ᠪᠤᠯᠠᠭᠠᠨ ᠰᠣᠮᠣ
ᠨᠡᠶᠢᠲᠡᠯᠡᠭᠰᠡᠨ ᠴᠠᠭ᠄
2024/6/4
     ᠪᠤᠯᠠᠭᠠᠨ ᠰᠣᠮᠣ ᠨᠢ ᠰᠢᠯᠢ ᠶᠢᠨ ᠬᠤᠲᠠ ᠶᠢ ᠲᠤᠭᠤᠷᠢᠨ ᠪᠠᠶᠢᠷᠢᠰᠢᠵᠦ᠂ 2006 ᠣᠨ ᠤ 1 ᠰᠠᠷ᠎ᠠ ᠳᠤ ᠢᠯᠠᠯᠳᠠ᠂ ᠲᠠᠪᠰᠢᠯᠳᠠ ᠬᠤᠶᠡᠷ ᠰᠣᠮᠣ ᠨᠡᠶᠢᠯᠡᠵᠦ ᠪᠤᠯᠠᠭᠠᠨ ᠰᠣᠮᠣ ᠪᠤᠯᠣᠨ ᠪᠠᠶᠢᠭᠤᠯᠣᠭᠳᠠᠪᠠ᠃ ᠪᠤᠯᠭᠠᠨ ᠰᠣᠮᠣᠨ ᠎ ᠨᠢ 9 ᠭᠠᠴᠠᠭ᠎ᠠ  ᠂ 2 ᠰᠠᠭᠤᠭᠠᠯᠢ ᠠᠷᠠᠳ ᠤᠨ ᠵᠦᠪᠯᠡᠯ ᠲᠠᠢ᠂ ᠶᠡᠷᠦᠩᠬᠡᠢ ᠲᠠᠯᠠᠪᠠᠢ ᠨᠢ 3199 . 93 ᠲᠡᠭᠰᠢ ᠳᠥᠷᠪᠡᠯᠵᠢᠨ ᠺᠢᠯᠣᠮᠧᠲᠷ᠂ ᠡᠷᠦᠬᠡ ᠠᠮᠠ ᠶᠢᠨ ᠳᠠᠩᠰᠠᠨ ᠳᠤ 1809 ᠡᠷᠦᠬᠡ ᠶᠢᠨ 4587 ᠬᠥᠮᠦᠨ ᠪᠠᠶᠢᠵᠦ᠂ ᠪᠠᠶᠢᠩᠭᠤ ᠰᠠᠭᠤᠭ᠎ᠠ 1098 ᠡᠷᠦᠬᠡ ᠶᠢᠨ 3131 ᠬᠥᠮᠦᠨ ᠠᠮᠠ ᠲᠠᠢ᠃ ᠨᠡᠶᠢᠲᠡ 12 ᠨᠠᠮ ᠤᠨ ᠡᠭᠦᠷ ︵ᠡᠭᠦᠨ ᠳᠤ᠄ 9 ᠭᠠᠴᠠᠭᠠᠨ ᠤ ᠨᠠᠮ ᠤᠨ ᠡᠭᠦᠷ᠂ 2  ᠰᠠᠭᠤᠭᠠᠯᠢ ᠠᠷᠠᠳ ᠤᠨ ᠵᠦᠪᠯᠡᠯ ᠤᠨ ᠨᠠᠮ ᠤᠨ ᠡᠭᠦᠷ᠂ 1 ᠪᠠᠶᠢᠭᠤᠯᠭ᠎ᠠ ᠶᠢᠨ ᠨᠠᠮ ᠤᠨ ᠡᠭᠦᠷ︶  ᠪᠠᠶᠢᠨ᠎ᠠ᠂ ᠣᠲᠣ 315 ᠨᠠᠮ ᠤᠨ ᠭᠡᠰᠢᠭᠦᠨ ︵ᠡᠭᠦᠨ ᠳᠤ᠄ 237 ᠮᠠᠯᠴᠢᠨ ᠨᠠᠮ ᠤᠨ ᠭᠡᠰᠢᠭᠦᠨ᠂54 ᠲᠤᠰᠢᠶᠠᠯ ᠳᠤ ᠪᠠᠶᠢᠭ᠎ᠠ ᠨᠠᠮ ᠤᠨ ᠭᠡᠰᠢᠭᠦᠨ  ᠂ 24  ᠰᠠᠭᠤᠭᠠᠯᠢ ᠠᠷᠠᠳ ᠤᠨ ᠵᠦᠪᠯᠡᠯ ᠤᠨ  ᠨᠠᠮ ᠤᠨ ᠭᠡᠰᠢᠭᠦᠨ  ︶  ᠎ ᠲᠠᠢ᠃ 29 ᠨᠠᠮ ᠤᠨ ᠭᠡᠰᠢᠭᠦᠨ ᠤ ᠭᠤᠤᠯᠳᠠᠯᠭᠠᠲᠤ ᠡᠷᠦᠬᠡ ᠲᠠᠢ ︵ᠡᠭᠦᠨ ᠳᠤ 27 ᠮᠠᠯᠵᠢᠬᠤ ᠣᠷᠣᠨ ᠤ ᠨᠠᠮ ᠤᠨ ᠭᠡᠰᠢᠭᠦᠨ ᠤ ᠭᠤᠤᠯᠳᠠᠯᠭᠠᠲᠤ ᠡᠷᠦᠬᠡ  ᠂ 