ᠰᠢᠯᠢ ᠶᠢᠨ ᠬᠤᠲᠠ ᠶᠢᠨ ᠬᠡᠷᠡᠭᠯᠡᠭᠡᠨ ᠤ ᠡᠳ᠋ ᠤᠨ ᠵᠠᠬ᠎ᠠ ᠳᠡᠯᠭᠡᠭᠦᠷ ᠲᠣᠭᠲᠠᠭᠤᠨ ᠢᠶᠠᠷ ᠠᠵᠢᠯᠯᠠᠵᠤ ᠪᠠᠶᠢᠨ᠎ᠠ
ᠨᠡᠶᠢᠲᠡᠯᠡᠭᠰᠡᠨ ᠴᠠᠭ᠄
2024/6/29
     2024 ᠣᠨ ᠤ 1 ︱ 5 ᠰᠠᠷ᠎ᠠ ᠳᠤ᠂  ᠰᠢᠯᠢ ᠶᠢᠨ ᠬᠤᠲᠠ ᠶᠢᠨ ᠬᠡᠷᠡᠭᠯᠡᠭᠡᠨ ᠤ ᠡᠳ᠋ ᠤᠨ ᠵᠠᠬ᠎ᠠ ᠳᠡᠯᠭᠡᠭᠦᠷ ᠲᠣᠭᠲᠠᠭᠤᠨ ᠢᠶᠠᠷ ᠠᠵᠢᠯᠯᠠᠵᠤ᠂ ᠲᠣᠭᠲᠠᠭᠤᠨ ᠤ ᠳᠤᠮᠳᠠ ᠰᠠᠶᠢᠵᠢᠷᠠᠪᠠ᠃      ᠨᠢᠭᠡ᠂ ᠠᠷᠠᠯᠵᠢᠶᠠᠨ ᠤ ᠦᠢᠯᠡᠰ ᠤᠨ ᠶᠡᠷᠦᠩᠬᠡᠢ ᠠᠵᠢᠯᠯᠠᠭᠠᠨ ᠤ ᠪᠠᠶᠢᠳᠠᠯ      1-5 ᠰᠠᠷ᠎ᠠ ᠳᠤ᠂ ᠪᠥᠬᠦ ᠬᠤᠲᠠ ᠶᠢᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 38.3 ᠳ᠋ᠦᠩᠰᠢᠭᠤᠷ ᠲᠥᠭᠦᠷᠢᠭ ᠲᠤ ᠬᠦᠷᠴᠦ᠂ ᠪᠥᠬᠦ ᠠᠶᠢᠮᠠᠭ ᠤᠨ ᠨᠢᠭᠡᠳᠦᠭᠡᠷ ᠲᠤ ᠣᠷᠣᠵᠤ᠂ ᠠᠳᠠᠯᠢ ᠬᠤᠭᠤᠴᠠᠭᠠᠨ ᠤ ᠬᠢ ᠠᠴᠠ 0.6%᠎ ᠪᠠᠷ ᠨᠡᠮᠡᠭᠳᠡᠨ᠂ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠲᠣᠭᠲᠠᠭᠤᠨ ᠪᠠᠶᠢᠳᠠᠯ ᠢᠶᠠᠨ ᠪᠠᠲᠤᠯᠠᠪᠠ᠃      ᠪᠣᠷᠤᠯᠠᠭᠤᠯᠭ᠎ᠠ ᠶᠢᠨ ᠭᠠᠵᠠᠷ ᠣᠷᠣᠨ ᠢᠶᠠᠷ ᠬᠤᠪᠢᠶᠠᠪᠠᠯ᠄ ᠬᠤᠲᠠ ᠪᠠᠯᠭᠠᠰᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 34.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠎ ᠬᠢ ᠠᠴᠠ 0.7%᠎ ᠪᠠᠷ ᠨᠡᠮᠡᠭᠳᠡᠪᠡ᠃ ᠮᠠᠯᠵᠢᠬᠤ ᠲᠠᠷᠢᠶᠠᠯᠠᠬᠤ ᠣᠷᠣᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 3.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.4% ᠨᠡᠮᠡᠭᠳᠡᠪᠡ᠃      ᠬᠡᠷᠡᠭᠯᠡᠭᠡᠨ ᠤ ᠲᠥᠷᠥᠯ ᠵᠦᠢᠯ ᠢᠶᠠᠷ ᠬᠤᠪᠢᠶᠠᠪᠠᠯ᠄ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ 34.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.2% ᠨᠡᠮᠡᠭᠳᠡᠪᠡ᠃ ᠢᠳᠡᠭᠡᠨ ᠤᠮᠳᠠᠭᠠᠨ ᠤ ᠣᠷᠣᠯᠭ᠎ᠠ 4.0 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.8% ᠨᠡᠮᠡᠭᠳᠡᠪᠡ᠃      ᠬᠤᠶᠠᠷ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠠᠵᠢᠯᠯᠠᠭᠠᠨ ᠤ ᠪᠠᠶᠢᠳᠠᠯ      1-5 ᠰᠠᠷ᠎ᠠ ᠳᠤ᠂ ᠪᠥᠬᠦ ᠬᠤᠲᠠ ᠶᠢᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠠᠤᠯᠢ ᠶᠢᠨ ᠡᠷᠬᠡᠲᠡᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 10.