AI ᠵᠣᠬᠢᠶᠠᠮᠠᠯ ᠣᠶᠤᠨᠯᠢᠭ ᠤᠨ ᠬᠡᠷᠡᠭᠯᠡᠭᠡ ᠪᠠᠷ ᠳᠠᠮᠵᠢᠭᠤᠯᠤᠨ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠲᠣᠪᠣᠶᠢᠮ᠎ᠠ ᠬᠦᠷᠢᠶᠡᠨ ᠳᠠᠬᠢ ︽ᠵᠠᠭᠠᠯᠳᠤᠯᠭ᠎ᠠ ᠶᠢ ᠭᠥᠯᠢᠶᠡᠨ ᠠᠪᠤᠪᠠᠯ ᠳᠠᠷᠤᠢ ᠭᠦᠢᠴᠡᠳᠬᠡᠬᠦ︾᠎ ᠶᠢ ︽ᠵᠠᠭᠠᠯᠳᠣᠭᠤᠯᠬᠤ ᠦᠭᠡᠢ ᠪᠠᠷ ᠤᠷᠢᠳᠠᠪᠠᠷ ᠭᠦᠢᠴᠡᠳᠬᠡᠬᠦ︾ ᠪᠣᠯᠭᠠᠨ ᠬᠤᠪᠢᠷᠠᠭᠤᠯᠬᠤ ᠶᠢ ᠬᠠᠶᠢᠨ ᠰᠦᠪᠡᠭᠴᠢᠯᠡᠨ᠎ᠡ
ᠨᠡᠶᠢᠲᠡᠯᠡᠭᠰᠡᠨ ᠴᠠᠭ᠄
2024/6/29
     2024 ᠣᠨ ᠤ ᠳᠡᠭᠡᠷ᠎ᠡ ᠬᠠᠭᠠᠰ ᠵᠢᠯ ᠳᠤ᠂  ᠰᠢᠯᠢ ᠶᠢᠨ ᠬᠤᠲᠠ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ᠂ ᠲᠣᠥᠷᠵᠢᠭᠤᠯᠤᠭᠰᠠᠨ ᠬᠠᠮᠢᠶᠠᠷᠤᠯᠲᠠ᠂ ᠥᠪᠥᠷ ᠮᠣᠩᠭᠤᠯ ᠤᠨ  ᠬᠤᠷᠳᠣᠨ ᠭᠦᠢᠴᠡᠳᠬᠡᠬᠦ ᠰᠣᠪᠠᠭ᠂ ᠵᠠᠰᠠᠭ ᠤᠨ ᠶᠠᠪᠤᠳᠠᠯ ᠤᠨ ᠰᠦᠯᠵᠢᠶᠡᠨ ᠥᠷᠲᠡᠭᠡ᠂ ᠭᠠᠷ ᠤᠨ ᠠᠶ᠎ᠠ ᠪᠠᠷ ᠰᠡᠭᠦᠳᠡᠷᠯᠡᠬᠦ ᠵᠢᠵᠢᠭ ᠫᠷᠣᠭ᠍ᠷᠠᠮ ᠵᠡᠷᠭᠡ ᠡᠯ᠎ᠡ ᠲᠥᠷᠥᠯ ᠤᠨ ᠰᠦᠯᠵᠢᠶᠡᠨ ᠳᠡᠭᠡᠷᠡᠬᠢ ᠠᠷᠭ᠎ᠠ ᠵᠠᠮ ᠢᠶᠠᠷ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠭᠤᠮᠣᠳᠠᠯ ᠱᠠᠭᠠᠷᠳᠠᠯᠭ᠎ᠠ ᠶᠢᠨ ᠬᠡᠷᠡᠭ ᠢ ᠨᠡᠶᠢᠲᠡ 136463 ᠭᠥᠯᠢᠶᠡᠨ ᠠᠪᠴᠤ ᠰᠢᠢᠳᠪᠦᠷᠢᠯᠡᠵᠡᠢ᠂ ᠡᠭᠦᠨ ᠳᠤ ᠰᠦᠯᠵᠢᠶᠡᠨ ᠳᠡᠭᠡᠷᠡᠬᠢ ᠮᠡᠳᠡᠭᠡ ᠵᠠᠩᠭᠢ ᠳᠤ ᠰᠢᠭᠤᠳ ᠬᠠᠷᠢᠭᠤᠯᠲᠠ ᠥᠭᠭᠦᠭᠰᠡᠨ ᠨᠢ 106368 ᠪᠠᠶᠢᠵᠤ᠂ ᠰᠢᠯᠵᠢᠭᠦᠯᠦᠨ ᠭᠦᠢᠴᠡᠳᠬᠡᠭᠰᠡᠨ ᠡᠯ᠎ᠡ ᠡᠭᠦᠷᠭᠡ ᠴᠢᠳᠠᠪᠤᠷᠢᠲᠤ ᠨᠢᠭᠡᠴᠡ ᠠᠴᠠ 30095 ᠬᠡᠷᠡᠭ ᠢ ᠪᠣᠳᠠᠲᠠᠢ ᠭᠦᠢᠴᠡᠳᠬᠡᠭᠰᠡᠨ ᠪᠠᠶᠢᠨ᠎ᠠ᠃ ᠲᠣᠮᠣ ᠳ᠋ᠠᠶᠢᠲ᠋ᠠ ᠶᠢᠨ ᠵᠠᠳᠠᠯᠤᠯᠲᠠ ᠪᠠᠷ ᠳᠡᠮᠵᠢᠨ᠂ ᠬᠠᠯᠠᠮᠰᠢᠯ ᠱᠠᠭᠠᠷᠳᠠᠯᠭ᠎ᠠ ᠨᠢ ᠭᠤᠣᠯᠳᠠᠭᠤ ᠳᠣᠣᠷᠠᠬᠢ ᠬᠡᠳᠦᠨ ᠲᠠᠯ᠎ᠠ ᠳᠤ ᠲᠥᠪᠯᠡᠷᠡᠵᠦ ᠪᠣᠶ᠄ ᠬᠤᠲᠠ ᠶᠢᠨ ᠬᠠᠮᠢᠶᠠᠷᠤᠯᠲᠠ ᠬᠢᠭᠡᠳ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠷᠥᠯ ᠤᠨ 3466 ᠬᠤᠪᠢ ᠪᠠᠶᠢᠵᠤ᠂ 28.95%᠎ ᠶᠢ ᠡᠵᠡᠯᠡᠪᠡ︔ ᠠᠮᠢᠳᠤᠷᠠᠯ ᠤᠨ ᠦᠢᠯᠡᠴᠢᠯᠡᠭᠡᠨ ᠤ ᠪᠠ ᠠᠷᠠᠳ ᠤᠨ ᠶᠠᠪᠤᠳᠠᠯ ᠤᠨ ᠠᠵᠢᠯ ᠤᠨ ᠲᠦᠷᠦᠯ 2260 ᠬᠤᠪᠢ ᠪᠠᠶᠢᠵᠤ᠂ 18.88%᠎ ᠶᠢ ᠡᠵᠡᠯᠡᠪᠡ︔ ᠠᠵᠤ ᠠᠬᠤᠢ ᠠᠷᠠᠯᠵᠢᠶ᠎ᠠ ᠡᠳ᠋ ᠤᠨ ᠵᠠᠰᠠᠭ ᠠᠵᠤ ᠠᠬᠤᠢ ᠶᠢᠨ ᠲᠦᠷᠦᠯ ᠤᠨ ᠵᠦᠢᠯ 1737 ᠪᠠᠶᠢᠵᠤ᠂ 14.51%᠎ ᠶᠢ ᠡᠵᠡᠯᠡᠪᠡ︔ ᠵᠢᠵᠢᠭ ᠲᠣᠭᠤᠷᠢᠭ ᠤᠨ ᠠᠳᠠᠯ ᠠᠬᠤᠢ ᠶᠢᠨ ᠲᠥᠷᠥᠯ 1685 ᠬᠤᠪᠢ ᠪᠠᠶᠢᠵᠤ᠂ 