2 ᠰᠠᠭᠤᠭᠠᠯᠢ ᠠᠷᠠᠳ ᠤᠨ ᠵᠦᠪᠯᠡᠯ ᠤᠨ ᠨᠠᠮ ᠤᠨ ᠭᠡᠰᠢᠭᠦᠨ ᠤ ᠭᠤᠤᠯᠳᠠᠯᠭᠠᠲᠤ ᠡᠷᠦᠬᠡ  ︶᠃  ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠲᠣᠭᠲᠠᠴᠠ ᠳᠤ ᠣᠷᠣᠭᠤᠯᠤᠭᠰᠠᠨ ᠨᠢ 4569922 . 37 ᠮᠥ᠂ ᠡᠭᠦᠨ ᠳᠤ᠄ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ 51996 ᠮᠦ ︵3 ᠭᠠᠴᠠᠭ᠎ᠠ 256 ᠡᠷᠦᠬᠡ ᠳᠤ ᠬᠤᠯᠪᠣᠭᠳᠠᠨ᠎ᠠ︶᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ 4462379 . 14 ᠮᠦ ︵9 ᠭᠠᠴᠠᠭ᠎ᠠ 1069 ᠡᠷᠦᠬᠡ ᠳᠤ ᠬᠤᠯᠪᠣᠭᠳᠠᠨ᠎ᠠ︶᠂ ᠣᠨᠴᠣᠭᠤᠶ ᠴᠢᠳᠠᠮᠵᠢᠲᠤ ᠣᠷᠣᠨ 55547 . 63 ᠮᠦ ︵2 ᠭᠠᠴᠠᠭ᠎ᠠ 243 ᠡᠷᠦᠬᠡ ᠳᠤ ᠬᠤᠯᠪᠣᠭᠳᠠᠨ᠎ᠠ︶᠃ 2023 ᠣᠨ ᠤ ᠡᠪᠦᠯ ᠤᠨ ᠤᠯᠠᠷᠢᠯ ᠤᠨ ᠨᠡᠶᠢᠭᠡᠮ ᠤᠨ ᠪᠠᠶᠢᠴᠠᠭᠠᠯᠲᠠ ᠳᠤ ᠮᠠᠯ ᠤᠨ ᠲᠤᠭ᠎ᠠ ᠲᠣᠯᠣᠭᠠᠢ 170287᠂ ᠡᠭᠦᠨ ᠳᠤ ᠪᠣᠳᠠ ᠮᠠᠯ 32756 ︵ᠦᠬᠡᠷ 26527᠂  ᠠᠳᠤᠭᠤ 6086᠂ ᠲᠡᠮᠡᠭᠡ 143︶᠂ ᠪᠣᠭ ᠮᠠᠯ 137531 ᠳᠤᠯᠤᠭᠠᠢ ᠪᠠᠶᠢᠨ᠎ᠠ᠃      ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠢᠮᠠᠭᠲᠠ ᠪᠠᠷᠢᠮᠲᠠᠯᠠᠵᠤ᠂ ︽ᠪᠠᠷᠢᠮᠵᠢᠶ᠎ᠠ ᠲᠠᠢ ᠬᠠᠷᠢᠴᠠᠭᠤᠯᠵᠤ ᠰᠢᠨ᠎ᠡ ᠶᠢ ᠡᠭᠦᠳᠬᠦ︾ ᠠᠵᠢᠯᠯᠠᠭ᠎ᠠ ᠶᠢ ᠭᠦᠨᠵᠡᠭᠡᠶ ᠠᠬᠢᠭᠤᠯᠤᠨ᠂  ︽ᠵᠢᠱᠢᠶᠡᠴᠢ︾ ᠨᠠᠮ ᠤᠨ ᠡᠭᠦᠷ ᠢ ᠪᠠᠶᠢᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠥᠷᠥ ᠶᠢᠨ ᠴᠢᠳᠠᠪᠬᠢ ᠪᠣᠯᠤᠨ ᠦᠢᠯᠡᠴᠢᠯᠡᠭᠡᠨ ᠤ ᠴᠢᠳᠠᠪᠬᠢ ᠶᠢ ᠳᠠᠰᠤᠷᠠᠯᠳᠠ ᠦᠬᠡᠢ ᠴᠢᠩᠭᠠᠳᠬᠠᠨ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠮᠢᠵᠢᠷᠠᠯ ᠤᠨ ᠬᠦᠴᠦᠨ ᠢ ᠦᠨᠡᠨ ᠬᠦ ᠬᠥᠭᠵᠢᠭᠡᠵᠦ᠂ ᠰᠤᠮᠤᠨ ᠤ ᠡᠯ᠎ᠡ ᠵᠦᠢᠯ ᠤᠨ ᠠᠵᠢᠯ ᠦᠢᠯᠡᠰ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠤᠭᠰᠠᠨ ᠪᠠᠶᠢᠨ᠎ᠠ᠃      ᠣᠶᠢᠷ᠎ᠠ ᠶᠢᠨ ᠭᠤᠷᠪᠠᠨ ᠵᠢᠯ ᠳᠤ᠂  ᠪᠤᠯᠠᠭᠠᠨ ᠰᠤᠮᠤ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ᠂ ᠪᠥᠬᠦ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠭᠰᠡᠨ ᠲᠡᠷᠢᠭᠦᠨ ᠤ ᠬᠠᠮᠲᠤ ᠨᠡᠶᠢᠳᠠ᠂ ᠪᠥᠬᠦ ᠣᠷᠣᠨ ᠤ ᠠᠷᠠᠳ ᠤᠨ ᠤᠷᠠᠯᠢᠭ ᠤᠨ ᠨᠤᠲᠤᠭ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠨᠡᠶᠢᠲᠡ᠂ ᠠᠶᠢᠮᠠᠭ ᠤᠨ ᠱᠠᠲᠤᠨ ᠤ ︽ᠲᠠᠪᠤᠨ ᠰᠢᠯᠢᠳᠡᠭ︾ ᠰᠤᠮᠤ ᠪᠠᠯᠭᠠᠰᠤᠨ ᠤ ᠨᠠᠮ ᠤᠨ ᠬᠤᠷᠢᠶ᠎ᠠ᠂ ᠪᠦᠬᠦ ᠠᠶᠢᠮᠠᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠰᠤᠮᠤ ᠵᠡᠷᠭᠡ ᠢᠷᠠᠭᠤ ᠠᠯᠳᠠᠷ ᠢ ᠬᠦᠷᠳᠡᠭᠰᠡᠨ ᠪᠠᠶᠢᠨ᠎ᠠ᠃ ᠪᠥᠬᠦ ᠠᠶᠢᠮᠠᠭ ᠤᠨ ︽ᠲᠠᠪᠤᠨ ᠬᠦᠴᠦᠷᠬᠡᠭ︾ ᠭᠠᠴᠠᠭᠠᠨ ᠤ ᠨᠠᠮ ᠤᠨ ᠡᠭᠦᠷ 1᠂ ᠪᠥᠬᠦ ᠠᠶᠢᠮᠠᠭ ᠤᠨ ︽ᠬᠠᠮᠤᠭ ᠤᠨ ᠬᠦᠴᠦᠷᠬᠡᠭ ᠨᠠᠮ ᠤᠨ ᠡᠭᠦᠷ︾᠎ ᠤᠨ ᠪᠥᠲᠥᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠴᠡᠭ 1᠎ ᠶᠢ  ᠪᠠᠶᠢᠭᠤᠯᠵᠦ᠂ ᠪᠦᠬᠦ ᠠᠶᠢᠮᠠᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠭᠠᠴᠠᠭ᠎ᠠ 1 ᠨᠡᠷ᠎ᠡ᠂ ᠪᠦᠬᠦ ᠠᠶᠢᠮᠠᠭ ᠤᠨ ᠪᠣᠯᠪᠠᠰᠤᠨ ᠲᠣᠰᠬᠤᠨ ᠪᠠᠯᠭᠠᠰᠤ 6 ᠨᠡᠷ᠎ᠡ᠂ ᠪᠦᠬᠦ ᠬᠤᠲᠠ ᠶᠢᠨ ︽ᠬᠠᠮᠤᠭ ᠤᠨ ᠬᠦᠴᠦᠷᠬᠡᠭ ᠨᠠᠮ ᠤᠨ ᠡᠭᠦᠷ︾ 6 ᠨᠡᠷ᠎ᠡ᠂ ᠪᠦᠬᠦ ᠬᠤᠲᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠭᠠᠴᠠᠭ᠎ᠠ 2  ᠪᠠᠶᠢᠨ᠎ᠠ᠃ 2022 ᠣᠨ ᠳᠤ᠂ ᠰᠢᠷᠠᠳᠠᠯ᠎ᠠ ᠭᠠᠴᠠᠭ᠎ᠠ ᠨᠢ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ ᠤ ᠨᠡᠷᠡᠰ ᠲᠤ ᠰᠤᠩᠭᠤᠭᠳᠠᠨ᠂ ᠬᠠᠨᠠᠠᠭᠤᠯᠠ ᠭᠠᠴᠠᠭ᠎ᠠ ᠨᠢ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ ᠤ ᠨᠡᠷᠡᠰ ᠲᠤ ᠰᠣᠩᠭᠤᠭᠳᠠᠪᠠ᠃ 2023 ᠣᠨ ᠳᠤ᠂ ᠰᠢᠷᠠᠳᠠᠯ᠎ᠠ ᠭᠠᠴᠠᠭ᠎ᠠ ︽ᠪᠥᠬᠦ ᠠᠶᠢᠮᠠᠭ ᠤᠨ ᠪᠠᠲᠤ ᠪᠠᠬᠢᠯᠡᠯᠲᠡ ᠶᠢᠨ ᠨᠠᠮ ᠤᠨ ᠡᠭᠦᠷ ᠪᠠ ᠪᠠᠲᠤ ᠪᠠᠬᠢᠯᠡᠯᠲᠡ ᠶᠢᠨ ᠨᠠᠮ ᠤᠨ ᠡᠭᠦᠷ ᠤᠨ ᠵᠢᠱᠢᠶ᠎ᠡ ᠦᠵᠡᠭᠦᠯᠬᠦ ᠴᠡᠭ︾᠎ ᠢᠶᠠᠷ ᠦᠨᠡᠯᠡᠭᠳᠡᠪᠡ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号