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.2%᠎ ᠢᠶᠠᠷ ᠪᠠᠭᠤᠷᠠᠪᠠ᠃      ᠪᠣᠷᠤᠯᠠᠭᠤᠯᠭ᠎ᠠ ᠶᠢᠨ ᠭᠠᠵᠠᠷ ᠣᠷᠣᠨ ᠢᠶᠠᠷ ᠬᠤᠪᠢᠶᠠᠪᠠᠯ᠄ ᠬᠤᠲᠠ ᠪᠠᠯᠭᠠᠰᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 9.0 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠎ ᠬᠢ ᠠᠴᠠ 3.4% ᠪᠠᠭᠤᠷᠠᠪᠠ᠃ ᠮᠠᠯᠵᠢᠬᠤ ᠲᠠᠷᠢᠶᠠᠯᠠᠬᠤ ᠣᠷᠣᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 1.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.6% ᠪᠠᠭᠤᠷᠠᠪᠠ᠃      ᠬᠡᠷᠡᠭᠯᠡᠭᠡᠨ ᠤ ᠲᠥᠷᠥᠯ ᠵᠦᠢᠯ ᠢᠶᠠᠷ ᠬᠤᠪᠢᠶᠠᠪᠠᠯ᠄ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ 9.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.7%᠎ ᠪᠠᠷ ᠪᠠᠭᠤᠷᠠᠪᠠ᠃ ᠢᠳᠡᠭᠡᠨ ᠤᠮᠳᠠᠭᠠᠨ ᠤ ᠣᠷᠣᠯᠭ᠎ᠠ 3777.0 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12.2% ᠨᠡᠮᠡᠭᠳᠡᠪᠡ᠃      ᠭᠤᠷᠪᠠ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠠᠷᠠᠯᠵᠢᠶᠠᠨ ᠤ ᠦᠢᠯᠡᠰ ᠤᠨ ᠲᠠᠸᠠᠷ ᠤᠨ ᠵᠢᠵᠢᠭᠯᠡᠨ ᠬᠤᠳᠠᠯᠳᠤᠬᠤ ᠲᠦᠷᠦᠯ ᠤᠨ ᠦᠷᠳᠡᠭ ᠤᠨ ᠪᠠᠶᠢᠳᠠᠯ      1-5 ᠰᠠᠷ᠎ᠠ ᠳᠤ ᠡᠳᠦᠷ ᠲᠤᠳᠤᠮ ᠤᠨ ᠬᠡᠷᠡᠭᠯᠡᠭᠡᠨ ᠤ ᠲᠦᠷᠦᠯ ᠤᠨ ᠬᠡᠰᠡᠭ ᠲᠠᠸᠠᠷ ᠲᠠᠰᠤᠷᠠᠯᠳᠠ ᠦᠭᠡᠢ ᠨᠡᠮᠡᠭᠳᠡᠪᠡ᠃ ᠪᠥᠬᠦ ᠬᠤᠲᠠ ᠶᠢᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠠᠮᠤ ᠲᠣᠰᠣ᠂ ᠢᠳᠡᠭᠡᠨ ᠤ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ 7650.4 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 32.1%᠎ ᠪᠠᠷ ᠨᠡᠮᠡᠭᠳᠡᠪᠡ᠃ ᠤᠮᠳᠠᠭᠠᠨ ᠤ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ 635.7 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠎ ᠬᠢ ᠠᠴᠠ 19.1% ᠨᠡᠮᠡᠭᠳᠡᠪᠡ᠃ ᠵᠠᠰᠠᠯ ᠴᠢᠮᠡᠭᠯᠡᠯ ᠤᠨ ᠡᠳ᠋ ᠤᠨ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ 303.8 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 28.9% ᠪᠠᠭᠤᠷᠠᠪᠠ᠃ ᠠᠷᠢᠬᠢ ᠲᠠᠮᠠᠬᠢᠨ ᠤ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ︵ᠪᠥᠬᠦ ᠠᠶᠢᠮᠠᠭ ᠤᠨ ᠲᠤᠭ᠎ᠠ ᠶᠢ ᠪᠠᠭᠲᠠᠭᠠᠨ᠎ᠠ︶ 3342.9 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠎ ᠬᠢ ᠠᠴᠠ 4.1% ᠨᠡᠮᠡᠭᠳᠡᠪᠡ᠃ ᠬᠢᠲᠠᠳ ᠡᠸᠦ᠋ᠷᠦᠫᠡ ᠡᠮ ᠤᠨ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ︵ᠪᠥᠬᠦ ᠠᠶᠢᠮᠠᠭ ᠤᠨ ᠲᠤᠭ᠎ᠠ ᠶᠢ ᠪᠠᠭᠲᠠᠭᠠᠨ᠎ᠠ︶ 3007.9 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12.5%᠎ ᠪᠠᠷ ᠪᠠᠭᠤᠷᠠᠪᠠ᠃ ᠬᠤᠪᠴᠠᠰᠤ ᠬᠤᠨᠠᠷ᠂ ᠱᠠᠬᠠᠢ ᠮᠠᠯᠠᠭᠠᠢ᠂ ᠵᠡᠭᠦᠦ ᠶᠢᠨ ᠨᠡᠬᠡᠮᠡᠯ ᠪᠠᠷᠠᠭᠠᠨ ᠤ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ 4860.1 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.1% ᠨᠡᠮᠡᠭᠳᠡᠪᠡ᠃ ᠡᠳᠦᠷ ᠲᠤᠲᠤᠮ ᠤᠨ ᠬᠡᠷᠡᠭᠯᠡᠭᠡᠨ ᠤ ᠵᠦᠢᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ 700.1 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 33.8%᠎ ᠪᠠᠷ ᠨᠡᠮᠡᠭᠳᠡᠪᠡ᠃ ᠲᠡᠰ ᠳᠡᠪᠰᠢᠬᠦ ᠲᠦᠷᠦᠯ ᠤᠨ ᠲᠠᠸᠠᠷ ᠤᠨ ᠳᠣᠲᠣᠷ᠎ᠠ ᠰᠣᠶᠣᠯ ᠤᠨ ᠠᠯᠪᠠᠨ ᠠᠵᠢᠯ ᠤᠨ ᠬᠡᠷᠡᠭᠰᠡᠯ ᠤᠨ ᠲᠦᠷᠦᠯ ᠤᠨ ᠲᠠᠸᠠᠷ ᠤᠨ ᠨᠡᠮᠡᠭᠳᠡᠯ ᠨᠡᠯᠢᠶᠡᠳ ᠶᠡᠭᠡ ᠪᠠᠶᠢᠨ᠎ᠠ᠃ 1-5 ᠰᠠᠷ᠎ᠠ ᠳᠤ᠂ ᠪᠥᠬᠦ ᠬᠤᠲᠠ ᠶᠢᠨ ᠬᠢᠵᠠᠭᠠᠷᠯᠠᠭᠰᠠᠨ ᠲᠤᠭ᠎ᠠ  ᠎ ᠠᠴᠠ ᠳᠡᠭᠡᠭᠰᠢᠬᠢ ᠠᠯᠲᠠ ᠮᠥᠩᠭᠦ ᠰᠤᠪᠤᠳ ᠡᠷᠳᠡᠨᠢ ᠶᠢᠨ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ 1250.4 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 20.2%᠎ ᠢᠶᠠᠷ ᠪᠠᠭᠤᠷᠠᠪᠠ᠃ ᠨᠣᠮ ᠰᠡᠳᠬᠦᠯ ᠰᠡᠳᠬᠦᠯ ᠤᠨ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ 3098.2 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.0% ᠨᠡᠮᠡᠭᠳᠡᠪᠡ᠃ ᠴᠢᠮᠡᠭᠡ ᠨᠡᠪᠲᠡᠷᠡᠯᠭᠡ ᠶᠢᠨ ᠪᠠᠭᠠᠵᠢ ᠬᠡᠷᠡᠭᠰᠡᠯ ᠤᠨ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ 3443.4 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 14.5%᠎ ᠪᠠᠷ ᠪᠠᠭᠤᠷᠠᠪᠠ᠃ ᠰᠣᠶᠣᠯ ᠤᠨ ᠠᠯᠪᠠᠨ ᠠᠵᠢᠯ ᠤᠨ ᠬᠡᠷᠡᠭᠰᠡᠯ ᠤᠨ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ 1258.1 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 233.9% ᠨᠡᠮᠡᠭᠳᠡᠪᠡ᠃ ᠶᠡᠭᠡ ᠬᠡᠮᠵᠢᠶᠡᠨ ᠤ ᠲᠠᠸᠠᠷ ᠤᠨ ᠵᠢᠵᠢᠭᠯᠡᠨ ᠬᠤᠳᠠᠯᠳᠤᠬᠤ ᠶᠠᠪᠤᠳᠠᠯ ᠪᠠᠭ᠎ᠠ ᠰᠠᠭ᠎ᠠ ᠳᠡᠭᠡᠭᠰᠢᠯᠡᠵᠦ ᠪᠠᠶᠢᠨ᠎ᠠ᠃ 1-5 ᠰᠠᠷ᠎ᠠ ᠳᠤ᠂ ᠪᠥᠬᠦ ᠬᠤᠲᠠ ᠶᠢᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠴᠢᠯᠠᠭᠤᠨ ᠲᠣᠰᠣ ᠵᠢᠴᠢ ᠪᠦᠲᠦᠭᠡᠭᠳᠡᠬᠦᠨ ᠤ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ 33046.5 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.9%᠎ ᠪᠠᠷ ᠨᠡᠮᠡᠭᠳᠡᠪᠡ᠃ ᠮᠠᠰᠢᠨ ᠲᠡᠷᠭᠡᠨ ᠤ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ 32407.9 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 16.0% ᠪᠠᠭᠤᠷᠠᠪᠠ᠃      ᠳᠥᠷᠪᠡ᠂ ᠬᠢᠵᠠᠭᠠᠷᠯᠠᠭᠰᠠᠨ ᠲᠤᠭ᠎ᠠ  ᠎ ᠠᠴᠠ ᠳᠡᠭᠡᠭᠰᠢᠬᠢ ᠬᠤᠨᠤᠭ ᠤᠨ ᠦᠢᠯᠡᠰ ᠪᠠ ᠢᠳᠡᠭᠡᠨ ᠤᠮᠳᠠᠭᠠᠨ ᠤ ᠦᠢᠯᠡᠰ ᠤᠨ ᠡᠵᠡᠩᠨᠡᠯᠲᠡ ᠶᠢᠨ ᠪᠠᠶᠢᠳᠠᠯ      1-5 ᠰᠠᠷ᠎ᠠ ᠳᠤ᠂ ᠪᠥᠬᠦ ᠬᠤᠲᠠ ᠶᠢᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠤᠨᠤᠭ ᠤᠨ ᠡᠵᠡᠩᠨᠡᠯᠲᠡ ᠶᠢᠨ ᠲᠤᠭ᠎ᠠ 4971.5 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 19.2%᠎ ᠢᠶᠠᠷ ᠨᠡᠮᠡᠭᠳᠡᠪᠡ᠃ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠢᠳᠡᠭᠡᠨ ᠤᠮᠳᠠᠭᠠᠨ ᠤ ᠡᠵᠡᠩᠨᠡᠯᠲᠡ  ᠎ ᠶᠢᠨ ᠲᠤᠭ᠎ᠠ 2420.9 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 17.7% ᠨᠡᠮᠡᠭᠳᠡᠨ᠂ ᠲᠣᠭᠲᠠᠭᠤᠨ ᠢᠶᠠᠷ ᠳᠡᠭᠡᠭᠰᠢᠯᠡᠪᠡ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号