14.07%᠎ ᠶᠢ ᠡᠵᠡᠯᠡᠪᠡ︔ ᠬᠥᠮᠥᠨ ᠤ ᠬᠦᠴᠦᠨ ᠤ ᠡᠬᠢ ᠪᠠᠶᠠᠯᠢᠭ ᠬᠢᠭᠡᠳ ᠨᠡᠶᠢᠭᠡᠮ ᠤᠨ ᠪᠠᠲᠤᠯᠠᠭ᠎ᠠ ᠶᠢᠨ ᠲᠦᠷᠦᠯ 1079 ᠬᠤᠪᠢ ᠪᠠᠶᠢᠵᠤ᠂ 9.01%᠎ ᠶᠢ ᠡᠵᠡᠯᠡᠪᠡ︔ ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ ᠲᠦᠷᠦᠯ ᠤᠨ ᠵᠦᠢᠯ 634 ᠬᠤᠪᠢ ᠪᠠᠶᠢᠵᠤ᠂ 5.30%᠎ ᠶᠢ ᠡᠵᠡᠯᠡᠪᠡ︔ ᠳᠣᠲᠣᠭᠠᠳᠤ ᠶᠢ ᠬᠠᠮᠠᠭᠠᠯᠠᠬᠤ ᠬᠠᠤᠯᠢ ᠬᠡᠷᠡᠭᠵᠢᠭᠦᠯᠬᠦ ᠪᠠ ᠵᠠᠮ ᠬᠠᠷᠢᠯᠴᠠᠭᠠᠨ ᠤ ᠡᠮᠬᠢ ᠵᠢᠷᠤᠮ ᠤᠨ ᠬᠠᠮᠢᠶᠠᠷᠤᠯᠲᠠ ᠶᠢᠨ ᠲᠦᠷᠦᠯ ᠤᠨ ᠬᠡᠷᠡᠭ 407 ᠬᠤᠪᠢ ᠪᠠᠶᠢᠵᠤ᠂ 3.40%᠎ ᠶᠢ ᠡᠵᠡᠯᠡᠪᠡ︔ ᠢᠳᠡᠭᠡᠨ ᠤ ᠵᠦᠢᠯ ᠡᠮ ᠤᠨ ᠵᠦᠢᠯ ᠤᠨ ᠡᠮᠴᠢᠯᠡᠭᠡ ᠡᠷᠡᠭᠦᠯ ᠬᠠᠮᠠᠭᠠᠯᠠᠯ ᠤᠨ ᠲᠥᠷᠥᠯ 231 ᠬᠤᠪᠢ ᠪᠠᠶᠢᠵᠤ᠂ 1.93%᠎ ᠶᠢ ᠡᠵᠡᠯᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠠᠰᠠᠭᠤᠳᠠᠯ ᠤᠨ ᠤᠬᠠᠭᠤᠯᠭ᠎ᠠ ᠶᠢᠨ ᠲᠥᠷᠥᠯ 211 ᠬᠤᠪᠢ ᠪᠠᠶᠢᠵᠤ᠂ 1.76%᠎ ᠶᠢ ᠡᠵᠡᠯᠡᠪᠡ᠃ ᠡᠭᠦᠨ ᠠᠴᠠ ᠦᠵᠡᠪᠡᠯ᠂ ︽ᠬᠤᠲᠠ ᠶᠢᠨ ᠬᠠᠮᠢᠶᠠᠷᠤᠯᠲᠠ ᠬᠢᠭᠡᠳ ᠣᠷᠴᠢᠨ ᠠᠬᠤᠢ ᠶᠢᠨ ᠬᠠᠮᠠᠭᠠᠯᠠᠯᠲᠠ  ᠎ ᠶᠢᠨ ᠲᠥᠷᠥᠯ︾᠎ ᠤᠨ ᠬᠡᠷᠡᠭ ᠪᠣᠯ ᠣᠯᠠᠨ ᠲᠦᠮᠡᠨ ᠤ ᠲᠤᠰᠬᠠᠯ ᠬᠠᠮᠤᠭ ᠤᠨ ᠲᠥᠪᠯᠡᠷᠡᠩᠭᠦᠢ᠂ ᠬᠠᠮᠤᠭ ᠤᠨ ᠲᠣᠪᠣᠶᠢᠮ᠎ᠠ ᠠᠰᠠᠭᠤᠳᠠᠯ ᠪᠣᠯᠣᠨ᠎ᠠ᠃      ᠣᠳᠣᠬᠠᠨ ᠤ ᠤᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ  ᠠᠰᠠᠭᠤᠳᠠᠯ ᠢ ᠬᠡᠷᠬᠢᠨ ᠰᠢᠢᠳᠪᠦᠷᠢᠯᠡᠬᠦ ᠲᠤᠬᠠᠢ᠂ AI᠎ ᠶᠢᠨ ᠵᠣᠬᠢᠶᠠᠮᠠᠯ ᠣᠶᠤᠨᠴᠢ ᠪᠣᠳᠣᠯᠭ᠎ᠠ ᠶᠢᠨ ᠠᠷᠭ᠎ᠠ ᠶᠢ ᠰᠦᠪᠡᠭᠴᠢᠯᠡᠬᠦ ᠪᠠᠷ ᠳᠠᠮᠵᠢᠨ ᠬᠤᠳᠠ ᠶᠢᠨ ᠵᠠᠰᠠᠯᠲᠠ ᠳᠤ ᠡᠨᠧᠷᠭᠢ ᠣᠯᠭᠤᠵᠤ᠂ ᠤᠷᠢᠳᠴᠢᠯᠠᠨ ᠦᠢᠯᠡᠴᠢᠯᠡᠵᠦ᠂ ᠰᠠᠨᠠᠭᠠᠴᠢᠯᠠᠭ᠎ᠠ ᠦᠭᠡᠢ ᠬᠦᠯᠢᠶᠡᠨ ᠠᠪᠴᠤ ᠰᠢᠢᠳᠪᠦᠷᠢᠯᠡᠬᠦ ᠶᠢ ᠰᠠᠨᠠᠭᠠᠴᠢᠯᠠᠭ᠎ᠠ ᠠᠴᠠ ᠪᠠᠨ ᠢᠯᠡᠷᠡᠭᠦᠯᠬᠦ ᠪᠣᠯᠭᠠᠨ ᠬᠤᠪᠢᠷᠠᠭᠤᠯᠵᠤ᠂ ᠤᠯᠠᠨ ᠲᠦᠮᠡᠨ ᠲᠤᠰᠬᠠᠬᠤ ᠠᠴᠠ ᠡᠮᠦᠨ᠎ᠡ ᠠᠰᠠᠭᠤᠳᠠᠯ ᠢ ᠰᠢᠢᠳᠪᠦᠷᠢᠯᠡᠵᠦ᠂ ᠠᠷᠠᠳ ᠤᠯᠠᠨ ᠤ ᠰᠡᠳᠬᠢᠯ ᠳᠠᠬᠢ ︽ᠲᠦᠪᠡᠭᠲᠡᠢ᠂ ᠬᠦᠴᠢᠷᠲᠠᠢ︾  ᠵᠦᠢᠯ ᠢ ᠤᠷᠢᠳᠴᠢᠯᠠᠨ ᠰᠢᠢᠳᠪᠦᠷᠢᠯᠡᠬᠦ ᠶᠢ ᠰᠠᠨᠠᠭᠤᠯᠵᠤ ᠪᠠᠶᠢᠨ᠎ᠠ᠃ ᠣᠳᠣᠬᠠᠨ ᠳᠤ AI᠎ ᠶᠢᠨ ᠵᠣᠬᠢᠶᠠᠮᠠᠯ ᠣᠶᠤᠨᠯᠢᠭ ᠢᠶᠠᠷ ᠪᠤᠳᠤᠬᠤ ᠠᠷᠭ᠎ᠠ ᠨᠢ ᠭᠤᠣᠯᠳᠠᠭᠤ  ᠣᠯᠠᠨ ᠲᠦᠮᠡᠨᠴᠢ ᠴᠢᠨᠠᠷᠲᠠᠢ ᠠᠮᠣᠷ ᠢ ᠬᠠᠮᠠᠭᠠᠯᠠᠬᠤ ᠢᠨᠵᠧᠨᠧᠷᠢᠩ᠂ ᠰᠤᠷᠭᠠᠨ ᠬᠥᠮᠦᠵᠢᠯ ᠤᠨ ᠬᠦᠷᠢᠶ᠎ᠡ᠂ ᠨᠡᠶᠢᠭᠡᠮ ᠤᠨ ᠪᠠᠶᠢᠭᠤᠯᠤᠮᠵᠢ ᠵᠡᠷᠭᠡ ᠬᠠᠷᠠᠭᠠᠨ ᠳᠠᠪᠲᠠᠮᠵᠢ ᠪᠠᠷ ᠡᠬᠢ ᠪᠠᠶᠠᠯᠢᠭ ᠢ ᠬᠢᠨᠠᠨ ᠡᠵᠡᠮᠳᠡᠵᠦ ᠪᠣᠶ᠃ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠶᠠᠪᠤᠴᠠ ᠳᠤ ᠬᠤᠭ ᠨᠣᠪᠰᠢ ᠎ ᠶᠢ ᠯᠡᠪᠡᠷᠡᠭᠦᠯᠬᠦ᠂ ᠳᠡᠯᠭᠡᠭᠦᠷ ᠠᠴᠠ ᠭᠠᠷᠴᠤ ᠡᠵᠡᠩᠨᠡᠬᠦ᠂ ᠶᠠᠪᠤᠭᠤᠯ ᠬᠤᠳᠠᠯᠳᠤᠭᠠᠴᠢᠨ᠂ ᠮᠠᠰᠢᠨᠲᠤ ᠲᠡᠷᠭᠡ  ᠵᠣᠭᠰᠣᠭᠠᠬᠤ ᠠᠴᠠ ᠵᠥᠷᠢᠴᠡᠬᠦ᠂ ᠮᠠᠰᠢᠨᠲᠤ ᠪᠤᠰᠤ ᠲᠡᠷᠭᠡ  ᠵᠣᠭᠰᠣᠭᠠᠬᠤ ᠠᠴᠠ ᠵᠥᠷᠢᠴᠡᠬᠦ᠂ ᠲᠣᠭᠲᠠᠭᠠᠯ  ᠎ ᠠᠴᠠ ᠵᠥᠷᠢᠴᠡᠨ ᠵᠠᠷ ᠮᠡᠳᠡᠭᠡᠨ ᠤ ᠫᠠᠶᠢᠰᠠ ᠡᠯᠭᠦᠬᠦ᠂ ᠲᠣᠭᠲᠠᠭᠠᠯ  ᠎ ᠠᠴᠠ ᠵᠥᠷᠢᠴᠡᠨ ᠡᠭᠡᠭᠡᠵᠦ ᠬᠠᠲᠠᠭᠠᠬᠤ᠂ ᠣᠯᠠᠨ ᠬᠦᠮᠦᠨ ᠴᠤᠭᠯᠠᠷᠠᠬᠤ᠂ ᠬᠤᠭ ᠤᠨ ᠰᠠᠪᠠ ᠲᠦᠭᠦᠷᠴᠦ ᠪᠢᠯᠬᠠᠬᠤ᠂ ᠨᠣᠬᠠᠢ  ᠎ ᠶᠢᠨ ᠲᠥᠷᠥᠯ  ᠎ ᠢ ᠢᠯᠭᠠᠨ ᠲᠠᠨᠢᠬᠤ᠂ ᠵᠠᠮ ᠤᠨ ᠭᠠᠳᠠᠷᠭᠤ ᠴᠡᠪᠡᠷ ᠪᠤᠰᠤ᠂ ᠵᠠᠮ ᠡᠵᠡᠯᠡᠨ ᠡᠵᠡᠩᠨᠡᠬᠦ᠂ ᠵᠠᠮ  ᠳᠡᠭᠡᠷ᠎ᠡ ᠤᠰᠤ ᠬᠤᠷᠠᠬᠤ᠂ ᠭᠤᠣᠯ ᠤᠨ ᠵᠠᠮ ᠤᠨ ᠬᠥᠪᠥᠮᠡᠯ ᠪᠣᠳᠠᠰ᠂ ᠳᠤᠷ᠎ᠠ ᠪᠠᠷ ᠢᠶᠠᠨ ᠡᠳ᠋ ᠮᠠᠲ᠋ᠧᠷᠢᠶᠠᠯ ᠣᠪᠣᠭᠠᠯᠠᠬᠤ᠂ ᠬᠤᠭ ᠨᠣᠪᠰᠢ ᠪᠣᠭᠤᠳᠠᠯᠯᠠᠬᠤ᠂ ᠲᠣᠭᠲᠠᠭᠠᠯ  ᠎ ᠠᠴᠠ ᠵᠥᠷᠢᠴᠡᠨ ᠰᠢᠬᠦᠷ ᠪᠠᠷᠢᠬᠤ᠂ ᠰᠢᠷᠣᠢ ᠨᠣᠪᠰᠢ  ᠎ ᠶᠢᠨ ᠲᠡᠷᠭᠡ᠂ ᠵᠠᠮ ᠤᠨ ᠠᠭᠤᠯᠵᠠᠷ ᠲᠤ ᠰᠢᠲᠠᠭᠠᠬᠤ ᠵᠡᠷᠭᠡ ᠶᠢ ᠣᠶᠤᠨᠴᠢ ᠪᠤᠳᠤᠬᠤ ᠠᠷᠭ᠎ᠠ ᠪᠠᠷ ᠪᠠᠶᠢᠷᠢᠯᠠᠭᠤᠯᠬᠤ ᠪᠠᠷ ᠳᠠᠮᠵᠢᠭᠤᠯᠤᠨ᠂ ᠳᠡᠭᠡᠷᠡᠬᠢ ᠬᠤᠲᠠ ᠶᠢᠨ ᠲᠣᠭᠲᠠᠭᠠᠯ ᠠᠴᠠ ᠵᠥᠷᠢᠴᠡᠭᠰᠡᠨ ᠪᠠᠶᠢᠳᠠᠯ ᠢ ᠵᠠᠰᠠᠵᠤ ᠪᠠᠶᠢᠭ᠎ᠠ ᠪᠠᠶᠢᠳᠠᠯ ᠢ ᠥᠪᠡᠷᠲᠡᠭᠡᠨ ᠢᠯᠭᠠᠨ ᠲᠠᠨᠢᠵᠤ᠂ ᠡᠭᠦᠨ ᠤ ᠤᠯᠠᠮ  ᠎ ᠠᠴᠠ ᠵᠡᠭᠡᠯᠢ ᠭᠤᠳᠤᠮᠵᠢ  ᠎ ᠶᠢᠨ ᠡᠮᠬᠢ ᠵᠢᠷᠤᠮ᠂ ᠪᠠᠷᠢᠯᠭ᠎ᠠ  ᠎ ᠶᠢᠨ ᠬᠠᠮᠢᠶᠠᠷᠤᠯᠲᠠ᠂ ᠣᠷᠴᠢᠨ ᠠᠬᠤᠢ  ᠎ ᠶᠢᠨ ᠪᠣᠬᠢᠷᠲᠤᠯ ᠤᠨ ᠬᠦᠷᠢᠶᠡᠨ ᠳᠤ ᠡᠭᠦᠰᠦᠭᠰᠡᠨ ᠬᠡᠷᠡᠭ ᠲᠤ ᠠᠦ᠋ᠲ᠋ᠣ᠋ ᠰᠡᠷᠡᠮᠵᠢ ᠥᠭᠬᠦ᠂ ᠵᠠᠳᠠᠯᠤᠯᠲᠠ ᠬᠢᠬᠦ᠂ ᠬᠢᠨᠠᠨ ᠡᠵᠡᠮᠳᠡᠬᠦ᠂ ᠮᠥᠷᠳᠡᠬᠦ ᠵᠡᠷᠭᠡ ᠠᠵᠢᠯ  ᠎ ᠢ ᠬᠢᠨ᠎ᠡ᠃ ᠲᠣᠬᠢᠷᠠᠭᠤᠯᠬᠤ ᠲᠠᠪᠴᠠᠩ ᠳᠤ ᠲᠦᠰᠢᠭᠯᠡᠨ ᠡᠷᠭᠢᠯᠳᠦᠭᠦᠯᠬᠦ᠂ ᠰᠢᠢᠳᠪᠦᠷᠢᠯᠡᠬᠦ᠂ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠠᠪᠤᠭᠤᠯᠵᠤ᠂ ᠬᠤᠳᠠ ᠶᠢᠨ ᠬᠠᠮᠢᠶᠠᠷᠤᠯᠲᠠ ᠶᠢᠨ ᠠᠦ᠋ᠲ᠋ᠣᠴᠢᠯᠠᠭᠰᠠᠨ᠂ ᠣᠶᠤᠨᠴᠢᠯᠠᠭᠰᠠᠨ ᠤᠷᠢᠳᠴᠢᠯᠠᠨ ᠰᠡᠷᠡᠮᠵᠢᠯᠡᠭᠦᠯᠵᠦ ᠰᠡᠷᠭᠡᠶᠢᠯᠡᠬᠦ ᠲᠣᠭᠲᠠᠴᠠ ᠶᠢ ᠪᠠᠶᠢᠭᠤᠯᠬᠤ ᠶᠢᠨ ᠬᠠᠮᠲᠤ ᠦᠨᠳᠦᠰᠦᠨ ᠱᠠᠲᠤᠨ ᠤ ᠠᠵᠢᠯᠲᠠᠨ ᠤ ᠳᠠᠷᠤᠭᠠᠰᠤ ᠪᠠ ᠳᠠᠷᠤᠯᠲᠠ ᠶᠢ ᠬᠥᠩᠭᠡᠷᠡᠭᠦᠯᠵᠦ᠂ ᠬᠤᠳᠠ ᠶᠢᠨ ᠬᠠᠮᠢᠶᠠᠷᠤᠯᠲᠠ ᠶᠢᠨ ᠦᠷ᠎ᠡ ᠪᠦᠲᠦᠮᠵᠢ᠂ ᠵᠠᠰᠠᠯᠲᠠ ᠶᠢᠨ ᠬᠢᠷᠢ ᠲᠦᠪᠰᠢᠨ ᠪᠠ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ︽ᠵᠠᠭᠠᠯᠳᠤᠯᠭ᠎ᠠ ᠶᠢ ᠬᠦᠯᠢᠶᠡᠨ ᠠᠪᠤᠮᠠᠭᠴᠠ ᠰᠢᠢᠳᠪᠦᠷᠢᠯᠡᠬᠦ︾ ᠪᠠᠶᠢᠭᠰᠠᠨ ᠠᠴᠠ ᠪᠠᠨ ︽ᠵᠠᠭᠠᠯᠳᠣᠭᠤᠯᠬᠤ ᠦᠭᠡᠢ ᠪᠠᠷ ᠤᠷᠢᠳᠠᠪᠠᠷ ᠰᠢᠢᠳᠪᠦᠷᠢᠯᠡᠬᠦ︾ ᠪᠣᠯᠭᠠᠨ ᠬᠤᠪᠢᠷᠠᠭᠤᠯᠬᠤ ᠶᠢ ᠪᠡᠶᠡᠯᠡᠭᠦᠯᠵᠦ ᠪᠣᠯᠣᠨ᠎ᠠ᠃                                                                                                                   ᠰᠢᠯᠢ ᠶᠢᠨ ᠬᠤᠲᠠ ᠶᠢᠨ ᠲᠣᠮᠣ ᠳ᠋ᠠᠶᠢᠲ᠋ᠠ ᠶᠢᠨ ᠲᠥᠪ                                                                                                                     2024 ᠣᠨ ᠤ 6 ᠰᠠᠷ᠎ᠠ ᠶᠢᠨ 12᠎ ᠎ ᠤ ᠡᠳᠦᠷ
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号