︽ᠰᠢᠯᠢ ᠶᠢᠨ ᠬᠤᠲᠠ ᠶᠢᠨ ᠬᠤᠲᠠ ᠶᠢᠨ ᠲᠡᠭᠦᠷᠭᠡ ᠵᠢᠴᠢ ᠡᠷᠬᠢᠨ ᠲᠣᠭᠤᠷᠢᠨ ᠤ ᠣᠷᠣᠨ ᠪᠦᠰᠡ ᠶᠢᠨ ᠪᠡᠯᠴᠢᠭᠡᠷᠯᠡᠭᠦᠯᠬᠦ ᠶᠢ ᠴᠠᠭᠠᠵᠠᠯᠠᠬᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠳᠠᠷᠤᠮᠠᠯᠯᠠᠨ ᠲᠠᠷᠬᠠᠭᠠᠬᠤ ᠲᠤᠬᠠᠢ ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2024/6/4
ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠤᠯᠤᠰ ᠤᠨ ᠥᠮᠴᠢᠯᠡᠯᠲᠦ ᠲᠠᠷᠢᠶᠠᠯᠠᠩ ᠮᠠᠯᠵᠢᠯ ᠤᠨ ᠲᠠᠯᠠᠪᠠᠶ᠂ ᠬᠤᠲᠠ ᠶᠢᠨ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠰᠢᠯᠢ ᠶᠢᠨ ᠭᠤᠣᠯ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠳᠤ᠄      ︽ᠰᠢᠯᠢ ᠶᠢᠨ ᠬᠤᠲᠠ ᠶᠢᠨ ᠬᠤᠲᠠ ᠶᠢᠨ ᠲᠡᠭᠦᠷᠭᠡ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠰᠢᠯᠢ ᠶᠢᠨ ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠳᠥᠷᠪᠡᠳᠦᠭᠡᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ᠲᠠᠨᠠᠷ ᠲᠤ ᠳᠠᠷᠤᠮᠠᠯᠯᠠᠨ‌‍ᠲ᠋ᠠᠷᠬᠠᠭᠠᠯ᠎ᠠ᠂ ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠲᠦᠭᠡᠢ᠃ ᠰᠢᠯᠢ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ 2024 ᠣᠨ ᠤ 4 ᠰᠠᠷ᠎ᠠ ᠶᠢᠨ 7 ᠤ ᠡᠳᠦᠷ  ᠰᠢᠯᠢ ᠶᠢᠨ ᠬᠤᠲᠠ ᠶᠢᠨ ᠬᠤᠲᠠ ᠶᠢᠨ ᠲᠡᠭᠦᠷᠭᠡ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ  