ᠪᠠᠶᠠᠨᠪᠤᠯᠠᠭ ᠰᠤᠮᠤᠨ ᠠᠴᠠ ᠲᠠᠯ᠎ᠠ ᠨᠤᠲᠤᠭ ᠤᠨ ᠴᠠᠷᠴᠠᠬᠠᠶ ᠶᠢ ᠪᠠᠶᠢᠴᠠᠭᠠᠵᠤ ᠰᠡᠷᠭᠡᠶᠢᠯᠡᠨ ᠵᠠᠰᠠᠬᠤ ᠠᠵᠢᠯ ᠢ ᠪᠥᠬᠦ ᠲᠠᠯ᠎ᠠ ᠪᠠᠷ ᠥᠷᠨᠢᠭᠦᠯᠪᠡ
ᠨᠡᠶᠢᠲᠡᠯᠡᠭᠰᠡᠨ ᠴᠠᠭ᠄
2024/6/29
     ᠨᠤᠲᠤᠭ ᠪᠡᠯᠴᠢᠭᠡᠷ ᠤᠨ ᠴᠠᠷᠴᠠᠬᠠᠶ ᠶᠢᠨ ᠬᠥᠨᠥᠭᠡᠯ ᠢ ᠪᠦᠲᠦᠮᠵᠢᠲᠡᠶ ᠬᠢᠵᠠᠭᠠᠷᠯᠠᠵᠤ᠂ ᠡᠪᠡᠰᠦ ᠪᠡᠯᠴᠢᠭᠡᠷ ᠤᠨ ᠬᠤᠬᠢᠷᠠᠯ ᠢ ᠪᠠᠭᠠᠰᠬᠠᠵᠤ᠂ ᠨᠤᠲᠤᠭ ᠪᠡᠯᠴᠢᠭᠡᠷ ᠤᠨ ᠠᠮᠢ ᠠᠬᠤᠶ ᠶᠢᠨ ᠲᠡᠩᠴᠡᠭᠦᠷᠢ ᠪᠠ ᠮᠠᠯ ᠠᠵᠤ ᠠᠬᠤᠶ ᠶᠢᠨ ᠡᠷᠡᠭᠦᠯ ᠢᠶᠠᠷ ᠬᠥᠭᠵᠢᠬᠦ ᠶᠢ ᠪᠠᠲᠤᠯᠠᠬᠤ ᠶᠢᠨ ᠲᠥᠯᠥᠭᠡ᠂ ᠣᠶᠢᠷ᠎ᠠ ᠳᠤ ᠪᠠᠶᠠᠨᠪᠤᠯᠠᠭ ᠰᠤᠮᠤᠨ ᠎ ᠤ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ᠂ ᠬᠤᠲᠠ ᠶᠢᠨ ᠨᠤᠲᠤᠭ ᠪᠡᠯᠴᠢᠭᠡᠷ ᠤᠨ ᠠᠵᠢᠯ ‍ᠤᠨ‌ᠥᠷᠲᠡᠭᠡ ᠲᠠᠢ ᠢᠳᠡᠪᠬᠢᠲᠡᠶ ᠬᠠᠮᠵᠢᠯᠴᠠᠵᠤ᠂ ᠴᠠᠷᠴᠠᠬᠠᠶ ᠶᠢᠨ ᠭᠠᠮᠰᠢᠭ ᠢ ᠪᠠᠶᠢᠴᠠᠭᠠᠵᠤ ᠰᠡᠷᠭᠡᠶᠢᠯᠡᠨ ᠵᠠᠰᠠᠬᠤ ᠠᠵᠢᠯ ᠢ ᠭᠦᠨᠵᠡᠭᠡᠶ ᠥᠷᠨᠢᠭᠦᠯᠪᠡ᠃      ᠠᠵᠢᠯᠲᠠᠳ ᠡᠯ᠎ᠡ ᠭᠠᠴᠠᠭᠠᠨ ᠤ ᠵᠢᠯ ᠪᠦᠷᠢ ᠶᠢᠨ ᠬᠤᠷᠣᠬᠠᠶ ᠶᠢᠨ ᠬᠥᠨᠥᠭᠡᠯ ᠣᠯᠠᠨ ᠭᠠᠷᠳᠠᠭ  ᠭᠠᠵᠠᠷ ᠵᠢᠴᠢ ᠮᠠᠯᠴᠢᠳ ᠤᠨ ᠭᠤᠤᠯᠳᠠᠯᠭ᠎ᠠ ᠲᠠᠢ ᠤᠷᠤᠨ ᠳᠤ ᠭᠦᠨᠵᠡᠭᠡᠶᠢᠷᠡᠵᠦ᠂ ᠬᠤᠷᠣᠬᠠᠶ ᠶᠢᠨ ᠬᠥᠨᠥᠭᠡᠯ ᠪᠠᠶᠢᠬᠤ ᠡᠰᠡᠬᠦ ᠶᠢ ᠲᠤᠬᠠᠶ ᠶᠢᠨ ᠭᠠᠵᠠᠷ ᠲᠤᠨᠢ ᠠᠵᠢᠭᠯᠠᠬᠤ ᠶᠢᠨ ᠬᠠᠮᠲᠤ ᠨᠠᠷᠢᠨ ᠲᠣᠳᠣᠷᠬᠠᠶ ᠲᠡᠮᠳᠡᠭᠯᠡᠯ ᠬᠢᠪᠡ᠃ 6 ᠰᠠᠷ᠎ᠠ ᠶᠢᠨ 4 ᠎ ᠤ ᠡᠳᠦᠷ ᠠᠴᠠ ᠡᠬᠢᠯᠡᠨ᠂ ᠠᠵᠢᠯᠲᠠᠳ ᠬᠤᠲᠠ ᠶᠢᠨ ᠨᠤᠲᠤᠭ ᠪᠡᠯᠴᠢᠭᠡᠷ ᠤᠨ ᠠᠵᠢᠯ ᠤᠨ ᠥᠷᠲᠡᠭᠡ ᠲᠠᠢ ᠢᠳᠡᠪᠬᠢᠲᠡᠶ ᠬᠠᠮᠵᠢᠯᠴᠠᠨ ᠴᠠᠷᠴᠠᠬᠠᠶ ᠣᠯᠠᠨ ᠡᠭᠦᠰᠳᠡᠭ ᠣᠷᠣᠨ ᠤ ᠴᠠᠷᠴᠠᠬᠠᠶ ᠤᠰᠠᠳᠬᠠᠬᠤ ᠠᠵᠢᠯ ᠪᠠ ᠰᠡᠷᠭᠡᠶᠢᠯᠡᠨ ᠵᠠᠰᠠᠬᠤ ᠠᠵᠢᠯ ᠢ ᠥᠷᠨᠢᠭᠦᠯᠪᠡ᠃ 3 ᠰᠠᠤᠷᠢ ᠮᠠᠰᠢᠨ ᠮᠧᠬᠠᠨᠢᠭ ᠬᠥᠳᠡᠯᠭᠡᠵᠦ᠂ ᠰᠡᠷᠭᠡᠶᠢᠯᠡᠨ ᠵᠠᠰᠠᠭᠰᠠᠨ ᠲᠠᠯᠠᠪᠠᠢ ᠪᠠᠷᠤᠭ 3 ᠲᠦᠮᠡᠨ ᠮᠦ ᠳᠤ ᠬᠦᠷᠴᠡᠢ᠃      ᠪᠠᠶᠠᠨᠪᠤᠯᠠᠭ ᠰᠤᠮᠤᠨ ᠠᠴᠠ ᠨᠤᠲᠤᠭ ᠪᠡᠯᠴᠢᠭᠡᠷ ᠤᠨ ᠴᠠᠷᠴᠠᠬᠠᠶ ᠶᠢ ᠪᠠᠶᠢᠴᠠᠭᠠᠵᠤ ᠰᠡᠷᠭᠡᠶᠢᠯᠡᠨ ᠵᠠᠰᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠮᠠᠯᠴᠢᠳ ᠤᠨ ᠰᠡᠷᠭᠡᠶᠢᠯᠡᠨ ᠵᠠᠰᠠᠬᠤ ᠤᠬᠠᠮᠰᠠᠷ ᠪᠠ ᠴᠢᠳᠠᠪᠤᠷᠢ ᠶᠢ ᠳᠡᠭᠡᠭᠰᠢᠯᠡᠭᠦᠯᠵᠦ᠂ ᠨᠤᠲᠤᠭ ᠪᠡᠯᠴᠢᠭᠡᠷ ᠤᠨ ᠠᠮᠢ ᠠᠬᠤᠶ ᠶᠢᠨ ᠠᠮᠤᠷ ᠲᠦᠪᠰᠢᠨ ᠪᠠ ᠮᠠᠯ ᠠᠵᠤ ᠠᠬᠤᠶ ᠶᠢᠨ ᠦᠷᠭᠦᠯᠵᠢᠯᠡᠭᠦᠶᠢᠴᠡ ᠬᠥᠭᠵᠢᠯᠲᠡ ᠶᠢ ᠦᠨᠡᠨ ᠬᠦ ᠪᠠᠲᠤᠯᠠᠨ᠎ᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号