ᠰᠢᠯᠢ ᠶᠢᠨ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ︽ᠪᠢ ᠣᠯᠠᠨ ᠲᠦᠮᠡᠨ ᠳᠤ ᠬᠠᠨᠢ ᠪᠣᠯᠵᠤ ᠠᠵᠢᠯ ᠤᠨ ᠠᠯᠬᠤᠮ ᠳᠠᠷᠠᠭ᠎ᠠ ᠪᠠᠷ ᠶᠠᠪᠤᠬᠤ︾ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/4
     ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠠᠵᠢᠯ ᠶᠠᠪᠤᠳᠠᠯ ᠭᠦᠢᠴᠡᠳᠬᠡᠬᠦ ᠳᠤ ᠲᠥᠬᠦᠮ ᠦᠵᠡᠭᠦᠯᠬᠦ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠥᠯᠥᠭᠡ᠂  ᠰᠢᠯᠢ ᠶᠢᠨ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ   ᠠᠴᠠ ︽ᠪᠢ ᠣᠯᠠᠨ ᠲᠦᠮᠡᠨ ᠳᠤ ᠬᠠᠨᠢ ᠪᠣᠯᠵᠤ ᠠᠵᠢᠯ ᠤᠨ ᠠᠯᠬᠤᠮ ᠲᠠᠷᠠᠭ᠎ᠠ ᠪᠠᠷ ᠶᠠᠪᠤᠬᠤ︾ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ︽ᠠᠵᠢᠯ ᠤᠨ ᠠᠯᠬᠤᠮ ᠲᠠᠷᠠᠭ᠎ᠠ ᠪᠠᠷ ᠶᠠᠪᠤᠬᠤ᠂ ᠰᠠᠨᠠᠭᠤᠯᠭ᠎ᠠ ᠳᠤᠷᠠᠳᠬᠤ᠂ ᠦᠢᠯᠡᠴᠢᠯᠡᠭᠡ ᠶᠢ ᠰᠢᠯᠢᠳᠡᠭᠵᠢᠭᠦᠯᠬᠦ︾ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠢᠯ ᠶᠠᠪᠤᠳᠠᠯ ᠭᠦᠢᠴᠡᠳᠬᠡᠬᠦ ᠳᠤ ᠬᠦᠴᠢᠷᠲᠡᠢ ᠠᠰᠠᠭᠤᠳᠠᠯ ᠪᠠ ᠲᠦᠭᠵᠢᠷᠡᠯ ᠲᠠᠢ ᠠᠰᠠᠭᠤᠳᠠᠯ ᠢ ᠰᠠᠨᠠᠭᠠᠴᠢᠯᠠᠭ᠎ᠠ   ᠠᠴᠠ ᠪᠠᠨ ᠢᠯᠡᠷᠡᠭᠦᠯᠦᠨ ᠰᠢᠢᠳᠪᠦᠷᠢᠯᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠬᠦ ᠶᠢ ᠠᠬᠢᠭᠤᠯᠪᠠ᠃      4 ᠰᠠᠷ᠎ᠠ ᠶᠢᠨ 30 ᠤ ᠡᠳᠦᠷ᠂ ᠬᠤᠲᠠ ᠶᠢᠨ ᠵᠠᠰᠠᠭ ᠤᠨ ᠶᠠᠪᠤᠳᠠᠯ ᠤᠨ ᠲᠣᠪᠴᠢᠶ᠎ᠠ ᠶᠢᠨ ᠳᠠᠷᠤᠭ᠎ᠠ ᠶᠠᠩ ᠵᠢᠩ ᠹᠧᠩ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠭᠤᠷᠪᠠᠳᠤᠭᠠᠷ ᠲᠠᠪᠬᠤᠷᠭ᠎ᠠ ᠶᠢᠨ ᠠᠵᠤ ᠠᠬᠤᠶᠢᠯᠠᠯ ᠤᠨ ᠲᠤᠰᠬᠠᠢ ᠲᠣᠭᠤᠷᠢᠭ ᠲᠤ ᠠᠵᠢᠯᠯᠠᠵᠤ ᠪᠠᠶᠢᠭ᠎ᠠ ᠣᠯᠠᠨ ᠲᠦᠮᠡᠨ ᠳᠤ ᠪᠠᠷ᠎ᠠ ᠪᠣᠯᠵᠤ ᠬᠤᠪᠢ ᠶᠢᠨ ᠡᠵᠡᠩᠨᠡᠯᠲᠡ ᠶᠢᠨ ᠦᠨᠡᠮᠯᠡᠯ ᠭᠤᠶᠤᠴᠢᠯᠠᠬᠤ ᠲᠤᠬᠠᠶᠢᠯᠠᠭᠰᠠᠨ ᠠᠵᠢᠯ ᠢ ᠭᠦᠢᠴᠡᠳᠬᠡᠵᠦ᠂ ᠲᠤᠬᠠᠶᠢᠯᠠᠭᠰᠠᠨ ᠠᠵᠢᠯ ᠤᠨ ᠵᠥᠪᠯᠡᠯᠭᠡ ᠥᠭᠬᠦ᠂ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠬᠦ᠂ ᠲᠤᠬᠠᠶᠢᠯᠠᠭᠰᠠᠨ ᠠᠵᠢᠯ ᠤᠨ ᠬᠢᠨᠠᠨ ᠵᠥᠪᠰᠢᠶᠡᠷᠡᠯ ᠠᠴᠠ ᠠᠪᠤᠭᠠᠳ ᠦᠨᠡᠮᠯᠡᠯ ᠠᠪᠬᠤ ᠪᠥᠬᠦ ᠶᠠᠪᠤᠴᠠ ᠳᠤ ᠣᠷᠣᠯᠴᠠᠬᠤ ᠬᠦᠷᠲᠡᠯᠡᠬᠢ ᠪᠥᠬᠦ ᠶᠠᠪᠤᠴᠠ ᠶᠢ ᠭᠦᠢᠴᠡᠳᠬᠡᠬᠦ ᠶᠢᠨ ᠬᠠᠮᠲᠤ᠂ ᠠᠵᠢᠯ ᠶᠠᠪᠤᠳᠠᠯ ᠭᠦᠢᠴᠡᠳᠬᠡᠬᠦ ᠣᠯᠠᠨ ᠲᠦᠮᠡᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠲᠣᠰ ᠣᠯᠠᠨ ᠲᠦᠮᠡᠨ ᠤ ᠭᠦᠢᠴᠡᠳᠬᠡᠬᠦ ᠶᠠᠪᠤᠴᠠ ᠳᠤ ᠬᠠᠨᠤᠮᠵᠢᠲᠠᠶ ᠪᠠᠶᠢᠬᠤ ᠡᠰᠡᠬᠦ ᠶᠢ ᠯᠠᠪᠯᠠᠨ ᠠᠰᠠᠭᠤᠵᠤ᠂ ᠣᠯᠠᠨ ᠲᠦᠮᠡᠨ ᠤ ᠰᠠᠨᠠᠯ ᠪᠠ ᠰᠠᠨᠠᠭᠤᠯᠭ᠎ᠠ ᠶᠢ ᠬᠢᠨᠠᠮᠠᠭᠠᠢ ᠰᠣᠨᠣᠰᠪᠠ᠃      ᠳᠠᠷᠠᠭᠠᠴᠢ ᠶᠢᠨ ᠠᠯᠬᠤᠮ ᠳᠤ᠂ ᠰᠢᠯᠢ ᠶᠢᠨ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ︽ᠪᠢ ᠤᠯᠠᠨ ᠲᠦᠮᠡᠨ ᠲᠠᠢ ᠬᠠᠮᠲᠤ ᠠᠯᠬᠤᠮ ᠲᠠᠷᠠᠭ᠎ᠠ ᠪᠠᠷ ᠶᠠᠪᠤᠬᠤ︾ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠲᠢᠩᠬᠢᠮ ᠳᠤ ᠰᠠᠭᠤᠭ᠎ᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢ ᠵᠣᠬᠢᠶᠠᠨ ᠪᠠᠶᠢᠭᠤᠯᠤᠨ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠣᠴᠢᠭᠤᠯᠵᠤ᠂ ᠤᠯᠠᠨ ᠲᠦᠮᠡᠨ ᠤ ᠬᠡᠷᠡᠭ ᠶᠠᠪᠤᠳᠠᠯ ᠰᠢᠢᠳᠪᠦᠷᠢᠯᠡᠬᠦ ᠶᠠᠪᠤᠴᠠ ᠶᠢ ᠤᠯᠠᠨ ᠲᠠᠯ᠎ᠠ ᠠᠴᠠ ᠣᠶᠢᠯᠠᠭᠠᠵᠤ᠂ ᠬᠡᠷᠡᠭ ᠶᠠᠪᠤᠳᠠᠯ ᠰᠢᠢᠳᠪᠦᠷᠢᠯᠡᠬᠦ ᠬᠦᠴᠢᠷᠳᠡᠯ ᠢ ᠭᠦᠨᠵᠡᠭᠡᠢ ᠡᠷᠢᠵᠦ᠂ ᠴᠣᠩᠬᠤᠪᠴᠢ ᠰᠠᠯᠠᠭ᠎ᠠ ᠮᠥᠴᠢᠷ ᠤᠨ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠶᠢ ᠱᠠᠯᠠᠪᠳᠠᠭᠤᠯᠵᠤ᠂ ᠬᠡᠷᠡᠭ ᠶᠠᠪᠤᠳᠠᠯ ᠰᠢᠢᠳᠪᠦᠷᠢᠯᠡᠬᠦ ᠶᠠᠪᠤᠴᠠ ᠶᠢ ᠰᠢᠯᠢᠳᠡᠭᠵᠢᠭᠦᠯᠵᠦ᠂  ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号