︽ᠰᠢᠯᠢ ᠶᠢᠨ ᠬᠤᠲᠠ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠶᠢ ᠳᠠᠭᠠᠭᠠᠴᠢᠯᠠᠨ ᠬᠤᠯᠪᠣᠭᠠᠯᠠᠬᠤ ᠲᠥᠰᠥᠯ︾ ᠢ ᠳᠠᠷᠤᠮᠠᠯᠯᠠᠨ ᠶᠠᠪᠤᠭᠤᠯᠬᠤ ᠲᠤᠬᠠᠢ ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2024/6/4
ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠶ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠤᠲᠠ ᠶᠢᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠡ᠂ ᠰᠢᠯᠢ ᠶᠢᠨ ᠭᠤᠣᠯ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠠᠯᠪᠠᠨ ᠭᠡᠷ ᠲᠤ᠄      ᠰᠢ ᠶᠢᠨ ᠫᠢᠩ ᠶᠡᠷᠦᠩᠬᠡᠢ ᠱᠦᠵᠢ ᠶᠢᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠥᠷᠨᠢᠭᠦᠯᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠲᠠ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠬᠦ ᠶᠢᠨ ᠲᠥᠯᠥᠭᠡ᠂ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ᠂ ᠡᠳᠦᠭᠡ ︽ᠰᠢᠯᠢ ᠶᠢᠨ ᠬᠤᠲᠠ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠶᠢ ᠳᠠᠭᠠᠭᠠᠴᠢᠯᠠᠨ ᠬᠤᠯᠪᠣᠭᠠᠯᠠᠬᠤ ᠲᠥᠰᠥᠯ︾ ᠢ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠡᠯ᠎ᠡ ᠰᠠᠯᠠᠭ᠎ᠠ ᠮᠥᠴᠢᠷ ᠨᠢᠭᠡᠴᠡ ᠨᠦᠭᠦᠳ ᠳᠠᠷᠤᠶᠢᠬᠠᠨ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠯ᠎ᠡ ᠬᠤᠶᠠᠳᠤᠭᠠᠷ ᠳᠡᠰ ᠤᠨ ᠨᠢᠭᠡᠴᠡ ᠵᠢᠴᠢ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠷᠢᠭᠤᠴᠠᠨ ᠮᠡᠳᠡᠭᠳᠡᠬᠦ ᠶᠢ ᠬᠦᠰᠡᠵᠦ ᠪᠠᠶᠢᠨ᠎ᠠ᠃ 2024 ᠣᠨ ᠤ 3 ᠰᠠᠷ᠎ᠠ ᠶᠢᠨ 23 ᠤ ᠡᠳᠦᠷ      ᠶᠡᠷᠦᠩᠬᠡᠢ ᠱᠦᠵᠢ ᠰᠢ ᠶᠢᠨ ᠫᠢᠩ ᠤᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠥᠷᠨᠢᠭᠦᠯᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠯᠢ ᠶᠢᠨ ᠬᠤᠲᠠ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠬᠦ ᠶᠢᠨ ᠲᠤᠰᠠᠳᠠ᠂ ᠮᠠᠨ ᠤ ᠬᠤᠳᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠤᠰ ᠲᠥᠰᠥᠯ ᠢ ᠲᠣᠭᠲᠠᠭᠠᠪᠠ᠃      ᠨᠢᠭᠡ᠂ ᠶᠡᠷᠦᠩᠬᠡᠢ ᠬᠠᠷᠠᠯᠲᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠷᠡᠭᠦᠯ ᠡᠩᠬᠡ ᠰᠢᠯᠢ ᠶᠢᠨ ᠭᠤᠣᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠪᠠᠷ ᠬᠠᠷᠠᠯᠲᠠ ᠪᠣᠯᠭᠠᠵᠤ᠂ ︽ᠠᠷᠠᠳ ᠲᠦᠮᠡᠨ ᠤ ᠡᠷᠡᠭᠦᠯ ᠮᠡᠨᠳᠦ ᠪᠠᠷ ᠭᠤᠣᠯ ᠪᠣᠯᠭᠠᠬᠤ᠂ ᠵᠠᠰᠠᠭ ᠤᠨ ᠣᠷᠳᠣᠨ ᠭᠤᠣᠯᠯᠠᠨ ᠤᠳᠤᠷᠢᠳᠬᠤ᠂ ᠰᠠᠯᠠᠭ᠎ᠠ ᠮᠥᠴᠢᠷ ᠠᠯᠤᠰᠯᠠᠨ ᠬᠠᠮᠵᠢᠯᠴᠠᠬᠤ᠂ ᠪᠦᠬᠦ ᠨᠡᠶᠢᠭᠡᠮ ᠢᠶᠠᠷ ᠢᠶᠠᠨ ᠳᠠᠶᠢᠴᠢᠯᠠᠬᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠡᠵᠡᠮᠳᠡᠬᠦ᠂ ᠬᠠᠤᠯᠢ ᠶᠣᠰᠣᠭᠠᠷ ᠰᠢᠨᠵᠢᠯᠡᠬᠦ ᠤᠬᠠᠭᠠᠨᠴᠢ ᠪᠠᠷ ᠵᠠᠰᠠᠬᠤ᠂ ᠪᠦᠬᠦ ᠠᠷᠠᠳ ᠢᠶᠠᠷ ᠢᠶᠠᠨ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ︾ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠴᠢᠭᠯᠡᠯᠲᠡ ᠶᠢ ᠭᠦᠨᠵᠡᠭᠡᠢ ᠬᠡᠷᠡᠭᠵᠢᠭᠦᠯᠵᠦ᠂ ᠤᠯᠤᠰ ᠤᠨ ᠠᠷᠢᠭᠤᠨ ᠴᠡᠪᠡᠷ ᠬᠤᠲᠠ ᠶᠢ ᠡᠭᠦᠳᠦᠨ ᠪᠠᠶᠢᠭᠤᠯᠬᠤ ᠪᠠᠷ ᠳᠠᠮᠵᠢᠭᠤᠯᠤᠨ᠂ ᠠᠷᠢᠭᠤᠨ ᠴᠡᠪᠡᠷ᠂ ᠪᠣᠯᠪᠠᠰᠤᠨ᠂ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠵᠤ᠂ ᠰᠠᠭᠤᠷᠢ ᠪᠡᠯᠡᠳᠬᠡᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠵᠤ᠂ ᠠᠷᠠᠳ ᠣᠯᠠᠨ ᠤ ᠡᠷᠡᠭᠦᠯ ᠮᠡᠨᠳᠦ ᠶᠢᠨ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠨᠡᠶᠢᠭᠡᠮ ᠤᠨ ᠬᠦᠴᠦᠨ ᠢ ᠢᠳᠡᠪᠬᠢᠲᠡᠢ ᠪᠠᠷ ᠳᠠᠶᠢᠴᠢᠯᠠᠨ ᠥᠷᠭᠡᠨ ᠢᠶᠠᠷ ᠣᠷᠣᠯᠴᠠᠭᠤᠯᠵᠤ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠢ ᠥᠷᠨᠢᠭᠦᠯᠵᠦ᠂ ᠮᠠᠨ ᠤ ᠬᠤᠲᠠ ᠶᠢᠨ ᠬᠤᠲᠠ ᠶᠢᠨ ᠡᠷᠡᠭᠦᠯ ᠬᠠᠮᠠᠭᠠᠯᠠᠯ ᠢ ᠨᠥᠯᠥᠭᠡᠯᠡᠵᠦ ᠪᠠᠶᠢᠭ᠎ᠠ ᠭᠤᠣᠯᠳᠠᠯᠭ᠎ᠠ ᠲᠠᠢ᠂ ᠬᠦᠴᠢᠷ ᠠᠰᠠᠭᠤᠳᠠᠯ ᠪᠠ ᠣᠯᠠᠨ ᠲᠦᠮᠡᠨ ᠤ ᠲᠤᠰᠬᠠᠭᠰᠠᠨ ᠲᠣᠪᠣᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠪᠣᠯᠪᠠᠰᠤᠨ ᠡᠷᠡᠭᠦᠯ ᠬᠠᠮᠠᠭᠠᠯᠠᠯ ᠤᠨ ᠬᠡᠮᠵᠢᠶ᠎ᠡ ᠪᠠ ᠠᠮᠢᠳᠤᠷᠠᠯ ᠤᠨ ᠴᠢᠨᠠᠷ ᠴᠢᠨᠰᠠᠭ᠎ᠠ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃      ᠬᠤᠶᠠᠷ᠂ ᠦᠨᠳᠦᠰᠦᠨ ᠵᠠᠷᠴᠢᠮ      ︵ᠨᠢᠭᠡ︶ ᠨᠢᠭᠡᠳᠦᠯᠲᠡᠢ ᠤᠳᠤᠷᠢᠳᠬᠤ᠂ ᠨᠢᠭᠡᠴᠡ ᠳᠠᠭᠠᠭᠠᠨ ᠬᠤᠯᠪᠣᠭᠠᠯᠠᠬᠤ ᠵᠠᠷᠴᠢᠮ ᠢ ᠪᠠᠷᠢᠮᠲᠠᠯᠠᠨ᠎ᠠ᠃ ᠲᠣᠰ ᠤᠳᠠᠭᠠᠨ ᠤ ᠣᠷᠴᠢᠨ ᠠᠬᠤᠢ ᠶᠢᠨ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠤᠨ ᠡᠯ᠎ᠡ ᠰᠠᠯᠠᠭ᠎ᠠ ᠮᠥᠴᠢᠷ ᠨᠢᠭᠡᠴᠡ ᠨᠦᠭᠦᠳ ᠨᠡᠶᠢᠭᠡᠮ ᠲᠣᠭᠤᠷᠢᠭ ᠢ ᠳᠠᠭᠠᠭᠠᠴᠢᠯᠠᠨ ᠬᠤᠯᠪᠣᠭᠠᠯᠠᠵᠤ᠂ ᠣᠷᠴᠢᠨ ᠠᠬᠤᠢ ᠶᠢᠨ ᠡᠷᠡᠭᠦᠯ ᠬᠠᠮᠠᠭᠠᠯᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠤᠨ ᠡᠭᠦᠷᠭᠡ ᠶᠢ ᠬᠠᠮᠵᠢᠯᠴᠠᠨ ᠪᠡᠶᠡᠯᠡᠭᠦᠯᠦᠨ᠎ᠡ᠃      ︵ᠬᠤᠶᠠᠷ︶ ᠭᠤᠣᠯ ᠤᠳᠤᠷᠢᠳᠤᠯᠭ᠎ᠠ ᠶᠡᠷᠦᠩᠬᠡᠢ ᠬᠠᠷᠢᠭᠤᠴᠠᠯᠭ᠎ᠠ ᠶᠢ ᠡᠭᠦᠷᠭᠡᠯᠡᠬᠦ ᠵᠠᠷᠴᠢᠮ ᠢ ᠪᠠᠷᠢᠮᠲᠠᠯᠠᠨ᠎ᠠ᠃ ᠡᠯ᠎ᠡ ᠰᠠᠯᠠᠭ᠎ᠠ ᠮᠥᠴᠢᠷ ᠨᠢᠭᠡᠴᠡ ᠶᠢᠨ ᠭᠤᠣᠯ ᠤᠳᠤᠷᠢᠳᠤᠯᠭ᠎ᠠ ᠪᠣᠯ ᠨᠢᠭᠡᠳᠦᠭᠡᠷ ᠬᠠᠷᠢᠭᠤᠴᠠᠯᠭᠠᠲᠠᠨ ᠪᠣᠯᠬᠤᠷ ᠪᠡᠶ᠎ᠡ ᠪᠠᠷ ᠢᠶᠠᠨ ᠲᠣᠬᠢᠷᠠᠭᠤᠯᠤᠨ ᠪᠠᠶᠢᠷᠢᠯᠠᠭᠤᠯᠬᠤ ᠬᠡᠷᠡᠭᠲᠡᠢ᠃      ︵ᠭᠤᠷᠪᠠ︶ ᠭᠤᠣᠯᠳᠠᠯᠭ᠎ᠠ ᠶᠢ ᠲᠤᠪᠤᠶᠢᠯᠭᠠᠬᠤ᠂ ᠦᠡᠭᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠵᠠᠷᠴᠢᠮ ᠢ ᠪᠠᠷᠢᠮᠲᠠᠯᠠᠨ᠎ᠠ᠃ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠪᠣᠯ ᠨᠢᠭᠡ ᠵᠦᠢᠯ ᠤᠨ ᠣᠷᠳᠣ ᠬᠤᠭᠤᠴᠠᠭᠠᠨ ᠤ ᠠᠵᠢᠯ ᠤᠨ ᠡᠭᠦᠷᠭᠡ ᠪᠣᠯᠣᠨ᠎ᠠ᠂ ᠡᠯ᠎ᠡ ᠰᠠᠯᠠᠭ᠎ᠠ ᠮᠥᠴᠢᠷ ᠨᠢᠭᠡᠴᠡ ᠨᠦᠭᠦᠳ ᠴᠡᠭᠴᠡᠯᠡᠨ ᠵᠠᠰᠠᠬᠤ ᠠᠵᠢᠯ ᠤᠨ ᠪᠣᠳᠠᠲᠠᠢ ᠠᠴᠠ ᠡᠭᠦᠰᠴᠦ᠂ ᠡᠬᠢ ᠡᠭᠦᠰᠦᠯ ᠠᠴᠠ ᠨᠢ ᠵᠠᠰᠠᠬᠤ ᠶᠢ ᠴᠢᠬᠤᠯᠠᠴᠢᠯᠠᠨ᠂ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠶᠢ ᠴᠢᠬᠤᠯᠠᠴᠢᠯᠠᠬᠤ ᠬᠡᠷᠡᠭᠲᠡᠢ᠃      ︵ᠳᠥᠷᠪᠡ︶ ᠪᠦᠬᠦ ᠠᠷᠠᠳ ᠢᠶᠠᠷ ᠢᠶᠠᠨ ᠣᠷᠣᠯᠴᠠᠬᠤ᠂ ᠴᠤᠭᠭᠠᠷ ᠠᠳᠬᠤᠵᠤ ᠬᠠᠮᠲᠤ ᠪᠠᠷ ᠬᠠᠮᠢᠶᠠᠷᠬᠤ ᠵᠠᠷᠴᠢᠮ ᠢ ᠪᠠᠷᠢᠮᠲᠠᠯᠠᠨ᠎ᠠ᠃ ᠡᠯ᠎ᠡ ᠰᠠᠯᠠᠭ᠎ᠠ ᠮᠥᠴᠢᠷ ᠨᠢᠭᠡᠴᠡ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠥᠷᠨᠢᠭᠦᠯᠦᠭᠰᠡᠨ ᠤ ᠳᠠᠷᠠᠭ᠎ᠠ᠂ ᠺᠠᠳ᠋ᠷ ᠠᠵᠢᠯᠲᠠᠨ ᠠᠵᠢᠯᠴᠢᠨ ᠢ ᠪᠠᠶᠢᠩᠭᠤᠵᠢᠭᠤᠯᠤᠨ ᠵᠣᠬᠢᠶᠠᠨ ᠪᠠᠶᠢᠭᠤᠯᠵᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠥᠷᠨᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠣᠯᠠᠨ ᠲᠦᠮᠡᠨ ᠢ ᠤᠷᠢᠶᠠᠯᠠᠨ ᠳᠠᠶᠢᠴᠢᠯᠠᠵᠤ ᠪᠠᠶᠢᠭᠠᠳ ᠬᠤᠲᠠ ᠶᠢᠨ ᠣᠷᠴᠢᠨ ᠲᠣᠭᠤᠷᠢᠨ ᠢ ᠬᠠᠮᠠᠭᠠᠯᠠᠵᠤ᠂ ᠣᠯᠠᠨ ᠲᠦᠮᠡᠨ ᠤ ᠡᠷᠡᠭᠦᠯ ᠬᠠᠮᠠᠭᠠᠯᠠᠯ ᠤᠨ ᠦᠵᠡᠯ ᠤᠬᠠᠮᠰᠠᠷ᠂ ᠪᠣᠯᠪᠠᠰᠤᠨ ᠤ ᠦᠵᠡᠯ ᠤᠬᠠᠮᠰᠠᠷ᠂ ᠣᠷᠣᠯᠴᠠᠬᠤ ᠦᠵᠡᠯ ᠤᠬᠠᠮᠰᠠᠷ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ      ᠭᠤᠷᠪᠠ᠂ ᠥᠷᠨᠢᠭᠦᠯᠬᠦ ᠴᠠᠭ ᠬᠤᠭᠤᠴᠠᠭ᠎ᠠ      2024 ᠣᠨ ᠤ 3 ᠰᠠᠷ᠎ᠠ ᠶᠢᠨ 25 ᠤ ᠡᠳᠦᠷ ᠠᠴᠠ 12 ᠰᠠᠷ᠎ᠠ ᠶᠢᠨ 31 ᠤ ᠡᠳᠦᠷ ᠪᠣᠯᠲᠠᠯ᠎ᠠ᠃ ᠲᠥᠪᠯᠡᠷᠡᠭᠦᠯᠦᠨ ᠴᠡᠭᠴᠡᠯᠡᠨ ᠵᠠᠰᠠᠬᠤ ᠴᠠᠭ ᠨᠢ 2024 ᠣᠨ ᠤ 3 ᠰᠠᠷ᠎ᠠ ᠶᠢᠨ 25 ᠤ ᠡᠳᠦᠷ ᠠᠴᠠ 3 ᠰᠠᠷ᠎ᠠ ᠶᠢᠨ 27 ᠤ ᠡᠳᠦᠷ ᠪᠣᠯᠣᠨ᠎ᠠ᠂ ᠬᠤᠶᠢᠰᠢᠳᠠ ᠭᠠᠷᠠᠭ ᠤᠨ ᠲᠠᠪᠤᠨ ᠢ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯᠯᠠᠭ᠎ᠠ ᠶᠢᠨ ᠡᠳᠦᠷ ᠢᠶᠠᠷ ᠲᠣᠭᠲᠠᠭᠠᠵᠤ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠪᠠᠶᠢᠩᠭᠤᠵᠢᠭᠤᠯᠤᠨ ᠥᠷᠨᠢᠭᠦᠯᠦᠨ᠎ᠡ᠃      ᠳᠥᠷᠪᠡ᠂ ᠴᠡᠭᠴᠡᠯᠡᠬᠦ ᠬᠡᠪᠴᠢᠶ᠎ᠡ ᠵᠢᠴᠢ ᠭᠤᠣᠯ ᠡᠭᠦᠷᠭᠡ      ᠴᠡᠭᠴᠡᠯᠡᠬᠦ ᠬᠡᠪᠴᠢᠶ᠎ᠡ ᠨᠢ ᠬᠤᠲᠠ ᠬᠥᠳᠡᠭᠡ ᠶᠢᠨ ᠠᠭᠤᠯᠵᠠᠷ ᠬᠡᠰᠡᠭ᠂ ᠬᠤᠲᠠ ᠶᠢᠨ ᠲᠣᠭᠤᠷᠢᠭ ᠤᠨ ᠳᠣᠲᠣᠷᠠᠬᠢ ᠭᠤᠣᠯ ᠳᠡᠳ᠋ ᠵᠠᠮ᠂ ᠭᠤᠣᠯ ᠵᠠᠮ ᠤᠨ ᠣᠷᠣᠵᠤ ᠭᠠᠷᠬᠤ ᠭᠠᠵᠠᠷ᠂ ᠰᠠᠭᠤᠭᠠᠯᠢ ᠠᠷᠠᠳ ᠤᠨ ᠲᠣᠭᠤᠷᠢᠭ᠂ ᠵᠠᠰᠠᠮᠠᠯ ᠵᠠᠮ ᠤᠨ ᠬᠤᠶᠠᠷ ᠬᠠᠵᠠᠭᠤ᠂ ᠰᠤᠯᠠ ᠬᠤᠭᠤᠰᠤᠨ ᠭᠠᠵᠠᠷ᠂ ᠨᠣᠭᠤᠭᠠᠷᠠᠭᠤᠯᠤᠯᠲᠠ ᠶᠢᠨ ᠭᠠᠵᠠᠷ ᠤᠨ ᠨᠠᠭᠤᠷ ᠤᠨ ᠬᠥᠪᠡᠭᠡ᠂ ᠴᠡᠴᠡᠷᠯᠢᠭ ᠠᠭᠤᠳᠠᠮ ᠲᠠᠯᠠᠪᠠᠶ ᠵᠡᠷᠭᠡ ᠲᠠᠯᠠᠪᠤᠷ ᠤᠨ ᠴᠠᠭᠠᠨ ᠪᠣᠬᠢᠷᠲᠤᠯ᠂ ᠵᠠᠳᠠᠭᠠᠢ ᠬᠤᠭ ᠨᠣᠪᠰᠢ᠂ ᠥᠯᠥ ᠴᠡᠪᠡᠷᠯᠡᠭᠳᠡᠬᠦ ᠥᠨᠴᠥᠭ ᠪᠤᠯᠤᠩ᠂ ᠳᠤᠷ᠎ᠠ ᠪᠠᠷ ᠣᠪᠣᠭᠠᠯᠠᠵᠤ ᠲᠠᠯᠪᠢᠬᠤ᠂ ᠬᠠᠮᠢᠶ᠎ᠠ ᠨᠠᠮᠢᠶ᠎ᠠ ᠦᠭᠡᠢ ᠨᠠᠭᠠᠬᠤ᠂ ᠴᠠᠰᠤ ᠬᠤᠷᠠᠬᠤ᠂ ᠮᠥᠰᠥᠨ  ᠣᠪᠣᠭ᠎ᠠ ᠵᠡᠷᠭᠡ ᠶᠢ ᠪᠠᠭᠲᠠᠭᠠᠨ᠎ᠠ᠃ ᠴᠡᠪᠡᠷᠯᠡᠭᠰᠡᠨ ᠬᠤᠭ ᠨᠣᠪᠰᠢ ᠶᠢ ᠤᠭᠤᠲᠠᠯᠠᠵᠤ ᠵᠠᠮ ᠤᠨ ᠬᠠᠵᠠᠭᠤ ᠳᠤ ᠲᠥᠪᠯᠡᠷᠡᠭᠦᠯᠦᠨ ᠲᠡᠷᠢ ᠲᠡᠭᠰᠢ ᠣᠪᠣᠭᠠᠯᠠᠵᠤ ᠲᠠᠯᠪᠢᠬᠤ ᠪᠤᠶᠤ ᠣᠶᠢᠷ᠎ᠠ ᠬᠠᠪᠢ ᠶᠢᠨ ᠬᠤᠭ ᠨᠣᠪᠰᠢ ᠳᠠᠮᠵᠢᠭᠤᠯᠤᠨ ᠲᠡᠭᠡᠭᠡᠪᠦᠷᠢᠯᠡᠬᠦ ᠥᠷᠲᠡᠭᠡᠨ ᠳᠤ ᠬᠦᠷᠭᠡᠵᠦ ᠲᠤᠬᠠᠢ ᠶᠢᠨ ᠨᠡᠶᠢᠭᠡᠮ ᠲᠣᠭᠤᠷᠢᠭ ᠠᠴᠠ ᠲᠡᠭᠡᠭᠡᠪᠦᠷᠢᠯᠡᠨ ᠠᠪᠠᠴᠢᠨ᠎ᠠ᠃      ᠲᠠᠪᠤ᠂ ᠬᠤᠯᠪᠣᠭᠳᠠᠯ ᠪᠦᠬᠦᠢ ᠱᠠᠭᠠᠷᠳᠠᠯᠭ᠎ᠠ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠨᠠᠮ ᠵᠠᠰᠠᠭ ᠤᠨ ᠪᠠᠶᠢᠭᠤᠯᠤᠯᠭ᠎ᠠ ᠪᠣᠯᠣᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠢᠳᠡᠪᠬᠢᠲᠡᠢ ᠪᠠᠷ ᠬᠥᠳᠡᠯᠦᠯᠴᠡᠨ᠂ ᠪᠣᠳᠠᠲᠠᠢ ᠡᠭᠦᠷᠭᠡ ᠪᠠᠨ ᠤᠯᠠᠮ ᠨᠢᠭᠡ ᠠᠯᠬᠤᠮ ᠲᠣᠳᠣᠷᠬᠠᠶᠢᠯᠠᠵᠤ᠂ ᠨᠡᠪᠲᠡᠷᠡᠯᠴᠡᠨ ᠬᠠᠮᠵᠢᠯᠴᠠᠬᠤ ᠪᠠᠨ ᠨᠢᠭᠲᠠᠷᠠᠭᠤᠯᠵᠤ᠂ ᠲᠣᠰ ᠨᠢᠭᠡᠴᠡ ᠶᠢᠨ ᠢᠶᠠᠨ ᠺᠠᠳ᠋ᠷ ᠠᠵᠢᠯᠲᠠᠨ ᠠᠵᠢᠯᠴᠢᠨ ᠢ ᠰᠠᠶᠢᠲᠤᠷ ᠵᠣᠬᠢᠶᠠᠨ ᠪᠠᠶᠢᠭᠤᠯᠵᠤ᠂ ᠳᠠᠭᠠᠭᠠᠴᠢᠯᠠᠨ ᠬᠤᠯᠪᠣᠭᠠᠯᠠᠭᠰᠠᠨ ᠨᠡᠶᠢᠭᠡᠮ ᠲᠣᠭᠤᠷᠢᠭ ᠲᠤ ᠬᠦᠷᠴᠦ ᠬᠠᠷᠢᠶ᠎ᠠ ᠣᠷᠣᠨ ᠤ ᠪᠠᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠶᠢ ᠬᠠᠮᠵᠢᠯᠴᠠᠨ ᠠᠬᠢᠭᠤᠯᠬᠤ ᠬᠡᠷᠡᠭᠲᠡᠢ᠃ ᠬᠥᠮᠥᠨ ᠤ ᠲᠤᠭ᠎ᠠ ᠶᠢ ᠪᠠᠲᠤᠯᠠᠵᠤ᠂ ᠬᠥᠳᠡᠯᠮᠦᠷᠢ ᠶᠢᠨ ᠪᠠᠭᠠᠵᠢ ᠶᠢ ᠪᠦᠷᠢᠨ ᠲᠣᠬᠢᠷᠠᠭᠤᠯᠵᠤ᠂ ᠠᠮᠤᠷ ᠲᠦᠪᠰᠢᠨ ᠢ ᠠᠩᠬᠠᠷᠴᠤ᠂ ᠠᠵᠢᠯ ᠢ ᠬᠦᠴᠦᠲᠡᠢ ᠵᠣᠬᠢᠶᠠᠨ ᠪᠠᠶᠢᠭᠤᠯᠵᠤ᠂ ᠪᠣᠳᠠᠲᠠᠢ ᠭᠠᠵᠠᠷ ᠲᠤᠨᠢ ᠨᠠᠶᠢᠳᠠᠪᠤᠷᠢᠵᠢᠭᠤᠯᠵᠤ᠂ ᠶᠠᠰᠤ ᠴᠢᠨᠠᠷ ᠢ ᠪᠠᠲᠤᠯᠠᠬᠤ ᠬᠡᠷᠡᠭᠲᠡᠢ᠃      ︵ᠬᠤᠶᠠᠷ︶ ᠬᠤᠣᠰᠯᠠᠨ ᠬᠠᠪᠰᠤᠷᠤᠯᠴᠠᠵᠤ ᠬᠠᠮᠲᠤ ᠪᠠᠷ ᠵᠠᠰᠠᠬᠤ ᠶᠢ ᠪᠠᠶᠢᠭᠤᠯᠤᠨ᠎ᠠ᠃ ᠨᠡᠶᠢᠭᠡᠮ ᠲᠣᠭᠤᠷᠢᠭ ᠤᠨ ᠲᠠᠯ᠎ᠠ ᠶᠢᠨ ᠬᠢᠨ ᠬᠠᠷᠢᠶ᠎ᠠ ᠣᠷᠣᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠡᠬᠡ ᠲᠠᠩᠰᠠ ᠪᠠᠶᠢᠭᠤᠯᠵᠤ᠂ ᠬᠠᠷᠢᠶ᠎ᠠ ᠣᠷᠣᠨ ᠤ ᠳᠣᠲᠣᠷᠠᠬᠢ ᠠᠮᠢᠳᠤᠷᠠᠯ ᠤᠨ ᠬᠤᠭ ᠨᠣᠪᠰᠢ᠂ ᠪᠠᠷᠢᠯᠭ᠎ᠠ ᠶᠢᠨ ᠬᠤᠭ ᠨᠣᠪᠰᠢ᠂ ᠵᠢᠵᠢᠭ ᠵᠠᠷ ᠮᠡᠳᠡᠭᠡ ᠵᠡᠷᠭᠡ ᠡᠯ᠎ᠡ ᠲᠥᠷᠥᠯ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠰᠠᠭᠤᠳᠠᠯ ᠤᠨ ᠪᠠᠶᠢᠭ᠎ᠠ ᠣᠷᠣᠨ ᠪᠠᠶᠢᠷᠢ᠂ ᠬᠠᠷᠢᠯᠴᠠᠬᠤ ᠬᠥᠮᠥᠨ ᠪᠠ ᠴᠡᠭᠴᠡᠯᠡᠨ ᠵᠠᠰᠠᠬᠤ ᠠᠭᠤᠯᠭ᠎ᠠ ᠶᠢ ᠲᠣᠳᠣᠷᠬᠠᠶᠢᠯᠠᠬᠤ ᠬᠡᠷᠡᠭᠲᠡᠢ︔ ᠳᠠᠭᠠᠭᠠᠴᠢᠯᠠᠨ ᠬᠤᠯᠪᠣᠭᠠᠯᠠᠬᠤ ᠨᠢᠭᠡᠴᠡ ᠨᠦᠭᠦᠳ ᠰᠠᠨᠠᠭᠠᠴᠢᠯᠠᠭ᠎ᠠ  ᠠᠴᠠ ᠪᠠᠨ ᠨᠡᠶᠢᠭᠡᠮ ᠲᠣᠭᠤᠷᠢᠭ ᠯᠤᠭ᠎ᠠ ᠵᠣᠯᠭᠠᠭᠤᠯᠤᠨ ᠨᠡᠷ᠎ᠡ ᠮᠡᠳᠡᠭᠦᠯᠵᠦ᠂ ᠴᠠᠭᠠᠨ ᠥᠩᠭᠡ ᠶᠢᠨ ᠬᠤᠭ ᠨᠣᠪᠰᠢ ᠶᠢ ᠴᠡᠪᠡᠷᠯᠡᠬᠦ ᠳᠤ ᠬᠡᠷᠡᠭᠰᠡᠬᠦ ᠪᠡᠭᠡᠯᠡᠢ᠂ ᠲᠡᠮᠦᠷ ᠬᠦᠷᠵᠡ᠂ ᠭᠤᠬ᠎ᠠ᠂ ᠭᠤᠣᠲᠤᠤ᠂ ᠬᠤᠭ ᠨᠣᠪᠰᠢ ᠴᠤᠭᠯᠠᠭᠤᠯᠬᠤ ᠤᠭᠤᠲᠠ᠂ ᠲᠡᠷᠭᠡ ᠬᠥᠰᠬᠡ ᠵᠡᠷᠭᠡ ᠪᠠᠭᠠᠵᠢ ᠬᠡᠷᠡᠭᠰᠡᠯ ᠢᠶᠠᠨ ᠥᠪᠡᠰᠦᠪᠡᠨ ᠪᠡᠯᠡᠳᠬᠡᠵᠦ᠂ ᠳᠠᠭᠠᠭᠠᠴᠢᠯᠠᠨ ᠬᠤᠯᠪᠣᠭᠠᠯᠠᠬᠤ ᠨᠡᠶᠢᠭᠡᠮ ᠲᠣᠭᠤᠷᠢᠭ ᠤᠨ ᠬᠡᠷᠡᠭᠴᠡᠭᠡ ᠱᠠᠭᠠᠷᠳᠠᠯᠭ᠎ᠠ ᠶᠣᠰᠣᠭᠠᠷ ᠵᠢᠭᠠᠨ ᠲᠣᠭᠲᠠᠭᠠᠭᠰᠠᠨ ᠭᠠᠵᠠᠷ ᠲᠤ ᠬᠦᠷᠴᠦ ᠠᠵᠢᠯ ᠢᠶᠠᠨ ᠥᠷᠨᠢᠭᠦᠯᠬᠦ ᠬᠡᠷᠡᠭᠲᠡᠢ᠃      ︵ᠭᠤᠷᠪᠠ︶ ᠰᠢᠮᠳᠠᠭᠤᠯᠤᠨ ᠪᠠᠶᠢᠴᠠᠭᠠᠬᠤ ᠶᠢ ᠴᠢᠩᠭᠠᠷᠠᠭᠤᠯᠤᠨ᠎ᠠ᠃ ᠲᠥᠪᠯᠡᠷᠡᠭᠦᠯᠦᠨ ᠴᠡᠭᠴᠡᠯᠡᠨ ᠵᠠᠰᠠᠬᠤ ᠬᠤᠭᠤᠴᠠᠭᠠᠨ ᠳᠤ ᠡᠳᠦᠷ ᠪᠦᠷᠢ ᠶᠢᠨ ᠠᠵᠢᠯ ᠢᠶᠠᠨ ᠳᠠᠭᠤᠰᠬᠠᠭᠰᠠᠨ ᠤ ᠳᠠᠷᠠᠭ᠎ᠠ᠂ ᠡᠯ᠎ᠡ ᠨᠢᠭᠡᠴᠡ ᠨᠦᠭᠦᠳ ᠨᠡᠶᠢᠭᠡᠮ ᠲᠣᠭᠤᠷᠢᠭ ᠤᠨ ᠲᠣᠭᠲᠠᠭᠠᠭᠰᠠᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠴᠡᠭᠴᠡᠯᠡᠨ ᠰᠠᠶᠢᠵᠢᠷᠠᠭᠤᠯᠬᠤ ᠡᠬᠡ ᠲᠠᠩᠰᠠ ᠶᠢ ᠦᠨᠳᠦᠰᠦᠯᠡᠨ᠂ ᠵᠦᠢᠯ ᠳᠠᠷᠠᠭᠠᠯᠠᠨ ᠥᠪᠡᠷ ᠤᠨ ᠪᠠᠶᠢᠴᠠᠭᠠᠯᠲᠠ ᠶᠢ ᠥᠷᠨᠢᠭᠦᠯᠵᠦ᠂ ᠳᠤᠲᠠᠭᠳᠠᠯ ᠢ ᠪᠠᠶᠢᠴᠠᠭᠠᠨ ᠳᠤᠲᠠᠭᠳᠠᠯ ᠢ ᠨᠥᠬᠦᠪᠦᠷᠢᠯᠡᠵᠦ᠂ ᠪᠠᠷᠢᠮᠵᠢᠶ᠎ᠠ ᠳᠤ ᠬᠦᠷᠦᠭᠰᠡᠨ ᠦᠭᠡᠢ ᠪᠠᠶᠢᠬᠤ ᠶᠢ ᠣᠯᠵᠤ ᠮᠡᠳᠡᠪᠡᠯ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠤᠨ᠎ᠠ︔ ᠬᠤᠲᠠ ᠶᠢᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠯᠪᠠᠨ ᠭᠡᠷ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠡᠳᠦᠷ ᠲᠤ ᠲᠣᠭᠤᠷᠢᠨ ᠴᠠᠭᠳᠠᠵᠤ ᠲᠣᠭᠲᠠᠭᠰᠠᠨ ᠪᠣᠰᠤ ᠬᠤᠭᠤᠴᠠᠭ᠎ᠠ ᠲᠠᠢ ᠪᠠᠷ ᠰᠣᠩᠭᠤᠨ ᠪᠠᠶᠢᠴᠠᠭᠠᠨ᠎ᠠ᠃      ︵ᠳᠥᠷᠪᠡ︶ ᠬᠠᠷᠢᠭᠤᠴᠠᠯᠭ᠎ᠠ ᠨᠡᠬᠡᠮᠵᠢᠯᠡᠬᠦ ᠶᠢ ᠬᠡᠷᠡᠭᠵᠢᠭᠦᠯᠦᠨ᠎ᠡ᠃ ᠪᠠᠶᠢᠴᠠᠭᠠᠵᠤ ᠰᠤᠭᠤᠴᠢᠭᠠᠳ ᠬᠢᠷᠢ ᠲᠡᠩᠴᠡᠭᠰᠡᠨ ᠦᠭᠡᠢ ᠳᠠᠭᠠᠭᠠᠴᠢᠯᠠᠨ ᠬᠤᠯᠪᠣᠭᠠᠯᠠᠬᠤ ᠬᠠᠷᠢᠭᠤᠴᠠᠯᠭᠠᠲᠤ ᠨᠢᠭᠡᠴᠡ ᠶᠢ ᠬᠤᠲᠠ ᠶᠢᠨ ᠨᠠᠮ ᠤᠨ ᠬᠤᠷᠢᠶ᠎ᠠ ᠂ ᠬᠤᠲᠠ ᠶᠢᠨ ᠵᠠᠰᠠᠭ ᠤᠨ ᠣᠷᠳᠣᠨ ᠳᠤ ᠮᠡᠳᠡᠭᠦᠯᠦᠨ ᠵᠠᠷᠯᠠᠨ ᠮᠡᠳᠡᠭᠳᠡᠵᠦ᠂ ᠳᠠᠭᠠᠭᠠᠴᠢᠯᠠᠨ ᠬᠤᠯᠪᠣᠭᠠᠯᠠᠬᠤ ᠨᠢᠭᠡᠴᠡ  ᠨᠢ ᠴᠡᠭᠴᠡᠯᠡᠨ ᠵᠠᠰᠠᠬᠤ ᠠᠵᠢᠯ ᠢ ᠳᠠᠬᠢᠨᠲᠠ ᠥᠷᠨᠢᠭᠦᠯᠬᠦ ᠬᠡᠷᠡᠭᠲᠡᠢ᠃ ᠬᠠᠷᠢᠯᠴᠠᠨ ᠲᠦᠯᠬᠢᠯᠴᠡᠬᠦ᠂ ᠬᠥᠳᠡᠯᠵᠦ ᠪᠠᠷᠢᠬᠤ  ᠨᠢ ᠤᠳᠠᠭᠠᠨ᠂ ᠠᠵᠢᠯ ᠢᠶᠠᠨ ᠤᠳᠠᠭᠠᠰᠢᠷᠠᠭᠤᠯᠵᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ  ᠨᠢ ᠦᠷ᠎ᠡ ᠪᠦᠲᠦᠮᠵᠢ ᠦᠭᠡᠢ ᠪᠣᠯ᠂ ᠭᠤᠣᠯ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠨ᠎ᠡ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号