ᠨᠢᠭᠡᠳᠦᠭᠡᠷ ᠤᠯᠠᠷᠢᠯ ᠳᠤ ᠰᠢᠯᠢ ᠶᠢᠨ ᠬᠤᠲᠠ ᠶᠢᠨ ᠠᠵᠤ ᠠᠬᠤᠢ ᠶᠢᠨ ᠠᠵᠢᠯᠯᠠᠭᠠᠨ ᠲᠣᠭᠲᠠᠭᠤᠨ ᠢᠶᠠᠷ ᠨᠡᠮᠡᠭᠳᠡᠪᠡ
ᠨᠡᠶᠢᠲᠡᠯᠡᠭᠰᠡᠨ ᠴᠠᠭ᠄
2024/6/4
     ᠨᠢᠭᠡᠳᠦᠭᠡᠷ ᠤᠯᠠᠷᠢᠯ ᠳᠤ᠂ ᠰᠢᠯᠢ ᠶᠢᠨ ᠬᠤᠲᠠ‌ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠨ᠂ ᠳᠡᠭᠡᠳᠦ ᠱᠠᠲᠤᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠢᠶᠠᠷ ᠤᠷᠤᠭᠰᠢᠯᠠᠬᠤ ᠶᠢ ᠪᠠᠷᠢᠮᠲᠠᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠲᠡᠭᠦᠯᠳᠡᠷ᠂ ᠣᠨᠣᠪᠴᠢᠲᠠᠢ᠂ ᠪᠦᠬᠦ ᠲᠠᠯ᠎ᠠ ᠪᠠᠷ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠤᠨ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠪᠦᠬᠦ ᠬᠤᠳᠠ ᠶᠢᠨ ᠠᠵᠤ ᠠᠬᠤᠢ ᠶᠢᠨ ᠠᠵᠢᠯᠯᠠᠭᠠᠨ ᠲᠣᠭᠲᠠᠭᠤᠨ ᠢᠶᠠᠷ ᠨᠡᠮᠡᠭᠳᠡᠵᠡᠢ᠃      ᠬᠤᠰᠢᠭᠤ ᠰᠢᠶᠠᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠨᠢᠭᠡᠳᠦᠯᠲᠡᠢ ᠲᠣᠭᠠᠴᠠᠭ᠎ᠠ ᠬᠢᠭᠰᠡᠨ ᠦᠷ᠎ᠡ ᠳ᠋ᠦᠩ ᠢ ᠦᠨᠳᠦᠰᠦᠯᠡᠪᠡᠯ᠂ ᠪᠥᠬᠦ ᠬᠤᠲᠠ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 81.74 ᠳ᠋ᠦᠩᠰᠢᠭᠤᠷ ᠲᠥᠭᠦᠷᠢᠭ ᠲᠤ ᠬᠦᠷᠴᠦ᠂ ᠥᠯᠥ ᠬᠤᠪᠢᠰᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 2.7%᠎ ᠪᠠᠷ ᠨᠡᠮᠡᠭᠳᠡᠪᠡ᠃ ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 0.27 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠎ ᠬᠢ ᠠᠴᠠ 5.5% ᠨᠡᠮᠡᠭᠳᠡᠪᠡ᠃ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 45.11 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.4% ᠨᠡᠮᠡᠭᠳᠡᠪᠡ᠃ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 36.36 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠎ ᠬᠢ ᠠᠴᠠ 2.1%᠎ ᠪᠠᠷ ᠨᠡᠮᠡᠭᠳᠡᠪᠡ᠃      ᠨᠢᠭᠡ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠠᠬᠢᠯᠲᠠ ᠯᠠᠪᠳᠠᠭᠤᠨ ᠪᠠᠲᠤᠲᠠᠢ      ᠲᠠᠷᠢᠶᠠᠯᠠᠩ ᠮᠠᠯ ᠠᠵᠤ ᠠᠬᠤᠢ ᠶᠢᠨ ᠦᠢᠯᠡᠳᠬᠦᠨ ᠤ ᠶᠡᠷᠦᠩᠬᠡᠢ ᠥᠷᠲᠡᠭ 0.9 ᠳ᠋ᠦᠩᠰᠢᠭᠤᠷ ᠲᠥᠭᠦᠷᠢᠭ ᠲᠤ ᠬᠦᠷᠴᠦ᠂ ᠬᠠᠷᠢᠴᠠᠭᠤᠯᠵᠤ ᠪᠣᠯᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 5.3%᠎ ᠪᠠᠷ ᠨᠡᠮᠡᠭᠳᠡᠵᠦ᠂ ᠮᠠᠯᠵᠢᠬᠤ ᠣᠷᠣᠨ ᠤ ᠬᠠᠪᠤᠷ ᠤᠨ ᠤᠯᠠᠷᠢᠯ ᠤᠨ ᠮᠠᠯ ᠠᠵᠤ ᠠᠬᠤᠢ ᠶᠢᠨ ᠦᠢᠯᠡᠳᠪᠦᠷᠢᠯᠡᠯ ᠤᠷᠤᠭᠰᠢᠲᠠᠢ ᠶᠠᠪᠤᠭᠳᠠᠵᠤ᠂ ᠬᠠᠪᠤᠷ ᠤᠨ ᠤᠯᠠᠷᠢᠯ ᠤᠨ ᠲᠥᠯ ᠲᠤᠰᠬᠤ ᠠᠵᠢᠯ ᠡᠮᠬᠢ ᠵᠢᠷᠤᠮ ᠲᠠᠢ ᠠᠬᠢᠪᠠ᠃      ᠬᠤᠶᠠᠷ᠂ ᠠᠵᠤ ᠦᠢᠯᠡᠳᠪᠦᠷᠢᠯᠡᠯ ᠲᠣᠭᠲᠠᠭᠤᠨ ᠢᠶᠠᠷ ᠰᠠᠶᠢᠵᠢᠷᠠᠪᠠ      ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 3.4% ᠨᠡᠮᠡᠭᠳᠡᠪᠡ᠃ ᠭᠤᠷᠪᠠᠨ ᠶᠡᠭᠡ ᠠᠵᠢᠯ ᠲᠥᠷᠥᠯ ᠢᠶᠠᠷ ᠬᠤᠪᠢᠶᠠᠵᠤ ᠦᠵᠡᠪᠡᠯ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠭᠤᠷᠬᠠᠢ ᠮᠠᠯᠲᠠᠬᠤ ᠦᠢᠯᠡᠰ ᠤᠨ ᠠᠵᠤ ᠦᠢᠯᠡᠳᠪᠦᠷᠢ ᠶᠢᠨ ᠦᠢᠯᠡᠳᠬᠦᠨ ᠤ ᠪᠥᠬᠦ ᠥᠷᠲᠡᠭ ᠠᠳᠠᠯᠢ ᠬᠤᠭᠤᠴᠠᠭᠠᠨ ᠤ ᠬᠢ ᠠᠴᠠ 7.8%᠎ ᠪᠠᠷ ᠨᠡᠮᠡᠭᠳᠡᠪᠡ᠃ ᠦᠢᠯᠡᠳᠬᠦ ᠦᠢᠯᠡᠰ ᠤᠨ ᠠᠵᠤ ᠦᠢᠯᠡᠳᠪᠦᠷᠢ ᠶᠢᠨ ᠦᠢᠯᠡᠳᠬᠦᠨ ᠤ ᠪᠥᠬᠦ ᠥᠷᠲᠡᠭ ᠠᠳᠠᠯᠢ ᠬᠤᠭᠤᠴᠠᠭᠠᠨ ᠤ ᠬᠢ ᠠᠴᠠ 