᠶᠢᠨ ᠬᠤᠲᠠ ᠶᠢᠨ ᠴᠤᠬᠠᠠᠭᠤᠯᠠ ᠰᠤᠮᠤ  ᠭᠠᠴᠠᠭᠠᠨ᠋ ᠤ ᠳᠡᠰ ᠎ ᠤᠨ ᠤᠷᠤᠯᠳᠤᠭᠠᠨ ᠬᠥᠭᠵᠢᠶᠡᠨ᠋ ᠎ ᠲᠠᠢ ᠡᠬᠢᠯᠡᠵᠡᠢ
ᠨᠡᠶᠢᠲᠡᠯᠡᠭᠰᠡᠨ ᠴᠠᠭ᠄
2024/6/19
     6 ᠰᠠᠷ᠎ᠠ ᠶᠢᠨ 14  ᠎ ᠤ ᠡᠳᠦᠷ ᠰᠢᠯᠢ ᠶᠢᠨ ᠭᠤᠣᠯ ᠮᠣᠩᠭᠤᠯ ᠮᠣᠷᠢᠨ ᠤ ᠬᠤᠯᠪᠣᠭᠠᠲᠤ ᠤᠷᠤᠯᠳᠤᠭᠠᠨ᠋‌‍ᠰᠢᠯᠢ ᠎ ᠶᠢᠨ ᠬᠤᠲᠠ ᠶᠢᠨ ᠴᠤᠬᠠᠠᠭᠤᠯᠠ ᠰᠤᠮᠤᠨ᠋ ᠤ ᠭᠠᠴᠠᠭᠠᠨ ᠳᠡᠰ  ᠎ ᠤᠨ ᠬᠤᠪᠢᠶᠠᠷᠢ ᠤᠷᠤᠯᠳᠤᠭᠠᠨ ᠵᠢᠴᠢ ᠮᠠᠯᠴᠢᠳ ᠤᠨ ᠰᠣᠶᠣᠯ ᠲᠠᠮᠢᠷ ᠤᠨ ᠬᠦᠳᠡᠯᠭᠡᠭᠡᠨ ᠡᠬᠢᠯᠡᠪᠡ᠃      ᠲᠤᠰ ᠤᠳᠠᠭᠠᠨ᠋ ᠤ ᠮᠣᠩᠭᠤᠯ  ᠮᠣᠷᠢ ᠶᠢᠨ ᠬᠤᠯᠪᠣᠭᠠᠲᠤ ᠤᠷᠤᠯᠳᠤᠭᠠᠨ᠋ ᠤ ᠭᠠᠴᠠᠭᠠᠨ᠋ ᠤ ᠳᠡᠰ ᠤᠨ ᠤᠷᠤᠯᠳᠤᠭᠠᠨ ᠳᠤ ᠠᠯᠤᠰ ᠤᠨ ᠮᠤᠷᠢᠨ  ᠎ ᠤ ᠤᠷᠤᠯᠳᠤᠭᠠᠨ ᠪᠠ ᠬᠦᠴᠦᠨ ᠵᠠᠯᠭᠠᠬᠤ ᠤᠷᠤᠯᠳᠤᠭᠠᠨ ᠪᠤᠢ᠂ ᠣᠭ᠍ᠶᠣᠳᠣ  ᠭᠠᠴᠠᠭ᠎ᠠ ᠠᠴᠠ ᠢᠷᠡᠭᠰᠡᠨ 30 ᠭᠠᠷᠤᠢ ᠮᠣᠷᠢᠲᠠᠨ ᠤᠷᠤᠯᠳᠤᠭᠠᠨ᠋ ᠳᠤ ᠣᠷᠣᠯᠴᠠᠵᠠᠢ᠃      ᠤᠷᠤᠯᠳᠤᠭᠠᠨ ᠳᠠᠭᠤᠰᠤᠭᠰᠠᠨ᠋ ᠤ ᠳᠠᠷᠠᠭ᠎ᠠ᠂ ᠪᠥᠬᠡ ᠪᠠᠷᠢᠯᠳᠤᠬᠤ᠂ ᠰᠤᠷ ᠬᠠᠷᠪᠤᠬᠤ᠂ ᠱᠠᠭ᠎ᠠ ᠵᠡᠷᠭᠡ ᠣᠯᠠᠨ ᠬᠡᠯᠪᠡᠷᠢ ᠮᠠᠶᠢᠬ  ᠎ ᠤᠨ ᠮᠠᠯᠴᠢᠨ᠋ ᠤ ᠰᠣᠶᠣᠯ ᠲᠠᠮᠢᠷ ᠤᠨ ᠠᠵᠢᠯᠯᠠᠭ᠎ᠠ ᠶᠢ ᠵᠠᠯᠭᠠᠪᠡᠷ ᠦᠷᠨᠢᠭᠦᠯᠵᠠᠢ᠃      ᠲᠤᠰ ᠤᠳᠠᠭᠠᠨ᠋ ᠤ ᠬᠦᠳᠡᠯᠭᠡᠭᠡᠨ ᠨᠢ ᠮᠠᠯᠴᠢᠨ ᠲᠦᠮᠡᠨ᠋ ᠤ ᠪᠦᠯᠬᠦᠮᠳᠡᠯ  ᠎ ᠤᠨ ᠬᠦᠴᠦᠨ᠋ ᠢ ᠴᠢᠩᠭᠠᠷᠠᠭᠤᠯᠤᠭᠰᠠᠨ᠋ ᠢᠶᠠᠷ ᠪᠠᠷᠠᠬᠤ ᠦᠭᠡᠢ᠂ ᠮᠠᠯᠴᠢᠨ ᠲᠦᠮᠡᠨ᠋ ᠤ ᠰᠠᠶᠢᠨ ᠰᠠᠶᠢᠬᠠᠨ ᠣᠶᠤᠨ ᠰᠠᠨᠠᠭᠠᠨ᠋ ᠤ ᠳᠦᠷᠢ ᠲᠦᠷᠬᠦ ᠶᠢ ᠢᠯᠡᠷᠡᠭᠦᠯᠵᠦ᠂ ᠲᠣᠮᠳᠠᠳᠣ ᠶᠢᠨ ᠦᠨᠳᠦᠰᠦᠲᠡᠨ᠋ ᠤ  ᠬᠠᠮᠳᠣ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠪᠠᠬᠢ ᠪᠣᠢ ᠪᠣᠯᠭᠠᠵᠤ᠂ ᠦᠨᠳᠦᠰᠦᠲᠡᠨ᠋ ᠤ ᠪᠦᠯᠬᠦᠮᠳᠡᠯ ᠨᠢᠭᠡ ᠭᠡᠷ ᠤᠨ ᠭᠦᠨ ᠵᠤᠵᠠᠭᠠᠨ ᠠᠭᠤᠷ ᠠᠮᠢᠰᠬᠤᠯ  ᠎ ᠢ ᠪᠣᠢ ᠪᠣᠯᠭᠠᠭᠰᠠᠨ ᠪᠠᠶᠢᠨ᠎ᠠ  ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号