︽ᠤᠰᠤ ᠨᠢ ᠲᠤᠩᠭᠠᠯᠠᠭ᠂ ᠭᠤᠣᠯ ᠨᠢ ᠴᠡᠪᠡᠷ᠂ ᠡᠷᠭᠢ ᠨᠢ ᠨᠣᠭᠤᠭᠠᠨ᠂ ᠦᠵᠡᠮᠵᠢ ᠨᠢ ᠰᠠᠶᠢᠬᠠᠨ︾ | ᠤᠰᠤᠨ ᠤ ᠠᠮᠢ ᠠᠬᠤᠶ ᠶᠢᠨ ᠣᠷᠴᠢᠨ ᠲᠣᠭᠤᠷᠢᠨ ᠢ ᠪᠠᠲᠤᠯᠠᠬᠤ ᠶᠢᠨ ᠲᠥᠯᠥᠭᠡ᠂ ᠮᠣᠳᠣᠨ ᠮᠠᠯᠵᠢᠯ ᠤᠨ ᠲᠠᠯᠠᠪᠠᠶ ᠨᠢ | ︽ᠭᠤᠣᠯ ᠤᠨ ᠳᠠᠷᠤᠭ᠎ᠠ ᠶᠢᠨ ᠲᠦᠷᠢᠮ︾ ᠤᠨ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ | ᠭᠤᠣᠯ ᠤᠨ ᠤᠷᠤᠰᠬᠠᠯ ᠤᠨ ᠬᠠᠮᠢᠶᠠᠷᠤᠯᠲᠠ ᠶᠢ ᠴᠢᠩᠭᠠᠳᠬᠠᠨ᠂ ᠭᠤᠣᠯ ᠤᠨ ᠤᠷᠤᠰᠬᠠᠯ ᠤᠨ ᠤᠰᠤᠨ ᠤ ᠣᠷᠴᠢᠨ | ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠬᠤ ᠶᠢ ᠪᠠᠳᠣᠯᠠᠪᠠ᠃ | 6 ᠰᠠᠷ᠎ᠠ ᠶᠢᠨ 25 ᠤ ᠡᠳᠦᠷ᠂ ᠮᠣᠳᠣᠨ ᠮᠠᠯᠵᠢᠯ ᠤᠨ ᠲᠠᠯᠠᠪᠠᠢ ᠶᠢᠨ ᠭᠤᠣᠯ ᠮᠥᠷᠡᠨ ᠤ ᠳᠠᠷᠤᠭ᠎ᠠ ᠶᠢᠨ | ᠠᠯᠪᠠᠨ ᠭᠡᠷ ᠤᠨ ᠳᠤᠭᠤᠶᠢᠯᠠᠩ ᠤᠨ ᠬᠢᠨ ᠬᠤᠷᠤᠲᠤ ᠪᠤᠯᠠᠭ ᠭᠤᠣᠯ ᠳᠤ ᠬᠦᠷᠴᠦ ᠭᠤᠣᠯ ᠴᠠᠭᠳᠠᠬᠤ ᠠᠵᠢᠯ | ᠥᠷᠨᠢᠭᠦᠯᠪᠡ᠃ | ᠳᠠᠷᠠᠭᠠᠴᠢ ᠶᠢᠨ ᠠᠯᠬᠤᠮ ᠳᠤ᠂ ᠮᠠᠯᠵᠢᠯ ᠤᠨ ᠲᠠᠯᠠᠪᠠᠶ ᠶᠢᠨ ᠬᠢᠨ ᠭᠤᠣᠯ ᠤᠨ ᠤᠷᠤᠰᠬᠠᠯ ᠤᠨ ᠡᠳᠦᠷ | ᠲᠤᠲᠤᠮ ᠤᠨ ᠲᠣᠭᠤᠷᠢᠨ ᠪᠠᠶᠢᠴᠠᠭᠠᠯᠲᠠ ᠪᠠ ᠬᠢᠨᠠᠯᠲᠠ ᠬᠠᠮᠢᠶᠠᠷᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ | ᠨᠠᠷᠢᠨ ᠬᠢᠨᠠᠮᠠᠭᠠᠶ ᠬᠠᠷᠢᠭᠤᠴᠠᠬᠤ ᠣᠪᠣᠷ᠂ ᠪᠣᠳᠠᠲᠠᠶ ᠶᠢ ᠡᠷᠬᠢᠮᠯᠡᠨ ᠲᠤᠰᠠᠲᠠᠶ ᠠᠷᠭ᠎ᠠ ᠬᠡᠮᠵᠢᠶ᠎ᠡ ᠪᠠᠷ ᠭᠤᠣᠯ ᠮᠥᠷᠡᠨ | ᠨᠠᠭᠤᠷ ᠴᠥᠭᠦᠷᠥᠮ ᠢ ᠬᠠᠮᠢᠶᠠᠷᠴᠤ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠭᠤᠣᠯ ᠮᠥᠷᠡᠨ ᠢ ᠰᠠᠬᠢᠬᠤ ᠳᠤ | ᠬᠠᠷᠢᠭᠤᠴᠠᠯᠭ᠎ᠠ ᠪᠠᠨ ᠭᠦᠢᠴᠡᠳᠬᠡᠬᠦ᠂ ᠭᠤᠣᠯ ᠮᠥᠷᠡᠨ ᠢ ᠰᠠᠬᠢᠬᠤ ᠳᠤ ᠬᠠᠷᠢᠭᠤᠴᠠᠯᠭ᠎ᠠ ᠪᠠᠨ ᠡᠭᠦᠷᠭᠡᠯᠡᠬᠦ ᠶᠢ ᠦᠨᠡᠨᠬᠦ | ᠪᠡᠶᠡᠯᠡᠭᠦᠯᠵᠦ᠂ ᠬᠠᠷᠢᠶᠠᠲᠤ ᠣᠷᠣᠨ ᠤ ᠮᠠᠯᠴᠢᠳ ᠲᠤ ᠭᠤᠣᠯ ᠮᠥᠷᠡᠨ ᠨᠠᠭᠤᠷ ᠴᠥᠭᠦᠷᠥᠮ ᠢ ᠬᠠᠮᠢᠶᠠᠷᠴᠤ | ᠬᠠᠮᠠᠭᠠᠯᠠᠬᠤ ᠬᠠᠣᠯᠢ ᠴᠠᠭᠠᠵᠠ ᠬᠠᠣᠯᠢ ᠲᠣᠭᠲᠠᠭᠠᠯ ᠢ ᠥᠷᠭᠡᠨ ᠢᠶᠠᠷ ᠤᠬᠠᠭᠤᠯᠵᠤ᠂ ᠮᠠᠯᠴᠢᠳ ᠢ ᠬᠥᠲᠥᠯᠦᠨ | ᠵᠢᠯᠣᠭᠤᠳᠴᠤ ᠭᠤᠣᠯ ᠤᠨ ᠤᠷᠤᠰᠬᠠᠯ ᠢ ᠲᠣᠭᠤᠷᠢᠨ ᠪᠠᠶᠢᠴᠠᠭᠠᠵᠤ ᠬᠠᠮᠠᠭᠠᠯᠠᠬᠤ ᠠᠵᠢᠯ ᠳᠤ ᠢᠳᠡᠪᠬᠢᠲᠡᠶ | ᠣᠷᠣᠯᠴᠠᠭᠤᠯᠵᠤ᠂ ᠭᠤᠣᠯ ᠮᠥᠷᠡᠨ ᠤ ᠡᠷᠭᠢ ᠳᠠᠭᠠᠣ ᠶᠢᠨ ᠠᠮᠢ ᠠᠬᠤᠶ ᠶᠢᠨ ᠣᠷᠴᠢᠨ ᠲᠣᠭᠤᠷᠢᠨ ᠢ ᠤᠯᠠᠮ ᠨᠢᠭᠡ | ᠠᠯᠬᠤᠮ ᠴᠡᠪᠡᠷᠰᠢᠭᠦᠯᠦᠨ᠎ᠡ᠃ |