41.9% ᠪᠠᠭᠤᠷᠠᠪᠠ᠃ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 0.8%᠎ ᠪᠠᠷ ᠨᠡᠮᠡᠭᠳᠡᠪᠡ᠃ ᠠᠵᠢᠯ ᠲᠦᠷᠦᠯ ᠢᠶᠠᠷ ᠬᠤᠪᠢᠶᠠᠵᠤ ᠦᠵᠡᠪᠡᠯ᠂ ᠦᠢᠯᠡᠳᠪᠦᠷᠢᠯᠡᠵᠦ ᠪᠠᠶᠢᠭ᠎ᠠ 11 ᠠᠵᠢᠯ ᠲᠦᠷᠦᠯ ᠤᠨ ᠶᠡᠭᠡ ᠲᠦᠷᠦᠯ ᠳᠤ᠂ 6 ᠠᠵᠢᠯ ᠲᠦᠷᠦᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠦᠷᠳᠡᠭ ᠲᠣᠭᠲᠠᠭᠤᠨ ᠠᠬᠢᠴᠠ ᠲᠠᠢ ᠪᠠᠶᠢᠪᠠ᠃ ᠨᠡᠭᠦᠷᠡᠰᠦ ᠮᠠᠯᠲᠠᠬᠤ ᠪᠠ ᠤᠬᠢᠶᠠᠵᠤ ᠰᠢᠯᠢᠬᠦ ᠦᠢᠯᠡᠰ ᠤᠨ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠦᠷᠳᠡᠭ ᠠᠳᠠᠯᠢ ᠬᠤᠭᠤᠴᠠᠭᠠᠨ ᠤ ᠬᠢ ᠠᠴᠠ 10.0% ᠨᠡᠮᠡᠭᠳᠡᠪᠡ᠃ ᠲᠠᠷᠢᠶᠠᠯᠠᠩ ᠬᠤᠯᠢᠰᠢᠨ ᠢᠳᠡᠭᠡᠨ ᠢ ᠪᠣᠯᠪᠠᠰᠤᠷᠠᠭᠤᠯᠬᠤ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠦᠷᠳᠡᠭ ᠨᠢ ᠠᠳᠠᠯᠢ ᠬᠤᠭᠤᠴᠠᠭᠠᠨ ᠤ ᠬᠢ ᠠᠴᠠ 29.2%᠎ ᠢᠶᠠᠷ ᠨᠡᠮᠡᠭᠳᠡᠪᠡ᠃ ᠢᠳᠡᠭᠡᠨ ᠤ ᠵᠥᠢᠯᠡᠰ ᠢ ᠦᠢᠯᠡᠳᠬᠦ ᠦᠢᠯᠡᠰ ᠤᠨ ᠠᠵᠤ ᠦᠢᠯᠡᠳᠪᠦᠷᠢ ᠶᠢᠨ ᠦᠢᠯᠡᠳᠬᠦᠨ ᠤ ᠪᠥᠬᠦ ᠥᠷᠲᠡᠭ ᠠᠳᠠᠯᠢ ᠬᠤᠭᠤᠴᠠᠭᠠᠨ ᠤ ᠬᠢ ᠠᠴᠠ16.9%᠎ ᠪᠠᠷ ᠨᠡᠮᠡᠭᠳᠡᠪᠡ᠃ ᠲᠡᠮᠦᠷᠯᠢᠭ ᠪᠤᠰᠤ ᠠᠭᠤᠷᠬᠠᠢ ᠶᠢᠨ ᠪᠦᠲᠦᠭᠡᠭᠳᠡᠬᠦᠨ ᠤ ᠦᠢᠯᠡᠰ ᠤᠨ ᠠᠵᠤ ᠦᠢᠯᠡᠳᠪᠦᠷᠢ ᠶᠢᠨ ᠦᠢᠯᠡᠳᠬᠦᠨ ᠤ ᠪᠥᠬᠦ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 722.1%᠎ ᠪᠠᠷ ᠨᠡᠮᠡᠭᠳᠡᠪᠡ᠃ ᠴᠠᠬᠢᠯᠭᠠᠨ ᠬᠦᠴᠦ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠠᠵᠤ ᠦᠢᠯᠡᠳᠪᠦᠷᠢ ᠶᠢᠨ ᠦᠢᠯᠡᠳᠬᠦᠨ ᠤ ᠪᠥᠬᠦ ᠥᠷᠲᠡᠭ ᠠᠳᠠᠯᠢ ᠬᠤᠭᠤᠴᠠᠭᠠᠨ ᠤ ᠬᠢ ᠠᠴᠠ 0.9%᠎ ᠪᠠᠷ ᠨᠡᠮᠡᠭᠳᠡᠪᠡ᠃ ᠰᠢᠲᠠᠮᠠᠬᠠᠢ ᠬᠡᠢ ᠶᠢᠨ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠠᠵᠤ ᠦᠢᠯᠡᠳᠪᠦᠷᠢ ᠶᠢᠨ ᠦᠢᠯᠡᠳᠬᠦᠨ ᠤ ᠪᠥᠬᠦ ᠥᠷᠲᠡᠭ ᠠᠳᠠᠯᠢ ᠬᠤᠭᠤᠴᠠᠭᠠᠨ ᠤ ᠎ ᠬᠢ ᠠᠴᠠ 13.0% ᠨᠡᠮᠡᠭᠳᠡᠪᠡ᠃ 5 ᠠᠵᠢᠯ ᠲᠦᠷᠦᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠦᠷᠳᠡᠭ ᠰᠥᠭᠡᠷᠭᠦ ᠨᠡᠮᠡᠭᠳᠡᠯ ᠲᠠᠢ ᠪᠣᠯᠪᠠ᠄ ᠴᠢᠯᠠᠭᠤᠨ ᠲᠣᠰᠣ ᠪᠣᠯᠣᠨ ᠪᠠᠶᠢᠭᠠᠯᠢ ᠶᠢᠨ ᠰᠢᠲᠠᠮᠠᠬᠠᠢ ᠬᠡᠢ ᠶᠢ ᠨᠡᠭᠡᠭᠡᠨ ᠮᠠᠯᠲᠠᠬᠤ ᠦᠢᠯᠡᠰ ᠤᠨ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠦᠷᠳᠡᠭ ᠠᠳᠠᠯᠢ ᠬᠤᠭᠤᠴᠠᠭᠠᠨ ᠤ ᠎ ᠬᠢ ᠠᠴᠠ 2.9%᠎ ᠢᠶᠠᠷ ᠪᠠᠭᠤᠷᠠᠪᠠ᠃ ᠬᠢᠮᠢ ᠶᠢᠨ ᠲᠦᠭᠦᠬᠡᠢ ᠮᠠᠲ᠋ᠧᠷᠢᠶᠠᠯ ᠪᠠ ᠬᠢᠮᠢ ᠶᠢᠨ ᠪᠦᠲᠦᠭᠡᠭᠳᠡᠬᠦᠨ ᠦᠢᠯᠡᠳᠬᠦ ᠦᠢᠯᠡᠰ ᠤᠨ ᠠᠵᠤ ᠦᠢᠯᠡᠳᠪᠦᠷᠢ ᠶᠢᠨ ᠦᠢᠯᠡᠳᠬᠦᠨ ᠤ ᠪᠥᠬᠦ ᠥᠷᠲᠡᠭ ᠠᠳᠠᠯᠢ ᠬᠤᠭᠤᠴᠠᠭᠠᠨ ᠤ ᠎ ᠬᠢ ᠠᠴᠠ 2.7%᠎ ᠪᠠᠷ ᠪᠠᠭᠤᠷᠠᠪᠠ᠃ ᠲᠤᠰᠬᠠᠢ ᠬᠡᠷᠡᠭᠯᠡᠭᠡᠨ ᠤ ᠲᠥᠬᠦᠭᠡᠷᠦᠮᠵᠢ ᠦᠢᠯᠡᠳᠬᠦ ᠦᠢᠯᠡᠰ ᠤᠨ ᠠᠵᠤ ᠦᠢᠯᠡᠳᠪᠦᠷᠢ ᠶᠢᠨ ᠦᠢᠯᠡᠳᠬᠦᠨ ᠤ ᠪᠥᠬᠦ ᠥᠷᠲᠡᠭ ᠠᠳᠠᠯᠢ ᠬᠤᠭᠤᠴᠠᠭᠠᠨ ᠤ ᠬᠢ ᠠᠴᠠ 56.0% ᠪᠠᠭᠤᠷᠠᠪᠠ᠃ ᠴᠠᠬᠢᠯᠭᠠᠨ ᠮᠠᠰᠢᠨ ᠪᠠ ᠪᠠᠭᠠᠵᠢ ᠬᠡᠷᠡᠭᠰᠡᠯ ᠦᠢᠯᠡᠳᠬᠦ ᠦᠢᠯᠡᠰ ᠤᠨ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠦᠷᠳᠡᠭ ᠠᠳᠠᠯᠢ ᠬᠤᠭᠤᠴᠠᠭᠠᠨ ᠤ ᠬᠢ ᠠᠴᠠ 83.5%᠎ ᠪᠠᠷ ᠪᠠᠭᠤᠷᠠᠪᠠ᠃ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠦᠷᠳᠡᠭ ᠠᠳᠠᠯᠢ ᠬᠤᠭᠤᠴᠠᠭᠠᠨ ᠤ ᠬᠢ ᠠᠴᠠ 18.9 %᠎ ᠪᠠᠷ ᠪᠠᠭᠤᠷᠠᠪᠠ᠃      ᠭᠤᠷᠪᠠ᠂ ᠦᠢᠯᠡᠴᠢᠯᠡᠭᠡᠨ ᠤ ᠦᠢᠯᠡᠰ ᠤᠨ ᠠᠵᠢᠯᠯᠠᠭᠠᠨ ᠲᠣᠭᠲᠠᠭᠤᠨ ᠶᠠᠪᠤᠭᠳᠠᠪᠠ      ᠪᠥᠬᠦ ᠬᠤᠲᠠ ᠶᠢᠨ ᠦᠢᠯᠡᠴᠢᠯᠡᠭᠡᠨ ᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 2.1% ᠨᠡᠮᠡᠭᠳᠡᠪᠡ᠃ ᠡᠭᠦᠨ ᠳᠤ᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ ᠠᠳᠠᠯᠢ ᠬᠤᠭᠤᠴᠠᠭᠠᠨ ᠤ ᠬᠢ ᠠᠴᠠ 1.4%᠎ ᠪᠠᠷ ᠪᠠᠭᠤᠷᠠᠵᠤ᠂ ᠬᠤᠨᠤᠭ ᠪᠠᠭᠤᠳᠠᠯ ᠢᠳᠡᠭᠡᠨ ᠤᠮᠳᠠᠭᠠᠨ ᠤ ᠦᠢᠯᠡᠰ ᠠᠳᠠᠯᠢ ᠬᠤᠭᠤᠴᠠᠭᠠᠨ ᠤ ᠬᠢ ᠠᠴᠠ 2.7%᠎ ᠪᠠᠷ ᠨᠡᠮᠡᠭᠳᠡᠵᠦ᠂ ᠵᠠᠮ ᠲᠡᠭᠡᠭᠡᠪᠦᠷᠢ᠂ ᠬᠥᠮᠥᠷᠭᠡᠯᠡᠯᠲᠡ ᠪᠠ ᠰᠢᠤᠳᠠᠨ ᠤ ᠦᠢᠯᠡᠰ ᠠᠳᠠᠯᠢ ᠬᠤᠭᠤᠴᠠᠭᠠᠨ ᠤ ᠬᠢ ᠠᠴᠠ 0.2%᠎ ᠢᠶᠠᠷ ᠨᠡᠮᠡᠭᠳᠡᠵᠦ᠂ ᠮᠥᠩᠭᠦᠨ ᠭᠦᠢᠯᠭᠡᠭᠡᠨ ᠤ ᠦᠢᠯᠡᠰ ᠠᠳᠠᠯᠢ ᠬᠤᠭᠤᠴᠠᠭᠠᠨ ᠤ ᠬᠢ ᠠᠴᠠ 10.4%᠎ ᠪᠠᠷ ᠨᠡᠮᠡᠭᠳᠡᠵᠦ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠦᠢᠯᠡᠰ ᠠᠳᠠᠯᠢ ᠬᠤᠭᠤᠴᠠᠭᠠᠨ ᠤ ᠬᠢ ᠠᠴᠠ 4.4%᠎ ᠪᠠᠷ ᠪᠠᠭᠤᠷᠠᠵᠤ᠂ ᠠᠰᠢᠭ ᠬᠤᠨᠵᠢᠪᠤᠷᠢ ᠶᠢᠨ ᠴᠢᠨᠠᠷᠲᠠᠢ ᠦᠢᠯᠡᠴᠢᠯᠡᠭᠡᠨ ᠤ ᠦᠢᠯᠡᠰ ᠠᠳᠠᠯᠢ ᠬᠤᠭᠤᠴᠠᠭᠠᠨ ᠤ ᠬᠢ ᠠᠴᠠ 0.2%᠎ ᠢᠶᠠᠷ ᠪᠠᠭᠤᠷᠠᠵᠤ᠂ ᠠᠰᠢᠭ ᠬᠤᠨᠵᠢᠪᠤᠷᠢ ᠶᠢᠨ ᠪᠤᠰᠤ ᠴᠢᠨᠠᠷᠲᠠᠢ ᠦᠢᠯᠡᠴᠢᠯᠡᠭᠡᠨ ᠤ ᠦᠢᠯᠡᠰ ᠠᠳᠠᠯᠢ ᠬᠤᠭᠤᠴᠠᠭᠠᠨ ᠤ ᠬᠢ ᠠᠴᠠ 6.9%᠎ ᠪᠠᠷ ᠨᠡᠮᠡᠭᠳᠡᠵᠡᠢ᠃      ᠳᠥᠷᠪᠡ᠂ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠲᠣᠭᠲᠠᠭᠤᠨ ᠪᠠᠶᠢᠬᠤ ᠶᠢ ᠪᠠᠲᠤᠯᠠᠪᠠ      ᠪᠥᠬᠦ ᠬᠤᠲᠠ ᠶᠢᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 25.90 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.4% ᠪᠠᠭᠤᠷᠠᠪᠠ᠃ ᠪᠣᠷᠣᠯᠠᠭᠤᠯᠤᠭᠰᠠᠨ ᠭᠠᠵᠠᠷ ᠣᠷᠣᠨ ᠢᠶᠠᠷ ᠬᠤᠪᠢᠶᠠᠪᠠᠯ᠄ ᠬᠤᠲᠠ ᠪᠠᠯᠭᠠᠰᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 22.71 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.5%᠎ ᠪᠠᠷ ᠪᠠᠭᠤᠷᠠᠪᠠ᠃ ᠮᠠᠯᠵᠢᠬᠤ ᠲᠠᠷᠢᠶᠠᠯᠠᠬᠤ ᠣᠷᠣᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 3.19 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.2%᠎ ᠢᠶᠠᠷ ᠪᠠᠭᠤᠷᠠᠪᠠ᠃ ᠬᠡᠷᠡᠭᠯᠡᠭᠡᠨ ᠤ ᠲᠥᠷᠥᠯ ᠵᠦᠢᠯ ᠢᠶᠠᠷ ᠬᠤᠪᠢᠶᠠᠪᠠᠯ᠄ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ 22.55 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.5%᠎ ᠪᠠᠷ ᠪᠠᠭᠤᠷᠠᠪᠠ᠃ ᠢᠳᠡᠭᠡᠨ ᠤᠮᠳᠠᠭᠠᠨ ᠤ ᠣᠷᠣᠯᠭ᠎ᠠ 3.35 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠎ ᠬᠢ ᠠᠴᠠ 7.8% ᠨᠡᠮᠡᠭᠳᠡᠪᠡ᠃      ᠲᠠᠪᠤ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠦᠴᠦᠲᠡᠢ ᠨᠡᠮᠡᠭᠳᠡᠯ      ᠪᠥᠬᠦ ᠬᠤᠲᠠ ᠶᠢᠨ ᠪᠥᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 113.51%᠎ ᠪᠠᠷ ᠨᠡᠮᠡᠭᠳᠡᠪᠡ᠃ ᠡᠭᠦᠨ ᠳᠤ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠪᠡᠶᠡᠯᠡᠭᠦᠯᠦᠭᠰᠡᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠎ ᠬᠢ ᠠᠴᠠ 111.55%᠎ ᠪᠠᠷ ᠨᠡᠮᠡᠭᠳᠡᠪᠡ᠃ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠵᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠪᠡᠯᠡ ᠣᠷᠣᠭᠤᠯᠤᠯᠲᠠ 57.14%᠎ ᠪᠠᠷ ᠪᠠᠭᠤᠷᠠᠵᠤ᠂ ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ 138.22%᠎ ᠢᠶᠠᠷ ᠨᠡᠮᠡᠭᠳᠡᠵᠦ᠂ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ 87.34%᠎ ᠪᠠᠷ ᠨᠡᠮᠡᠭᠳᠡᠪᠡ᠃ ᠪᠥᠬᠦ ᠬᠤᠲᠠ ᠶᠢᠨ ᠲᠠᠸᠠᠷ ᠤᠨ ᠭᠡᠷ ᠪᠠᠶᠢᠰᠢᠩ ᠤᠨ ᠪᠣᠷᠣᠯᠠᠭᠤᠯᠤᠯᠲᠠ ᠶᠢᠨ ᠲᠠᠯᠠᠪᠠᠶ 58 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 25%᠎ ᠪᠠᠷ ᠪᠠᠭᠤᠷᠠᠵᠤ᠂ ᠲᠠᠸᠠᠷ ᠤᠨ ᠭᠡᠷ ᠪᠠᠶᠢᠰᠢᠩ ᠤᠨ ᠪᠣᠷᠣᠯᠠᠭᠤᠯᠤᠯᠲᠠ ᠶᠢᠨ ᠬᠡᠮᠵᠢᠶ᠎ᠡ 3.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 20.76%᠎ ᠪᠠᠷ ᠪᠠᠭᠤᠷᠠᠪᠠ᠃      ᠵᠢᠷᠭᠤᠭ᠎ᠠ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠲᠣᠭᠲᠠᠭᠤᠨ ᠪᠠᠶᠢᠨ᠎ᠠ      ᠰᠢᠯᠢ ᠶᠢᠨ ᠬᠤᠲᠠ ᠶᠢᠨ ᠪᠥᠬᠦ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 13438 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6% ᠨᠡᠮᠡᠭᠳᠡᠵᠡᠢ᠃ ᠡᠭᠦᠨ ᠳᠤ᠂ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 13809 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.4% ᠨᠡᠮᠡᠭᠳᠡᠪᠡ᠃ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 7623 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠎ ᠬᠢ ᠠᠴᠠ 7.8% ᠨᠡᠮᠡᠭᠳᠡᠪᠡ᠃ ᠪᠥᠬᠦ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠬᠡᠷᠡᠭᠯᠡᠭᠡᠨ ᠤ ᠵᠠᠷᠤᠯᠭ᠎ᠠ 9643 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.6%᠎ ᠪᠠᠷ ᠨᠡᠮᠡᠭᠳᠡᠪᠡ᠃ ᠡᠭᠦᠨ ᠳᠤ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠬᠡᠷᠡᠭᠯᠡᠭᠡᠨ ᠤ ᠵᠠᠷᠤᠯᠭ᠎ᠠ 9868 