ᠶᠡᠷᠦᠩᠬᠡᠢ ᠱᠦᠵᠢ ᠱᠢ ᠶᠢᠨ ᠫᠢᠩ ᠤᠨ ᠪᠠᠭᠠᠴᠤᠳ ᠬᠡᠣᠬᠡᠳ ᠤᠨ ᠡᠷᠡᠭᠦᠯ ᠢᠶᠠᠷ ᠦᠰᠦᠨ ᠪᠦᠵᠢᠬᠤ ᠲᠤᠬᠠᠢ | ᠰᠢᠷᠢᠰ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠣᠷᠢᠵᠢᠭᠤᠯᠵᠣ᠂ | ᠬᠠᠷᠢᠶᠠᠲᠤ ᠣᠷᠣᠨ ᠤ ᠳᠣᠲᠣᠷᠠᠬᠢ ᠬᠦᠴᠢᠷᠳᠡᠯ ᠳᠤ ᠲᠤᠯᠭᠠᠷᠬᠠᠰᠠᠨ ᠬᠡᠣᠬᠡᠳ ᠢ ᠬᠠᠪᠰᠤᠷᠤᠨ ᠲᠡᠳᠬᠦᠬᠦ ᠡᠷᠴᠢᠮ ᠢᠶᠠᠨ | ᠤᠯᠠᠮ ᠨᠢᠭᠡ ᠠᠯᠬᠤᠮ ᠴᠢᠩᠭᠠᠳᠬᠠᠬᠤ ᠶᠢᠨ ᠲᠤᠰᠠᠳᠠ᠂ ᠬᠦᠴᠢᠷᠳᠡᠯ ᠳᠤ ᠲᠤᠯᠭᠠᠷᠬᠠᠰᠠᠨ ᠬᠡᠣᠬᠡᠳ ᠲᠤ ᠬᠠᠶᠢᠷ᠎ᠠ | ᠬᠠᠯᠠᠮᠵᠢ ᠬᠦᠷᠭᠡᠵᠦ᠂ ᠬᠠᠶᠢᠷ᠎ᠠ ᠬᠠᠯᠠᠮᠵᠢ ᠶᠢ ᠤᠯᠠᠮᠵᠢᠯᠪᠠ᠃ ᠣᠢᠷ᠎ᠠ ᠳᠤ᠂ ᠴᠤᠬᠠᠠᠭᠤᠯᠠ ᠰᠤᠮᠤᠨ ᠤ ᠵᠠᠰᠠᠭ ᠤᠨ | ᠣᠷᠳᠣᠨ᠂ ᠡᠪᠯᠡᠯ ᠤᠨ ᠬᠤᠷᠢᠶ᠎ᠠ᠂ ᠡᠮᠡᠭᠳᠠᠶᠢᠴᠣᠳ ᠤᠨ ᠬᠤᠯᠪᠣᠭ᠎ᠠ ᠬᠠᠮᠲᠤᠷᠠᠨ ︽ᠰᠡᠳᠬᠢᠯ ᠨᠢᠭᠡᠳᠦᠨ ᠥᠰᠴᠦ᠂ | ᠬᠠᠮᠲᠤᠪᠠᠷ ᠢᠷᠡᠭᠡᠳᠦᠢ ᠪᠠᠨ ᠬᠠᠶᠢᠷᠠᠯᠠᠨ ᠬᠠᠮᠠᠭᠠᠯᠠᠬᠤ︾ ᠬᠦᠴᠢᠷᠳᠡᠯᠲᠡᠢ ᠬᠡᠣᠬᠡᠳ ᠢ ᠪᠣᠯᠭᠤᠭᠠᠨ ᠲᠣᠬᠤᠨᠢᠭᠤᠯᠬᠤ | ᠠᠵᠢᠯᠯᠠᠭ᠎ᠠ ᠥᠷᠨᠢᠭᠦᠯᠵᠦ᠂ ᠬᠠᠷᠢᠶᠠᠲᠤ ᠣᠷᠣᠨ ᠤ 20 ᠭᠠᠷᠤᠢ ᠬᠡᠣᠬᠡᠳ ᠲᠤ ᠰᠤᠷᠤᠯᠭ᠎ᠠ ᠶᠢᠨ ᠬᠡᠷᠡᠭᠰᠡᠯ᠂ | ᠠᠮᠢᠳᠤᠷᠠᠯ ᠤᠨ ᠬᠡᠷᠡᠭᠰᠡᠯ ᠵᠡᠷᠭᠡ ᠶᠢ ᠬᠦᠷᠭᠡᠨ ᠥᠭᠴᠡᠢ᠃ | ᠳᠠᠷᠠᠭ᠎ᠠ ᠠᠯᠬᠤᠮ ᠳᠤ᠂ ᠮᠠᠨ ᠤ ᠰᠤᠮᠤ ᠬᠦᠴᠢᠷᠳᠡᠯ ᠳᠤ ᠲᠤᠯᠭᠠᠷᠬᠠᠰᠠᠨ ᠬᠡᠣᠬᠡᠳ ᠤᠨ ᠪᠣᠳᠠᠲᠠᠢ | ᠪᠠᠶᠢᠳᠠᠯ ᠢ ᠦᠷᠭᠦᠯᠵᠢᠯᠡᠨ ᠠᠩᠬᠠᠷᠴᠤ᠂ ᠬᠡᠣᠬᠡᠳ ᠢ ᠬᠠᠮᠠᠭᠠᠯᠠᠬᠤ ᠪᠠ ᠬᠠᠤᠯᠢ ᠴᠠᠭᠠᠵᠠ ᠬᠠᠤᠯᠢ ᠲᠣᠭᠲᠠᠭᠠᠯ ᠵᠢᠴᠢ | ᠠᠷᠠᠳ ᠲᠤ ᠠᠰᠢᠭ ᠬᠦᠷᠲᠡᠭᠡᠬᠦ ᠬᠠᠮᠢᠶ᠎ᠠ ᠪᠦᠬᠦᠢ ᠲᠦᠷᠰᠦ ᠶᠢᠨ ᠪᠣᠳᠣᠯᠭ᠎ᠠ ᠶᠢ ᠶᠡᠬᠡᠪᠡᠷ ᠤᠬᠠᠭᠤᠯᠵᠤ᠂ | ᠬᠡᠣᠬᠡᠳ ᠤᠨ ᠳᠤᠮᠳᠠ ᠭᠦᠨᠵᠡᠭᠡᠢᠷᠡᠨ᠂ ᠬᠡᠣᠬᠡᠳ ᠤᠨ ᠡᠷᠬᠡ ᠠᠰᠢᠭ ᠢ ᠬᠠᠮᠠᠭᠠᠯᠠᠵᠤ᠂ ᠬᠡᠣᠬᠡᠳ ᠲᠤ ᠡᠷᠡᠭᠦᠯ ᠢᠶᠠᠷ | ᠦᠰᠦᠨ ᠪᠣᠶᠢᠵᠢᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠢ ᠪᠣᠯᠭᠠᠵᠤ᠂ ᠬᠦᠴᠢᠷᠳᠡᠯ ᠳᠤ | ᠲᠤᠯᠭᠠᠷᠬᠠᠰᠠᠨ ᠬᠡᠣᠬᠡᠳ ᠢ ᠬᠠᠯᠠᠮᠵᠢᠯᠠᠨ ᠬᠠᠶᠢᠷᠠᠯᠠᠵᠣ ᠦᠰᠦᠨ ᠪᠣᠶᠢᠵᠢᠬᠤ ᠵᠠᠮ ᠢ ᠬᠡᠷᠡᠯᠲᠦᠭᠦᠯᠪᠡ᠃ |