ᠰᠢᠯᠤᠭᠤᠨ ᠬᠥᠬᠡ ᠬᠤᠰᠢᠭᠤᠨ ᠤ ᠶᠡᠷᠦᠩᠬᠡᠢ ᠡᠮᠨᠡᠯᠭᠡ ᠶᠢᠨ ᠬᠤᠷᠢᠶ᠎ᠠ ᠦᠢᠯᠡᠴᠢᠯᠡᠭᠡᠨ ᠤ ᠰᠢᠨ᠎ᠡ ᠶᠢ ᠡᠭᠦᠳᠴᠦ ᠡᠪᠡᠳᠴᠢᠲᠡᠨ ᠳᠤ ᠨᠡᠩ ᠲᠥᠭᠦᠮ ᠦᠵᠡᠭᠦᠯᠵᠦ ᠪᠤᠢ
ᠨᠡᠶᠢᠲᠡᠯᠡᠭᠰᠡᠨ ᠴᠠᠭ᠄
2024/6/21
     ᠠᠷᠠᠳ ᠤᠯᠠᠨ ᠤ ᠡᠪᠡᠳᠴᠢᠨ ᠥᠵᠡᠬᠦᠯᠬᠦ ᠳᠤ ᠲᠥᠭᠦᠮ ᠥᠵᠡᠬᠦᠯᠬᠦ ᠶᠢᠨ ᠲᠥᠯᠥᠭᠡ ᠰᠢᠯᠤᠭᠤᠨ ᠬᠥᠬᠡ ᠬᠤᠰᠢᠭᠤᠨ ᠤ ᠶᠡᠷᠦᠩᠬᠡᠢ ᠡᠮᠨᠡᠯᠭᠡ ᠶᠢᠨ ᠬᠤᠷᠢᠶ᠎ᠠ ᠨᠢ ᠠᠷᠠᠳ ᠤᠯᠠᠨ ᠤ ᠬᠦᠴᠢᠷ ᠲᠦᠪᠡᠭᠲᠡᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠳᠤᠲᠠᠭᠤᠳᠠᠯ ᠢᠶᠠᠨ ᠨᠥᠬᠦᠪᠦᠷᠢᠯᠡᠵᠦ᠂ ᠦᠢᠯᠡᠴᠢᠯᠡᠭᠡ ᠪᠠᠨ ᠰᠢᠯᠢᠳᠡᠭᠵᠢᠭᠦᠯᠵᠦ᠂ ᠡᠨᠡ ᠵᠢᠯ ᠤᠨ 1 ᠰᠠᠷ᠎ᠠ ᠶᠢᠨ 15᠎ ᠤ ᠡᠳᠦᠷ ᠠᠴᠠ ᠡᠬᠢᠯᠡᠨ ᠨᠢᠭᠡᠳᠦᠭᠡᠷ ᠳᠠᠪᠬᠤᠷᠯᠢᠭ ᠤᠨ ᠶᠡᠭᠡ ᠲᠢᠩᠬᠢᠮ ᠳᠤ ︽ ᠠᠷᠠᠳ ᠲᠤ ᠲᠥᠭᠦᠮ ᠥᠵᠡᠬᠦᠯᠬᠦ ᠡᠭᠦᠳᠡᠨ ᠡᠮᠨᠡᠯᠭᠡ︾᠎ ᠶᠢᠨ ᠴᠣᠩᠬᠤᠪᠴᠢ ᠨᠡᠭᠡᠭᠡᠵᠦ᠂ ᠡᠪᠡᠳᠴᠢᠨ ᠥᠵᠡᠬᠦᠯᠬᠦ ᠳᠤ ᠤᠳᠠᠭᠠᠨ ᠪᠠᠶᠢᠭ᠎ᠠ ᠶᠠᠪᠤᠳᠠᠯ ᠢ ᠪᠥᠲᠥᠮᠵᠢᠲᠡᠢ ᠰᠢᠢᠳᠪᠦᠷᠢᠯᠡᠵᠦ ᠪᠠᠶᠢᠨ᠎ᠠ᠃ ︽ᠠᠷᠠᠳ ᠲᠤ ᠲᠥᠭᠦᠮ ᠥᠵᠡᠬᠦᠯᠬᠦ ᠡᠭᠦᠳᠡᠨ ᠡᠮᠨᠡᠯᠭᠡ︾᠎ ᠶᠢ ᠭᠠᠷᠠᠭ ᠪᠦᠷᠢ ᠶᠢᠨ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄  30 — 11᠄  30 ᠪᠤᠯᠲᠠᠯ᠎ᠠ ᠨᠡᠭᠡᠭᠡᠵᠦ᠂ ᠡᠪᠡᠳᠴᠢᠲᠡᠨ ᠳᠤ ᠪᠠᠶᠢᠴᠠᠭᠠᠯᠲᠠ ᠬᠢᠬᠦ᠂ ᠡᠮ ᠠᠪᠬᠤ ᠵᠡᠷᠭᠡ ᠭᠤᠭᠴᠤᠭ᠎ᠠ ᠶᠢ ᠰᠢᠯᠢᠳᠡᠭᠵᠢᠭᠦᠯᠵᠦ᠂ ᠲᠤᠰ ᠴᠣᠩᠬᠤᠪᠴᠢ ᠳᠤ ᠲᠤᠬᠠᠶᠢᠯᠠᠭᠰᠠᠨ ᠠᠵᠢᠯ ᠭᠦᠢᠴᠡᠳᠬᠡᠬᠦ ᠳᠤ ᠳ᠋ᠤᠭᠠᠷᠯᠠᠬᠤ ᠰᠦᠢᠳᠬᠡᠯ ᠬᠤᠷᠢᠶᠠᠬᠤ ᠦᠭᠡᠢ᠂ ᠡᠪᠡᠳᠴᠢᠲᠡᠨ ᠪᠣᠳᠠᠲᠠᠢ ᠬᠡᠷᠡᠭᠴᠡᠭᠡ ᠪᠠᠨ ᠦᠨᠳᠦᠰᠦᠯᠡᠨ ᠴᠣᠩᠬᠤᠪᠴᠢ ᠳᠤ ᠡᠮ ᠠᠪᠬᠤ᠂ ᠰᠢᠯᠭᠠᠨ ᠪᠠᠶᠢᠴᠠᠭᠠᠬᠤ ᠵᠡᠷᠭᠡ ᠲᠥᠷᠥᠯ ᠵᠦᠢᠯ ᠢ ᠰᠢᠭᠤᠳ ᠭᠦᠢᠴᠡᠳᠬᠡᠵᠦ ᠪᠣᠯᠣᠨ᠎ᠠ᠃ ᠣᠨᠴᠠᠭᠠᠶᠢᠯᠠᠨ ᠵᠠᠷᠢᠮ ᠤᠷᠲᠤ ᠬᠤᠭᠤᠴᠠᠭ᠎ᠠ ᠪᠠᠷ ᠡᠮ ᠤᠤᠭᠤᠬᠤ ᠴᠢᠬᠤᠯᠠᠲᠠᠢ ᠤᠳᠠᠭᠠᠨ ᠴᠢᠨᠠᠷᠲᠠᠢ ᠡᠪᠡᠳᠴᠢᠲᠡᠨ ᠳᠤ ᠲᠥᠭᠦᠮ ᠦᠵᠡᠭᠦᠯᠵᠦ᠂ ᠡᠪᠡᠳᠴᠢᠨ ᠥᠵᠡᠬᠦᠯᠬᠦ ᠦᠶ᠎ᠡ ᠳᠤ ᠳ᠋ᠤᠭᠠᠷᠯᠠᠬᠤ᠂ ᠨᠢᠭᠤᠷᠲᠠᠨ ᠡᠮᠨᠡᠬᠦᠯᠬᠦ ᠶᠠᠪᠤᠴᠠ ᠶᠢ ᠳᠥᠭᠦᠮᠴᠢᠯᠡᠨ᠂ ᠡᠮᠨᠡᠯᠭᠡ ᠶᠢᠨ ᠬᠤᠷᠢᠶᠠᠨ ᠤ ᠶᠡᠭᠡ ᠲᠢᠩᠬᠢᠮ ᠳᠤ ᠳᠠᠷᠤᠢ ᠰᠦᠢᠳᠬᠡᠯ ᠲᠤᠰᠢᠶᠠᠬᠤ᠂ ᠡᠮ ᠠᠪᠬᠤ ᠶᠢ ᠭᠦᠢᠴᠡᠳᠬᠡᠵᠦ ᠪᠤᠢ᠃ ᠲᠤᠰ ᠬᠤᠰᠢᠭᠤᠨ ᠤ ᠰᠠᠭᠤᠭᠠᠯᠢ ᠠᠷᠠᠳ ᠶᠤᠸᠠᠨ ᠰᠢᠦᠢ ᠄  ︽ᠡᠨᠡᠬᠦ ᠠᠷᠠᠳ ᠲᠤ ᠲᠥᠬᠦᠮ ᠥᠵᠡᠬᠦᠯᠬᠦ ᠡᠭᠦᠳᠡᠨ ᠡᠮᠨᠡᠯᠭᠡ ᠨᠡᠪᠲᠡᠷᠡᠭᠰᠡᠨ ᠤ ᠲᠠᠷᠠᠭ᠎ᠠ᠂ ᠡᠪᠡᠳᠴᠢᠨ ᠥᠵᠡᠬᠦᠯᠬᠦ ᠳᠤ ᠮᠠᠰᠢ ᠲᠥᠭᠦᠮ ᠪᠣᠯᠵᠠᠢ᠃ ᠤᠲᠤ ᠰᠢᠭᠤᠳ ᠣᠴᠢᠵᠤ ᠪᠠᠶᠢᠴᠠᠭᠠᠬᠤ ᠭᠡᠵᠦ ᠪᠠᠶᠢᠭ᠎ᠠ ᠤᠴᠢᠷ ᠶᠠᠪᠤᠳᠠᠯ ᠢᠶᠠᠨ ᠴᠣᠩᠬᠤᠪᠴᠢ ᠡᠮᠨᠡᠯᠭᠡ ᠶᠢᠨ ᠠᠵᠢᠯᠲᠠᠨ ᠳᠤ ᠬᠡᠯᠡᠪᠡᠯ᠂ ᠲᠡᠲᠡ ᠰᠢᠭᠤᠳ ᠬᠠᠭᠤᠳᠠᠰᠤ ᠪᠢᠴᠢᠨ ᠪᠠᠶᠢᠴᠠᠭᠠᠯᠲᠠ ᠬᠢᠵᠦ ᠥᠭᠭᠦᠨ᠎ᠡ︾ ᠭᠡᠯ᠎ᠡ᠃ ᠣᠶᠢᠯᠠᠭᠠᠭᠰᠠᠨ ᠢᠶᠠᠷ᠂ ︽ᠠᠷᠠᠳ ᠲᠤ ᠲᠥᠭᠦᠮ ᠥᠵᠡᠬᠦᠯᠬᠦ ᠡᠭᠦᠳᠡᠨ ᠡᠮᠨᠡᠯᠭᠡ︾᠎ ᠶᠢᠨ ᠴᠣᠩᠬᠤᠪᠴᠢ ᠨᠡᠭᠡᠭᠡᠭᠰᠡᠨ ᠠᠴᠠ ᠨᠠᠭᠠᠰᠢ᠂ ᠨᠢᠭᠡᠨᠲᠡ 1000 ᠭᠠᠷᠤᠢ ᠡᠪᠡᠳᠴᠢᠲᠡᠨ ᠲᠤᠰ ᠦᠢᠯᠡᠴᠢᠯᠡᠭᠡ ᠪᠠᠷ ᠲᠠᠮᠵᠢᠨ ᠡᠮ ᠠᠪᠴᠤ᠂ ᠪᠠᠶᠢᠴᠠᠭᠠᠯᠲᠠ ᠬᠢᠯᠭᠡᠪᠡ᠃ ︽ᠠᠷᠠᠳ ᠲᠤ ᠲᠥᠭᠦᠮ ᠥᠵᠡᠬᠦᠯᠬᠦ ᠡᠭᠦᠳᠡᠨ ᠡᠮᠨᠡᠯᠭᠡ︾᠎ ᠨᠢ ᠡᠮᠴᠢ ᠨᠠᠷ ᠤᠨ ᠣᠨᠣᠰᠢᠯᠠᠨ ᠡᠮᠨᠡᠬᠦ ᠳᠠᠷᠤᠯᠲᠠ ᠶᠢ ᠰᠢᠢᠳᠪᠦᠷᠢᠯᠡᠭᠰᠡᠨ ᠢᠶᠠᠷ ᠪᠠᠷᠠᠬᠤ ᠦᠭᠡᠢ ᠪᠠᠰᠠ ᠤᠯᠠᠨ ᠲᠦᠮᠡᠨ ᠤ ᠡᠪᠡᠳᠴᠢᠨ ᠦᠵᠡᠭᠦᠯᠵᠦ ᠡᠮ ᠠᠪᠬᠤ ᠳᠤ ᠨᠡᠩ ᠲᠥᠭᠦᠮ ᠪᠣᠯᠭᠠᠵᠠᠢ᠃ ᠲᠤᠰ ᠬᠤᠰᠢᠭᠤᠨ ᠤ ᠶᠡᠷᠦᠩᠬᠡᠢ ᠡᠮᠨᠡᠯᠭᠡ ᠶᠢᠨ ᠬᠤᠷᠢᠶᠠᠨ ᠤ ᠱᠦᠵᠢ ᠾᠧᠦ ᠶᠠᠨ ᠰᠢᠶᠠ᠄  ︽ᠠᠷᠠᠳ ᠲᠤ ᠲᠥᠭᠦᠮ ᠥᠵᠡᠬᠦᠯᠬᠦ ᠡᠭᠦᠳᠡᠨ ᠡᠮᠨᠡᠯᠭᠡ ᠶᠢᠨ ᠴᠣᠩᠬᠤᠪᠴᠢ ᠳᠤ ᠳ᠋ᠤᠭᠠᠷᠯᠠᠬᠤ ᠬᠡᠷᠡᠭ ᠦᠭᠡᠢ᠂ ᠬᠡᠷᠡᠭᠴᠡᠭᠡ ᠪᠠᠨ ᠦᠨᠳᠦᠰᠦᠯᠡᠨ ᠰᠢᠭᠤᠳ ᠪᠠᠶᠢᠴᠠᠭᠠᠯᠲᠠ ᠬᠢᠬᠦ᠂ ᠰᠢᠨᠵᠢᠯᠡᠨ ᠰᠢᠯᠭᠠᠬᠤ᠂ ᠤᠳᠠᠭᠠᠨ ᠴᠢᠨᠠᠷᠲᠠᠢ ᠡᠪᠡᠳᠴᠢᠨ ᠤ ᠡᠮ ᠤᠨ ᠵᠦᠢᠯ ᠠᠪᠴᠤ ᠪᠣᠯᠣᠨ᠎ᠠ᠃ ᠲᠠᠷᠠᠭᠠᠴᠢ ᠪᠠᠷ ᠡᠮᠴᠢᠯᠡᠭᠡᠨ ᠤ ᠦᠢᠯᠡᠴᠢᠯᠡᠭᠡ ᠶᠢ ᠲᠠᠰᠤᠷᠠᠯᠲᠠ ᠦᠭᠡᠢ ᠰᠠᠶᠢᠵᠢᠷᠠᠭᠤᠯᠵᠤ᠂ ᠲᠤᠰᠬᠠᠢ ᠰᠠᠯᠠᠭᠠᠨ ᠤ ᠪᠠᠶᠢᠭᠤᠯᠤᠯᠲᠠ ᠶᠢ ᠴᠢᠩᠭᠠᠳᠬᠠᠵᠤ᠂ ᠡᠪᠡᠳᠴᠢᠲᠡᠨ ᠤ ᠡᠪᠡᠳᠴᠢᠨ ᠥᠵᠡᠬᠦᠯᠬᠦ ᠬᠡᠷᠡᠭᠴᠡᠭᠡ ᠶᠢ ᠪᠥᠬᠦ ᠬᠦᠴᠦᠨ ᠢᠶᠠᠷ ᠬᠠᠩᠭᠠᠨ᠎ᠠ︾ ᠭᠡᠵᠦ ᠲᠠᠨᠢᠯᠴᠠᠭᠤᠯᠪᠠ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号