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.4% ᠨᠡᠮᠡᠭᠳᠡᠵᠦ᠂ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠬᠡᠷᠡᠭᠯᠡᠭᠡᠨ ᠤ ᠵᠠᠷᠤᠯᠭ᠎ᠠ 6499 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11.2% ᠨᠡᠮᠡᠭᠳᠡᠪᠡ᠃ ᠶᠡᠷᠦᠩᠬᠡᠢ ᠳᠤᠨᠢ ᠠᠪᠴᠤ ᠦᠵᠡᠪᠡᠯ᠂ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠠᠵᠢᠯᠯᠠᠭᠠᠨ ᠲᠣᠭᠲᠠᠭᠤᠨ ᠪᠠᠶᠢᠬᠤ ᠶᠢᠨ ᠵᠡᠷᠭᠡ ᠳᠤ ᠤᠷᠤᠭᠰᠢᠯᠠᠵᠤ᠂ ᠬᠦᠴᠢᠷ ᠪᠡᠷᠬᠡ ᠶᠢ ᠢᠯᠠᠨ ᠳᠠᠪᠠᠵᠤ᠂ ᠬᠥᠭᠵᠢᠯᠲᠡ ᠶᠢᠨ ᠴᠢᠨᠠᠷ ᠴᠢᠨᠰᠠᠭ᠎ᠠ ᠪᠣᠯᠣᠨ ᠦᠷ᠎ᠡ ᠪᠦᠲᠦᠮᠵᠢ ᠲᠣᠭᠲᠠᠭᠤᠨ ᠢᠶᠠᠷ ᠳᠡᠭᠡᠭᠰᠢᠯᠡᠵᠡᠢ᠃ ᠳᠠᠷᠠᠭᠠᠴᠢ ᠶᠢᠨ ᠠᠯᠬᠤᠮ ᠳᠤ᠂ ᠦᠷᠭᠦᠯᠵᠢᠯᠡᠨ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠪᠣᠯᠣᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠡᠷᠡᠰ ᠭᠤᠶᠢᠪᠢᠰᠢ ᠦᠭᠡᠢ ᠲᠤᠤᠱᠯᠠᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠲᠣᠬᠢᠷᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠨ᠂ ︽ᠳᠠᠪᠠᠭᠤᠯᠢᠭ ᠢᠶᠠᠨ ᠪᠠᠳᠠᠷᠠᠭᠤᠯᠬᠤ᠂ ᠳᠤᠲᠠᠭᠤᠳᠠᠯ ᠢᠶᠠᠨ ᠨᠦᠬᠦᠪᠦᠷᠢᠯᠡᠨ᠂ ᠢᠲᠡᠭᠡᠯ ᠵᠣᠷᠢᠭ ᠢᠶᠠᠨ ᠳᠡᠭᠡᠭᠰᠢᠯᠡᠭᠦᠯᠵᠦ᠂ ᠭᠤᠣᠯᠳᠠᠯᠭ᠎ᠠ ᠶᠢ ᠠᠳᠬᠤᠬᠤ︾ ᠳᠡᠭᠡᠷ᠎ᠡ ᠬᠦᠴᠦ ᠲᠠᠯᠪᠢᠵᠤ᠂ ᠬᠤᠶᠠᠷ ᠶᠡᠭᠡ ᠶᠠᠪᠤᠳᠠᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠥᠬᠦ ᠬᠤᠲᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠨ᠎ᠡ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号