ᠪᠠᠷᠠᠭᠤᠨ ᠦᠵᠦᠮᠦᠴᠢᠨ ᠬᠤᠰᠢᠭᠤᠨ ᠤ ᠤᠯᠠᠭᠠᠨᠬᠠᠭᠠᠯᠭ᠎ᠠ ᠰᠤᠮᠤ ᠶᠢᠨ ᠡᠷᠬᠡᠳᠤᠡᠤᠪᠤᠭᠠ ᠭᠠᠴᠠᠭᠠᠨ ᠤ ᠮᠣᠩᠭᠤᠯ | ᠠᠳᠤᠭᠤᠨ ᠤ ᠭᠤᠣᠯᠳᠠᠯᠭᠠᠲᠤ ᠰᠦᠷᠦᠭ ᠤᠨ ᠡᠷᠤᠬᠡ ᠪᠤᠯᠬᠤ ᠲᠦᠮᠡᠨᠵᠢᠷᠭᠠᠯ ᠤᠨ ᠭᠠᠳᠠᠨ᠎ᠠ ᠬᠦᠷ ᠬᠥᠭᠵᠢᠶᠡᠨ ᠪᠣᠯᠵᠤ | ᠪᠠᠶᠢᠯ᠎ᠠ᠃ ᠰᠢᠯᠢ ᠶᠢᠨ ᠭᠤᠣᠯ ᠠᠶᠢᠮᠠᠭ ᠤᠨ ᠮᠠᠯ ᠠᠵᠤ ᠠᠬᠤᠢ ᠶᠢᠨ ᠠᠵᠢᠯᠯᠠᠬᠤ ᠦᠷᠳᠡᠭᠡ᠂ ᠪᠠᠷᠠᠭᠤᠨ ᠦᠵᠦᠮᠦᠴᠢᠨ | ᠬᠤᠰᠢᠭᠤᠨ ᠤ ᠮᠠᠯ ᠠᠵᠤ ᠠᠬᠤᠢ ᠶᠢᠨ ᠠᠵᠢᠯᠯᠠᠬᠤ ᠦᠷᠳᠡᠭᠡ ᠶᠢᠨ ᠬᠢᠨ ᠥᠨᠥᠳᠥᠷ ᠳᠡᠳᠡᠨ ᠤ ᠴᠠᠭᠠᠨ ᠠᠳᠤᠭᠤᠨ ᠳᠤ | ᠴᠠᠬᠢᠮ ᠢᠯᠲᠠᠰᠤ ᠰᠠᠭᠤᠯᠭᠠᠵᠤ᠂ ᠰᠤᠷᠠᠭ ᠵᠠᠩᠭᠢ ᠶᠢ ᠨᠢ ᠲᠣᠭᠠᠴᠢᠯᠠᠭᠰᠠᠨ ᠬᠠᠮᠢᠶᠠᠷᠤᠯᠲᠠ ᠶᠢᠨ ᠰᠢᠰᠲᠤᠮ ᠳᠤ ᠣᠷᠣᠭᠤᠯᠵᠤ | ᠪᠠᠶᠢᠭ᠎ᠠ ᠨᠢ ᠡᠨᠡ ᠪᠠᠶᠢᠪᠠ᠃ ᠲᠦᠮᠡᠨᠵᠢᠷᠭᠠᠯ᠄ ︽ᠥᠨᠥᠳᠥᠷ ᠮᠠᠨ ᠤ ᠨᠢᠭᠡ ᠠᠵᠢᠷᠭ᠎ᠠ ᠶᠢᠨ 32 ᠴᠠᠭᠠᠨ ᠠᠳᠤᠭᠤᠨ ᠳᠤ | ᠴᠠᠬᠢᠮ ᠢᠯᠲᠠᠰᠤ ᠰᠠᠭᠤᠯᠭᠠᠵᠤ᠂ ᠰᠤᠷᠠᠭ ᠵᠠᠩᠭᠢ ᠶᠢ ᠨᠢ ᠲᠣᠭᠠᠴᠢᠯᠠᠭᠰᠠᠨ ᠬᠠᠮᠢᠶᠠᠷᠤᠯᠲᠠ ᠶᠢᠨ ᠰᠢᠰᠲᠤᠮ ᠳᠤ ᠣᠷᠣᠭᠤᠯᠵᠠᠢ | ᠂ ᠲᠣᠭᠠᠴᠢᠯᠠᠭᠰᠠᠨ ᠰᠢᠰᠲ᠋ᠧᠮ ᠳᠡᠭᠡᠨ ᠠᠳᠤᠭᠤᠨ ᠤ ᠦᠨᠳᠦᠰᠦᠨ ᠰᠤᠷᠠᠭ ᠵᠠᠩᠭᠢ ᠶᠢ ᠨᠢ ᠲᠡᠮᠳᠡᠭᠯᠡᠬᠦ ᠪᠠᠷ ᠪᠠᠷᠠᠬᠤ ᠦᠭᠡᠢ | ᠪᠠᠰᠠ ᠬᠢᠵᠢᠭ ᠤᠨ ᠲᠠᠷᠢᠯᠭ᠎ᠠ᠂ ᠤᠳᠤᠮ ᠤᠭᠰᠠᠭ᠎ᠠ ᠵᠡᠷᠭᠡ ᠤᠯᠠᠨ ᠰᠤᠷᠠᠭ ᠵᠠᠩᠭᠢ ᠶᠢ ᠪᠦᠷ ᠲᠡᠮᠳᠡᠭᠯᠡᠵᠦ ᠪᠣᠯᠣᠨ᠎ᠠ᠃ | ᠥᠨᠥᠳᠥᠷ ᠠᠴᠠ ᠬᠤᠶᠢᠰᠢ ᠮᠠᠨ ᠤ ᠴᠠᠭᠠᠨ ᠠᠳᠤᠭᠤ ᠨᠢ ᠪᠦᠷ ᠪᠡᠶ᠎ᠡ ᠶᠢᠨ ᠦᠨᠡᠮᠯᠡᠯ ᠲᠠᠢ ᠪᠣᠯᠤᠭᠰᠠᠨ ᠰᠢᠤ︾ ᠭᠡᠵᠦ | ᠪᠠᠶᠠᠷᠲᠠᠢ ᠶᠠᠷᠢᠯ᠎ᠠ᠃ ᠪᠠᠷᠠᠭᠤᠨ ᠦᠵᠦᠮᠦᠴᠢᠨ ᠬᠤᠰᠢᠭᠤ ᠨᠢᠳᠤᠨᠤᠨ ᠵᠢᠯ ᠠᠴᠠ ᠡᠬᠢᠯᠡᠵᠦ ᠮᠣᠩᠭᠤᠯ ᠠᠳᠤᠭᠤᠨ ᠤ | ᠤᠯᠤᠰ ᠤᠨ ᠳᠡᠰ ᠤᠨ ᠬᠠᠮᠠᠭᠠᠯᠠᠯᠲᠠ ᠶᠢᠨ ᠣᠷᠣᠨ ᠤ ᠤᠯᠠᠭᠠᠠᠬᠠᠭᠠᠯᠭ᠎ᠠ ᠰᠤᠮᠤ᠂ ᠪᠠᠶᠠᠨᠬᠤᠸᠠ ᠪᠠᠯᠭᠠᠰᠤ᠂ ᠪᠠᠶᠠᠨᠬᠤᠰᠢᠭᠤ | ᠰᠤᠮᠤ ᠵᠡᠷᠭᠡ ᠭᠤᠷᠪᠠᠨ ᠰᠤᠮᠤ ᠪᠠᠯᠭᠠᠰᠤ ᠶᠢᠨ ᠮᠣᠩᠭᠤᠯ ᠠᠳᠤᠭᠤᠨ ᠳᠤ ᠴᠠᠬᠢᠮ ᠢᠯᠲᠠᠰᠤ ᠰᠠᠭᠤᠯᠭᠠᠬᠤ ᠪᠡᠯᠡᠳᠬᠡᠯ | ᠠᠵᠢᠯ ᠢᠶᠠᠨ ᠶᠠᠪᠤᠭᠳᠠᠭᠤᠯᠤᠭᠰᠠᠨ ᠰᠠᠭᠤᠷᠢᠨ ᠳᠡᠭᠡᠷ᠎ᠡ ᠡᠨᠡ ᠵᠢᠯ ᠵᠢᠩᠬᠢᠨᠢ ᠪᠠᠷ ᠮᠣᠩᠭᠤᠯ ᠠᠳᠤᠭᠤᠨ ᠤ ᠭᠤᠣᠯᠳᠠᠯᠭᠠᠲᠤ | ᠰᠦᠷᠦᠭ ᠤᠨ 43 ᠡᠷᠤᠬᠡ ᠶᠢᠨ 2000 ᠠᠳᠤᠭᠤᠨ ᠳᠤ ᠪᠦᠬᠦᠨ ᠳᠤᠨᠢ ᠴᠠᠬᠢᠮ ᠢᠯᠲᠠᠰᠤ ᠰᠠᠭᠤᠯᠭᠠᠵᠤ᠂ ᠰᠤᠷᠠᠭ | ᠵᠠᠩᠭᠢ ᠶᠢ ᠨᠢ ᠲᠣᠭᠠᠴᠢᠯᠠᠭᠰᠠᠨ ᠬᠠᠮᠢᠶᠠᠷᠤᠯᠲᠠ ᠶᠢᠨ ᠰᠢᠰᠲᠤᠮ ᠳᠤ ᠤᠷᠤᠭᠤᠯᠬᠤ ᠪᠠᠷ ᠪᠣᠯᠵᠠᠢ᠃ ᠲᠦᠮᠡᠨᠵᠢᠷᠭᠠᠯ ᠤᠨ ᠬᠢᠨ | ᠪᠣᠯ ᠲᠣᠭᠠᠴᠢᠯᠠᠭᠰᠠᠨ ᠬᠠᠮᠢᠶᠠᠷᠤᠯᠲᠠ ᠶᠢᠨ ᠰᠢᠰᠲᠤᠮ ᠳᠤ ᠤᠷᠤᠭᠤᠯᠬᠤ ᠠᠵᠢᠯ ᠤᠨ ᠠᠩᠬᠠᠨ ᠤ ᠴᠡᠭ ᠪᠠᠶᠢᠵᠤ᠂ ᠪᠤᠰᠤᠳ | 42 ᠡᠷᠤᠬᠡ ᠨᠢ ᠥᠪᠡᠷ ᠤᠨ ᠠᠵᠢᠯ ᠤᠨ ᠪᠣᠳᠠᠲᠠᠢ ᠪᠠᠶᠢᠳᠠᠯ ᠢᠶᠠᠨ ᠦᠨᠳᠦᠰᠦᠯᠡᠵᠦ ᠴᠠᠬᠢᠮ ᠢᠯᠲᠠᠰᠤ ᠰᠠᠭᠤᠯᠭᠠᠬᠤ | ᠠᠵᠢᠯ ᠢᠶᠠᠨ ᠦᠷᠭᠦᠯᠵᠢᠯᠡᠭᠦᠯᠬᠦ ᠪᠥᠭᠡᠳ ᠨᠢᠭᠡ ᠰᠠᠷ᠎ᠠ ᠶᠢᠨ ᠬᠤᠭᠤᠴᠠᠭᠠᠨ ᠳᠤ ᠳᠠᠭᠤᠰᠬᠠᠵᠤ᠂ ᠮᠠᠨ ᠤ ᠠᠶᠢᠮᠠᠭ ᠤᠨ | ᠤᠯᠤᠰ ᠤᠨ ᠳᠡᠰ ᠤᠨ ᠮᠣᠩᠭᠤᠯ ᠠᠳᠤᠭᠤᠨ ᠤ ᠬᠠᠮᠠᠭᠠᠯᠠᠯᠲᠠ ᠶᠢᠨ ᠣᠷᠣᠨ ᠤ ᠮᠣᠩᠭᠤᠯ ᠠᠳᠤᠭᠤᠨ ᠤ ᠰᠤᠷᠠᠭ ᠵᠠᠩᠭᠢ ᠶᠢᠨ | ᠲᠣᠭᠠᠴᠢᠯᠠᠭᠰᠠᠨ ᠬᠠᠮᠢᠶᠠᠷᠤᠯᠲᠠ ᠶᠢᠨ ᠰᠢᠰᠲ᠋ᠧᠮ ᠳᠤ ᠤᠷᠤᠭᠤᠯᠬᠤ ᠠᠵᠢᠯ ᠢᠶᠠᠨ ᠪᠡᠶᠡᠯᠡᠭᠦᠯᠬᠦ ᠪᠣᠯᠣᠨ᠎ᠠ᠃ ᠰᠢᠯᠢ ᠶᠢᠨ | ᠭᠤᠣᠯ ᠠᠶᠢᠮᠠᠭ ᠤᠨ ᠮᠠᠯ ᠠᠵᠤ ᠠᠬᠤᠢ ᠶᠢᠨ ᠠᠵᠢᠯᠯᠠᠬᠤ ᠥᠷᠲᠡᠭᠡᠨ ᠤ ᠳᠡᠳ᠋ ᠳᠠᠷᠤᠭ᠎ᠠ ᠰᠣᠳᠣᠰᠡᠴᠡᠨ᠄ ︽ | ᠬᠠᠮᠠᠭᠠᠯᠠᠯᠲᠠ ᠶᠢᠨ ᠣᠷᠣᠨ ᠤ ᠮᠣᠩᠭᠤᠯ ᠠᠳᠤᠭᠤᠨ ᠤ ᠰᠤᠷᠠᠭ ᠵᠠᠩᠭᠢ ᠶᠢ ᠲᠣᠭᠠᠴᠢᠯᠠᠭᠰᠠᠨ ᠬᠠᠮᠢᠶᠠᠷᠤᠯᠲᠠ ᠶᠢᠨ | ᠰᠢᠰᠲ᠋ᠧᠮ ᠳᠤ ᠤᠷᠤᠭᠤᠯᠬᠤ ᠨᠢ ᠮᠣᠩᠭᠤᠯ ᠠᠳᠤᠭᠤ ᠶᠢ ᠰᠣᠩᠭᠤᠨ ᠪᠣᠶᠢᠵᠢᠭᠤᠯᠬᠤ᠂ ᠬᠠᠮᠠᠭᠠᠯᠠᠬᠤ᠂ ᠲᠡᠷᠡᠴᠢᠯᠡᠨ ᠵᠠᠬ᠎ᠠ | ᠳᠡᠯᠭᠡᠭᠦᠷ ᠲᠤ ᠭᠠᠷᠭᠠᠬᠤ ᠳᠤ ᠪᠦᠷ ᠰᠠᠭᠤᠷᠢ ᠰᠤᠷᠠᠭ ᠵᠠᠩᠭᠢ ᠶᠢ ᠬᠠᠩᠭᠠᠵᠤ ᠪᠠᠶᠢᠳᠠᠭ᠂ ᠰᠤᠷᠠᠭ ᠵᠠᠩᠭᠢ ᠪᠠᠨ ᠪᠢᠳᠡ | ᠦᠷᠬᠦᠯᠵᠢᠯᠡᠨ ᠨᠡᠮᠡᠵᠦ ᠲᠡᠭᠦᠯᠳᠡᠷᠵᠢᠭᠦᠯᠬᠦ ᠲᠤᠰᠤᠮ ᠮᠣᠩᠭᠤᠯ ᠠᠳᠤᠭᠤ ᠶᠢ ᠰᠣᠩᠭᠤᠨ ᠪᠣᠶᠢᠵᠢᠭᠤᠯᠬᠤ᠂ ᠬᠠᠮᠠᠭᠠᠯᠠᠬᠤ ᠳᠤ | ᠤᠯᠠᠮ ᠰᠠᠶᠢᠨ ᠪᠠᠲᠤᠯᠠᠭ᠎ᠠ ᠲᠠᠢ ᠪᠤᠯᠳᠠᠭ︾ ᠭᠡᠵᠦ ᠲᠠᠨᠢᠯᠴᠠᠭᠤᠯᠪᠠ᠃ ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠬᠥᠳᠡᠭᠡ ᠠᠵᠤ ᠠᠬᠤᠢ ᠶᠢᠨ ᠶᠠᠮᠤᠨ 2008 ᠣᠨ ᠤ 7 ᠰᠠᠷ᠎ᠠ ᠶᠢᠨ 7 ᠤ ᠡᠳᠦᠷ 1058 ᠳ᠋ᠤᠭᠠᠷ ᠲᠣᠭᠠᠲᠤ | ᠠᠯᠪᠠᠨ ᠵᠠᠷ ᠨᠡᠶᠢᠲᠡᠯᠡᠵᠦ᠂ ᠪᠠᠷᠠᠭᠤᠨ ᠦᠵᠦᠮᠦᠴᠢᠨ ᠬᠤᠰᠢᠭᠤᠨ ᠤ ᠪᠠᠶᠠᠨᠬᠤᠰᠢᠭᠤ ᠰᠤᠮᠤ᠂ ᠤᠯᠠᠭᠠᠠᠬᠠᠭᠠᠯᠭ᠎ᠠ ᠰᠤᠮᠤ | ᠪᠣᠯᠣᠨ ᠪᠠᠶᠠᠨᠬᠤᠸᠠ ᠪᠠᠯᠭᠠᠰᠤᠨ ᠳᠤ ᠠᠩᠬᠠᠨ ᠤ ᠪᠦᠯᠦᠭ ᠤᠯᠤᠰ ᠤᠨ ᠲᠠᠰ ᠤᠨ ᠮᠣᠩᠭᠤᠯ ᠠᠳᠤᠭᠤᠨ ᠤ ᠬᠠᠮᠠᠭᠠᠯᠠᠯᠲᠠ ᠶᠢᠨ | ᠣᠷᠣᠨ ᠢ ᠪᠠᠶᠢᠭᠤᠯᠤᠭᠰᠠᠨ ᠪᠠᠶᠢᠨ᠎ᠠ᠃ ᠮᠣᠩᠭᠤᠯ ᠠᠳᠤᠭᠤᠨ ᠤ ᠬᠠᠮᠠᠭᠠᠯᠠᠯᠲᠠ ᠶᠢᠨ ᠣᠷᠣᠨ ᠪᠠᠶᠢᠭᠤᠯᠤᠭᠳᠠᠭᠰᠠᠨ ᠠᠴᠠ | ᠨᠠᠭᠠᠰᠢ᠂ ᠬᠠᠮᠠᠭᠠᠯᠠᠯᠲᠠ ᠶᠢᠨ ᠣᠷᠣᠨ ᠳᠤ ᠰᠣᠩᠭᠤᠨ ᠪᠣᠶᠢᠵᠢᠭᠤᠯᠬᠤ ᠠᠵᠢᠯ ᠢ ᠥᠷᠨᠢᠭᠦᠯᠵᠦ᠂ ᠰᠢᠯᠢᠳᠡᠭ ᠪᠣᠳᠠᠭᠠᠯᠢ | ᠪᠡᠶ᠎ᠡ ᠶᠢ ᠰᠣᠩᠭᠤᠨ ᠮᠣᠩᠭᠤᠯ ᠠᠳᠤᠭᠤ ᠶᠢ ᠰᠣᠩᠭᠤᠨ ᠪᠣᠶᠢᠵᠢᠭᠤᠯᠵᠤ᠂ ᠦᠢᠯᠡᠳᠪᠦᠷᠢᠯᠡᠯ ᠤᠨ ᠴᠢᠳᠠᠪᠬᠢ ᠶᠢ | ᠳᠡᠭᠡᠭᠰᠢᠯᠡᠭᠦᠯᠦᠭᠰᠡᠨ ᠤ ᠬᠠᠮᠲᠤ ᠡᠨᠡ ᠵᠢᠯ ᠴᠠᠬᠢᠮ ᠢᠯᠲᠠᠰᠤ ᠰᠠᠭᠤᠯᠭᠠᠵᠤ ᠰᠤᠷᠠᠭ ᠵᠠᠩᠭᠢ ᠶᠢ ᠨᠢ ᠲᠣᠭᠠᠴᠢᠯᠠᠭᠰᠠᠨ | ᠬᠠᠮᠢᠶᠠᠷᠤᠯᠲᠠ ᠶᠢᠨ ᠰᠢᠰᠲ᠋ᠧᠮ ᠳᠤ ᠤᠷᠤᠭᠤᠯᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠵᠤ᠂ ᠮᠣᠩᠭᠤᠯ ᠠᠳᠤᠭᠤᠨ ᠤ | ᠡᠭᠦᠯᠳᠡᠷ ᠢ ᠬᠠᠮᠠᠭᠠᠯᠠᠬᠤ ᠠᠷᠭ᠎ᠠ ᠬᠡᠮᠵᠢᠶ᠎ᠡ ᠶᠢᠨ ᠲᠠᠯ᠎ᠠ ᠪᠠᠷ ᠤᠯᠠᠮ ᠲᠡᠭᠦᠯᠳᠡᠷᠵᠢᠭᠦᠯᠦᠭᠰᠡᠨ ᠪᠠᠶᠢᠨ᠎ᠠ᠃ ᠬᠠᠮᠠᠭᠠᠯᠠᠯᠲᠠ ᠶᠢᠨ | ᠣᠷᠣᠨ ᠳᠤ ᠣᠲᠣ 434 ᠡᠷᠦᠬᠡ ᠶᠢᠨ 17409 ᠭᠡᠭᠦᠦ᠂ 1334 ᠠᠵᠢᠷᠭ᠎ᠠ ᠪᠠᠶᠢᠵᠤ᠂ ᠡᠭᠦᠨ ᠳᠤ 43 ᠡᠷᠤᠬᠡ ᠶᠢᠨ | ᠮᠣᠩᠭᠤᠯ ᠠᠳᠤᠭᠤᠨ ᠤ ᠭᠤᠣᠯᠳᠠᠯᠭᠠᠲᠤ ᠰᠦᠷᠦᠭ ᠪᠠᠶᠢᠨ᠎ᠠ᠃ |