ᠠᠮᠤᠷ ᠲᠦᠪᠰᠢᠨ ᠬᠥᠭᠵᠢᠯᠲᠡ ᠶᠢᠨ ᠣᠶᠢᠯᠠᠭᠠᠭᠳᠠᠬᠤᠨ ᠢ ᠪᠠᠬᠢᠵᠢᠭᠦᠯᠵᠦ᠂ ᠪᠦᠬᠦ ᠲᠠᠯᠠᠪᠠᠢ ᠶᠢᠨ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠪᠠᠲᠤᠳᠬᠠᠶ᠎ᠠ
ᠨᠡᠶᠢᠲᠡᠯᠡᠭᠰᠡᠨ ᠴᠠᠭ᠄
2024/6/29
     2024 ᠣᠨ ᠤ 6 ᠰᠠᠷ᠎ᠠ ᠪᠣᠯ ᠪᠦᠬᠦ ᠤᠯᠤᠰ ᠤᠨ 23 ᠳ᠋ᠤᠭᠠᠷ ᠠᠶᠤᠯᠭᠦᠢ ᠦᠢᠯᠡᠳᠪᠦᠷᠢᠯᠡᠯ ᠤᠨ ᠰᠠᠷ᠎ᠠ ᠪᠣᠯᠤᠨ᠎ᠠ᠂ ᠭᠤᠣᠯ ᠰᠡᠳᠦᠪ ᠨᠢ ︽ᠬᠥᠮᠦᠨ ᠪᠣᠯᠭᠠᠨ ᠠᠮᠤᠷ ᠲᠦᠪᠰᠢᠨ ᠢ ᠡᠷᠬᠢᠮᠯᠡᠵᠦ᠂ ᠬᠥᠮᠦᠨ ᠪᠣᠯᠭᠠᠨ ᠪᠠᠴᠢᠮ ᠪᠠᠶᠢᠳᠠᠯ ᠢ ᠠᠷᠭᠠᠴᠠᠨ᠎ᠠ — ᠠᠮᠢ ᠨᠠᠰᠤᠨ ᠤ ᠵᠠᠮ ᠢ ᠰᠠᠭᠠᠳ ᠥᠬᠡᠶ ᠨᠡᠪᠲᠡᠷᠡᠭᠦᠯᠬᠦ︾᠃ ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠠᠷᠢᠶ᠎ᠠ ᠣᠷᠣᠨ ᠤ ᠤᠯᠠᠨ ᠲᠦᠮᠡᠨ᠂ ᠠᠵᠤ ᠠᠬᠤᠶᠢᠯᠠᠯ ᠤᠨ ᠠᠵᠢᠯᠲᠠᠳ ᠢ ᠬᠦᠳᠦᠯᠦᠨ ᠵᠢᠯᠣᠭᠤᠳᠴᠤ ᠠᠶᠤᠯᠭᠦᠢ ᠦᠢᠯᠡᠳᠪᠦᠷᠢᠯᠡᠯ ᠤᠨ ᠦᠵᠡᠯᠲᠡ ᠶᠢ ᠨᠢ ᠪᠠᠲᠤᠳᠬᠠᠵᠤ᠂ ᠠᠶᠤᠯᠭᠦᠢ ᠦᠢᠯᠡᠳᠪᠦᠷᠢᠯᠡᠯ ᠤᠨ ᠤᠬᠠᠮᠰᠠᠷ ᠢ ᠨᠢ ᠴᠢᠩᠭᠠᠳᠬᠠᠬᠤ ᠶᠢᠨ ᠲᠥᠯᠥᠭᠡ᠂ ᠮᠣᠳᠣᠨ ᠮᠠᠯᠵᠢᠯ ᠤᠨ ᠲᠠᠯᠠᠪᠠᠢ ᠨᠢ ᠲᠤᠰᠬᠠᠢ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠵᠡᠢ᠃      ᠣᠶᠢᠷ᠎ᠠ ᠳᠤ᠂ ᠮᠠᠯᠵᠢᠯ ᠤᠨ ᠲᠠᠯᠠᠪᠠᠶ ᠬᠠᠷᠢᠶᠠᠲᠤ ᠣᠷᠣᠨ ᠳᠠᠭᠠᠨ ᠭᠦᠨᠵᠡᠭᠡᠶᠢᠷᠡᠨ ︽ᠠᠮᠢ ᠨᠠᠰᠤᠨ ᠤ ᠵᠠᠮ ᠢ ᠰᠠᠭᠠᠳ ᠥᠬᠡᠶ ᠨᠡᠪᠲᠡᠷᠡᠭᠦᠯᠬᠦ︾ ᠭᠤᠣᠯᠳᠠᠯᠭ᠎ᠠ ᠲᠠᠢ ᠠᠭᠤᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠠᠶᠤᠯᠭᠦᠶ ᠦᠢᠯᠡᠳᠪᠦᠷᠢᠯᠡᠯ ᠤᠨ ᠤᠬᠠᠭᠤᠯᠭ᠎ᠠ ᠥᠷᠨᠢᠭᠦᠯᠵᠦ᠂ ᠨᠢᠭᠡᠳᠦᠭᠡᠷ ᠹᠷᠣᠨᠲ ᠤᠨ ᠬᠥᠳᠡᠯᠮᠦᠷᠢᠴᠢᠳ ᠲᠤ  ᠦᠢᠯᠡᠳᠪᠦᠷᠢᠯᠡᠯ ᠤᠨ ᠠᠮᠤᠷ ᠲᠦᠪᠰᠢᠨ᠂ ᠵᠠᠮ ᠬᠠᠷᠢᠯᠴᠠᠭᠠᠨ ᠤ ᠠᠮᠤᠷ ᠲᠦᠪᠰᠢᠨ᠂ ᠭᠠᠯ ᠤᠨᠲᠠᠷᠠᠭᠠᠬᠤ ᠠᠮᠤᠷ ᠲᠦᠪᠰᠢᠨ᠂ ᠬᠡᠷ ᠪᠦᠯᠢ ᠶᠢᠨ ᠠᠮᠤᠷ ᠲᠦᠪᠰᠢᠨ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠵᠡᠷᠭᠡ ᠲᠠᠯ᠎ᠠ ᠶᠢᠨ ᠮᠡᠳᠡᠯᠭᠡ ᠶᠢ ᠤᠬᠠᠭᠤᠯᠵᠤ᠂ ᠳᠡᠷᠭᠡᠳᠡᠬᠢ ᠠᠮᠤᠷ ᠲᠦᠪᠰᠢᠨ ᠤ ᠬᠡᠮ ᠰᠣᠭᠤᠭ ᠢ ᠡᠷᠢᠬᠦ ᠪᠠ ᠠᠷᠢᠯᠭᠠᠬᠤ ᠶᠢ ᠬᠥᠲᠥᠯᠦᠨ ᠵᠢᠯᠣᠭᠤᠳᠴᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠪᠠ︔ 2024 ᠣᠨ ᠤ 6 ᠰᠠᠷ᠎ᠠ ᠶᠢᠨ 18 ᠤ ᠡᠳᠦᠷ᠂ ᠮᠠᠯᠵᠢᠯ ᠤᠨ ᠲᠠᠯᠠᠪᠠᠶ ᠶᠢᠨ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠵᠤ ︽ᠠᠨ ᠺᠠᠩ ᠬᠤᠨᠳᠠᠭᠠᠲᠤ︾ ᠠᠮᠤᠷ ᠲᠦᠪᠰᠢᠨ ᠤ ᠮᠡᠳᠡᠯᠭᠡ ᠶᠢᠨ ᠤᠷᠤᠯᠳᠤᠭᠠᠨ ᠤ ᠰᠡᠳᠦᠪ ᠬᠠᠷᠢᠭᠤᠯᠬᠤ ᠠᠵᠢᠯᠯᠠᠭ᠎ᠠ ᠶᠢ ᠥᠷᠨᠢᠭᠦᠯᠪᠡ᠃      ᠡᠭᠦᠨ ᠤ ᠬᠠᠮᠲᠤ᠂ ᠮᠠᠯᠵᠢᠯ ᠤᠨ ᠲᠠᠯᠠᠪᠠᠶ ᠨᠢ ᠬᠥᠨᠳᠡᠯᠡᠨ ᠪᠢᠴᠢᠭᠡᠰᠦ ᠡᠯᠭᠦᠬᠦ᠂ ᠠᠮᠤᠷ ᠲᠦᠪᠰᠢᠨ ᠤ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ ᠵᠡᠷᠭᠡ ᠣᠯᠠᠨ  ᠵᠦᠢᠯ ᠤᠨ ᠬᠡᠯᠪᠡᠷᠢ ᠪᠠᠷ ᠬᠠᠷᠢᠶᠠᠲᠤ ᠣᠷᠣᠨ ᠤ ᠪᠠᠨ ᠬᠡᠪᠴᠢᠶᠡᠨ ᠳᠤ ᠥᠷᠭᠡᠨ ᠳᠡᠯᠭᠡᠷ ᠤᠬᠠᠭᠤᠯᠭ᠎ᠠ ᠥᠷᠨᠢᠭᠦᠯᠵᠦ᠂ ᠬᠠᠷᠢᠶᠠᠲᠤ ᠣᠷᠣᠨ ᠤ ᠣᠯᠠᠨ ᠲᠦᠮᠡᠨ᠂ ᠠᠵᠤ ᠠᠬᠤᠶᠢᠯᠠᠯ ᠤᠨ ᠠᠵᠢᠯᠲᠠᠳ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ︽ᠬᠥᠮᠦᠨ ᠪᠣᠯᠭᠠᠨ ᠠᠮᠤᠷ ᠲᠦᠪᠰᠢᠨ ᠢ ᠡᠷᠬᠢᠮᠯᠡᠵᠦ᠂ ᠬᠥᠮᠦᠨ ᠪᠣᠯᠭᠠᠨ ᠪᠠᠴᠢᠮ ᠪᠠᠶᠢᠳᠠᠯ ᠢ ᠠᠷᠭᠠᠴᠠᠬᠤ︾ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠬᠤ ᠪᠠᠷ ᠵᠣᠷᠢᠯᠭ᠎ᠠ ᠪᠣᠯᠭᠠᠭᠰᠠᠨ ᠪᠠᠶᠢᠨ᠎ᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号