ᠪᠡᠯᠴᠢᠭᠡᠷᠯᠡᠭᠦᠯᠬᠦ ᠶᠢ ᠴᠠᠭᠠᠵᠠᠯᠠᠬᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶      ᠨᠢᠭᠡᠳᠦᠭᠡᠷ ᠪᠦᠯᠦᠭ  ᠶᠡᠷᠦᠩᠬᠡᠢ ᠳᠦᠷᠢᠮ      ᠨᠢᠭᠡᠳᠦᠭᠡᠷ ᠵᠦᠢᠯ ᠬᠤᠲᠠ ᠶᠢᠨ ᠡᠷᠭᠢᠨ ᠲᠣᠭᠤᠷᠢᠨ ᠤ ᠠᠮᠢ ᠠᠬᠤᠢ ᠶᠢᠨ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠪᠠ ᠬᠠᠮᠠᠭᠠᠯᠠᠯᠲᠠ ᠶᠢ ᠴᠢᠩᠭᠠᠳᠬᠠᠵᠦ᠂ ᠠᠮᠢ ᠠᠬᠤᠢ ᠶᠢᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠬᠠᠮᠠᠭᠠᠯᠠᠵᠤ ᠠᠰᠢᠭᠯᠠᠬᠤ ᠶᠢ ᠪᠡᠶᠡᠯᠡᠭᠦᠯᠬᠦ ᠶᠢᠨ ᠲᠣᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠢ ᠰᠢᠭᠤᠢ ᠶᠢᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠢᠭᠢᠭᠯᠢᠭ ᠭᠠᠵᠠᠷ ᠢ ᠬᠠᠮᠠᠭᠠᠯᠠᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠢ ᠰᠡᠷᠭᠦᠭᠡᠬᠦ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠨᠤᠲᠤᠭ ᠪᠡᠯᠴᠢᠭᠡᠷ ᠢ ᠬᠠᠮᠠᠭᠠᠯᠠᠬᠤ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠬᠢᠨᠠᠯᠲᠠ ᠬᠠᠮᠢᠶᠠᠷᠤᠯᠲᠠ ᠶᠢᠨ ᠠᠷᠭ᠎ᠠ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠳᠦᠷᠢᠮ︾ ᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠦ᠂ ᠲᠤᠰ ᠠᠷᠭ᠎ᠠ ᠶᠢ ᠣᠨᠴᠠᠭᠠᠶᠢᠯᠠᠨ ᠲᠣᠭᠲᠠᠭᠠᠪᠠ      ᠬᠤᠶᠠᠳᠤᠭᠠᠷ ᠵᠦᠢᠯ  ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠳᠤ ᠠᠮᠢ ᠠᠬᠤᠢ ᠶᠢ ᠡᠩ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠪᠠᠷ ᠬᠥᠭᠵᠢᠭᠦᠯᠬᠦ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ᠂ ᠬᠠᠤᠯᠢ ᠶᠢ ᠴᠢᠩᠭ᠎ᠠ ᠬᠡᠷᠡᠭᠵᠢᠭᠦᠯᠬᠦ ᠪᠠᠷ ᠵᠠᠷᠴᠢᠮ ᠪᠣᠯᠭᠠᠬᠤ ᠶᠢ ᠪᠠᠷᠢᠮᠲᠠᠯᠠᠬᠤ ᠬᠡᠷᠡᠭᠲᠡᠢ᠃      ᠭᠤᠷᠪᠠᠳᠤᠭᠠᠷ ᠵᠦᠢᠯ  ᠲᠤᠰ ᠬᠤᠳᠠ ᠶᠢᠨ ᠬᠤᠳᠠ ᠶᠢᠨ ᠲᠡᠬᠦᠷᠭᠡ ᠵᠢᠴᠢ ᠡᠷᠬᠢᠨ ᠲᠣᠭᠤᠷᠢᠨ ᠤ ᠣᠷᠣᠨ ᠤ ᠳᠣᠲᠣᠷᠠᠬᠢ ᠪᠡᠯᠴᠢᠭᠡᠷᠯᠡᠭᠦᠯᠬᠦ ᠶᠢ ᠴᠠᠭᠠᠵᠠᠯᠠᠬᠤ ᠬᠠᠮᠢᠶᠠᠷᠤᠯᠲᠠ ᠶᠢᠨ ᠠᠵᠢᠯᠯᠠᠭ᠎ᠠ ᠳᠤ ᠡᠷᠬᠡᠪᠰᠢ ᠲᠤᠰ ᠠᠷᠭ᠎ᠠ ᠶᠢ ᠵᠢᠷᠤᠮᠯᠠᠬᠤ ᠬᠡᠷᠡᠭᠲᠡᠢ᠃      ᠬᠤᠶᠠᠳᠤᠭᠠᠷ ᠪᠦᠯᠦᠭ  ᠪᠡᠯᠴᠢᠭᠡᠷᠯᠡᠭᠦᠯᠬᠦ ᠶᠢ ᠴᠠᠭᠠᠵᠠᠯᠠᠬᠤ ᠬᠦᠷᠢᠶ᠎ᠡ ᠬᠡᠪᠴᠢᠶ᠎ᠡ      ᠳᠥᠷᠪᠡᠳᠦᠭᠡᠷ ᠵᠦᠢᠯ  ᠲᠣᠰ ᠠᠷᠭ᠎ᠠ ᠳᠤ ᠲᠣᠭᠲᠠᠭᠠᠭᠰᠠᠨ ᠪᠡᠯᠴᠢᠭᠡᠷᠯᠡᠭᠦᠯᠬᠦ ᠶᠢ ᠴᠠᠭᠠᠵᠠᠯᠠᠬᠤ ᠬᠦᠷᠢᠶ᠎ᠡ ᠬᠡᠪᠴᠢᠶ᠎ᠡ ᠶᠢᠨ ᠭᠠᠳᠠᠷ ᠱᠤᠭᠤᠮ ᠤᠨ ᠬᠡᠪᠴᠢᠶ᠎ᠡ ᠨᠢ ᠬᠤᠲᠠ ᠶᠢᠨ ᠲᠡᠭᠦᠷᠭᠡ ᠶᠢᠨ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ︵ᠪᠠᠶᠠᠨᠰᠢᠯᠢ ᠵᠡᠭᠡᠯᠢ ᠭᠤᠳᠤᠮᠵᠢ ᠶᠢ ᠪᠣᠳᠣᠬᠤ ᠦᠭᠡᠢ︶ ᠤᠨ ᠬᠠᠷᠢᠶ᠎ᠠ ᠣᠷᠣᠨ ᠤ ᠬᠢᠯᠢ ᠶᠢᠨ ᠭᠠᠳᠠᠷ ᠱᠤᠭᠤᠮ ᠢᠶᠠᠷ ᠵᠠᠭᠠᠭᠯᠠᠨ᠎ᠠ︔ ᠳᠣᠲᠣᠷ ᠱᠤᠭᠤᠮ ᠤᠨ ᠬᠡᠪᠴᠢᠶ᠎ᠡ ᠨᠢ ᠴᠤᠭ ᠵᠠᠮ ︵ᠵᠡᠭᠦᠨ ᠬᠤᠶᠠᠳᠤᠭᠠᠷ ᠴᠠᠭᠠᠷᠢᠭ︶ ᠠᠴᠠ ᠪᠠᠷᠠᠭᠤᠨᠰᠢ᠂ ᠡᠮᠦᠨ᠎ᠡ ᠬᠤᠶᠠᠳᠤᠭᠠᠷ ᠴᠠᠭᠠᠷᠢᠭ ᠵᠠᠮ ᠠᠴᠠ ᠤᠮᠠᠷᠠᠰᠢ᠂ ᠰᠢ ᠬᠠᠢ ᠱᠤᠭᠤᠮ ︵ᠪᠠᠷᠠᠭᠤᠨ ᠬᠤᠶᠠᠳᠤᠭᠠᠷ ᠴᠠᠭᠠᠷᠢᠭ ᠱᠤᠭᠤᠮ︶ ᠠᠴᠠ ᠵᠡᠭᠦᠨᠰᠢ᠂ ᠤᠮᠠᠷᠠᠰᠢ ᠨᠡᠭᠦᠷᠡᠰᠦ ᠵᠥᠭᠡᠭᠡᠪᠦᠷᠢᠯᠡᠬᠦ ᠲᠤᠰᠬᠠᠢ ᠱᠤᠭᠤᠮ ᠠᠴᠠ ᠡᠮᠦᠨᠡᠰᠢ ᠪᠣᠯᠣᠨ᠎ᠠ᠃ ︵ᠪᠣᠳᠠᠲᠠᠢ ᠬᠦᠷᠢᠶ᠎ᠡ ᠬᠡᠪᠴᠢᠶ᠎ᠡ ᠵᠢᠴᠢ ᠴᠡᠭ ᠤᠨ ᠪᠠᠶᠢᠷᠢ ᠶᠢᠨ ᠨᠠᠷᠢᠨ ᠵᠦᠢᠯᠡᠰ ᠢ ᠳᠠᠭᠠᠯᠳᠤᠭᠤᠯᠤᠯ ᠳᠤ ᠦᠵᠡ︶      ᠲᠣᠰ ᠠᠷᠭ᠎ᠠ ᠳᠤ ᠲᠣᠭᠲᠠᠭᠠᠭᠰᠠᠨ ᠪᠡᠯᠴᠢᠭᠡᠷᠯᠡᠭᠦᠯᠬᠦ ᠶᠢ ᠴᠠᠭᠠᠵᠠᠯᠠᠬᠤ ᠬᠡᠪᠴᠢᠶ᠎ᠡ ᠳᠤ ᠬᠠᠮᠲᠤ ᠶᠢᠨ ᠡᠷᠦᠬᠡ ᠳᠤ ᠳᠠᠭᠠᠭᠠᠴᠢᠯᠠᠭᠤᠯᠤᠭᠰᠠᠨ ᠪᠡᠯᠴᠢᠭᠡᠷ ᠢ ᠪᠠᠭᠲᠠᠭᠠᠬᠤ ᠦᠭᠡᠢ᠃      ᠲᠠᠪᠤᠳᠤᠭᠠᠷ ᠵᠦᠢᠯ  ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠢ ᠰᠡᠷᠭᠦᠭᠡᠬᠦ ᠳᠦᠷᠢᠮ︾ ᠤᠨ ᠲᠣᠭᠲᠠᠭᠠᠯ ᠶᠣᠰᠣᠭᠠᠷ᠂ ᠲᠠᠪᠤᠨ ᠵᠢᠯ ᠳᠤ ᠨᠢᠭᠡ ᠤᠳᠠᠭ᠎ᠠ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠢ ᠬᠤᠪᠢᠶᠠᠷᠢᠯᠠᠨ ᠲᠣᠭᠲᠠᠭᠠᠬᠤ ᠬᠡᠷᠡᠭᠲᠡᠢ᠃      ᠵᠢᠷᠭᠤᠳᠤᠭᠠᠷ ᠵᠦᠢᠯ  ᠲᠣᠰ ᠠᠷᠭ᠎ᠠ ᠳᠤ ᠲᠣᠭᠲᠠᠭᠠᠭᠰᠠᠨ ᠪᠡᠯᠴᠢᠭᠡᠷᠯᠡᠭᠦᠯᠬᠦ ᠶᠢ ᠴᠠᠭᠠᠵᠠᠯᠠᠬᠤ ᠬᠡᠪᠴᠢᠶᠡᠨ ᠳᠤ ᠬᠤᠨᠢ᠂ ᠦᠬᠡᠷ᠂ ᠮᠣᠷᠢ᠂ ᠡᠯᠵᠢᠭᠡ᠂ ᠯᠠᠭᠤᠰᠠ᠂ ᠲᠡᠮᠡᠭᠡ ᠵᠡᠷᠭᠡ ᠡᠪᠡᠰᠦᠨ ᠲᠡᠵᠢᠭᠡᠯᠲᠦ ᠮᠠᠯ ᠢ ᠪᠥᠬᠦ ᠵᠢᠯ ᠳᠤ ᠪᠡᠯᠴᠢᠭᠡᠷᠯᠡᠭᠦᠯᠬᠦ ᠶᠢ ᠴᠠᠭᠠᠵᠠᠯᠠᠬᠤ ᠶᠢ ᠬᠡᠷᠡᠭᠵᠢᠭᠦᠯᠦᠨ᠎ᠡ᠃      ᠭᠤᠷᠪᠠᠳᠤᠭᠠᠷ ᠪᠦᠯᠦᠭ  ᠬᠠᠷᠢᠭᠤᠴᠠᠯᠭ᠎ᠠ ᠨᠡᠬᠡᠮᠵᠢᠯᠡᠬᠦ      ᠳᠣᠯᠣᠳᠤᠭᠠᠷ ᠵᠦᠢᠯ  ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠢ ᠰᠡᠷᠭᠦᠭᠡᠬᠦ ᠳᠦᠷᠢᠮ︾ ᠤᠨ ᠭᠤᠴᠢᠨ ᠲᠠᠪᠤᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠨ᠂ ᠪᠡᠯᠴᠢᠭᠡᠷᠯᠡᠭᠦᠯᠬᠦ ᠶᠢ ᠴᠠᠭᠠᠵᠠᠯᠠᠭᠰᠠᠨ ᠣᠷᠣᠨ ᠳᠤ ᠮᠠᠯ ᠬᠠᠷᠢᠭᠤᠯᠤᠭᠰᠠᠨ ᠪᠠᠶᠢᠪᠠᠯ᠂ ᠣᠶ ᠰᠢᠭᠤᠢ ᠪᠠ ᠨᠤᠲᠤᠭ ᠪᠡᠯᠴᠢᠭᠡᠷ ᠤᠨ ᠬᠠᠤᠯᠢ ᠬᠡᠷᠡᠭᠵᠢᠭᠦᠯᠬᠦ ᠡᠷᠬᠡ ᠲᠠᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠠᠴᠠ ᠲᠣᠭᠲᠠᠭᠠᠯ ᠠᠴᠠ ᠵᠥᠷᠢᠴᠡᠨ ᠮᠠᠯ ᠬᠠᠷᠢᠭᠤᠯᠤᠭᠰᠠᠳ ᠢ ᠵᠠᠷᠯᠢᠭᠳᠠᠨ ᠵᠠᠯᠠᠷᠠᠭᠤᠯᠬᠤ ᠶᠢᠨ ᠬᠠᠮᠲᠤ᠂ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭᠠᠲᠤ ᠬᠥᠮᠥᠨ ᠢ ᠬᠠᠤᠯᠢ  ᠠᠴᠠ ᠵᠥᠷᠢᠴᠡᠨ ᠪᠡᠯᠴᠢᠭᠡᠷᠯᠡᠭᠦᠯᠦᠭᠰᠡᠨ ᠬᠤᠨᠢ ᠨᠢᠭᠡᠴᠡ ᠨᠢᠭᠡᠪᠦᠷᠢ 120 ᠲᠥᠭᠦᠷᠢᠭ ᠤᠨ ᠵᠣᠭᠤᠰ ᠢᠶᠠᠷ ᠲᠣᠷᠭᠠᠨ᠎ᠠ      ᠨᠠᠢᠮᠠᠳᠤᠭᠠᠷ ᠵᠦᠢᠯ  ᠲᠣᠰ ᠠᠷᠭ᠎ᠠ ᠳᠤ ᠬᠡᠯᠡᠵᠦ ᠪᠠᠶᠢᠭ᠎ᠠ ︽ᠬᠤᠨᠢᠨ ᠤ ᠨᠢᠭᠡᠴᠡ︾ ᠭᠡᠳᠡᠭ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠳᠦᠷᠢᠮ︾ ᠤᠨ ᠳᠥᠴᠢᠨ ᠬᠤᠶᠠᠳᠤᠭᠠᠷ ᠵᠦᠢᠯ ᠳᠤ ᠲᠣᠭᠲᠠᠭᠠᠭᠰᠠᠨ ᠮᠠᠯ ᠤᠨ ᠲᠣᠭᠠᠴᠠᠭ᠎ᠠ ᠬᠢᠬᠦ ᠨᠢᠭᠡᠴᠡ ᠶᠢ ᠵᠢᠭᠠᠵᠤ ᠪᠣᠶ᠃ ᠨᠢᠭᠡ ᠬᠤᠨᠢ ᠨᠢ ᠨᠢᠭᠡ ᠬᠤᠨᠢᠨ ᠤ ᠨᠢᠭᠡᠴᠢ ᠲᠠᠢ ᠲᠡᠩᠴᠡᠨ᠎ᠡ᠂ ᠨᠢᠭᠡ ᠦᠬᠡᠷ ᠨᠢ ᠲᠠᠪᠤᠨ ᠬᠤᠨᠢᠨ ᠤ ᠨᠢᠭᠡᠴᠢ ᠲᠠᠢ ᠲᠡᠩᠴᠡᠨ᠎ᠡ᠂ ᠨᠢᠭᠡ ᠮᠣᠷᠢ ᠨᠢ ᠵᠢᠷᠭᠤᠭᠠᠨ ᠬᠤᠨᠢᠨ ᠤ ᠨᠢᠭᠡᠴᠢ ᠲᠠᠢ ᠲᠡᠩᠴᠡᠨ᠎ᠡ᠂ ᠨᠢᠭᠡ ᠡᠯᠵᠢᠭᠡ ᠨᠢ ᠭᠤᠷᠪᠠᠨ ᠬᠤᠨᠢᠨ ᠤ ᠨᠢᠭᠡᠴᠢ ᠲᠠᠢ ᠲᠡᠩᠴᠡᠨ᠎ᠡ᠂ ᠨᠢᠭᠡ ᠯᠠᠭᠤᠰᠠ ᠨᠢ ᠲᠠᠪᠤᠨ ᠬᠤᠨᠢᠨ ᠤ ᠨᠢᠭᠡᠴᠢ ᠲᠠᠢ ᠲᠡᠩᠴᠡᠨ᠎ᠡ᠂ ᠨᠢᠭᠡ ᠲᠡᠮᠡᠭᠡ ᠨᠢ ᠲᠤᠯᠤᠭᠠᠨ ᠬᠤᠨᠢᠨ ᠤ ᠨᠢᠭᠡᠴᠢ ᠲᠠᠢ ᠲᠡᠩᠴᠡᠨ᠎ᠡ᠂ ᠬᠡᠷᠪᠡ ᠲᠤᠰ ᠠᠷᠭ᠎ᠠ ᠳᠤ ᠬᠠᠮᠤᠷᠠᠭ᠎ᠠ ᠦᠭᠡᠢ ᠡᠪᠡᠰᠦᠨ ᠲᠡᠵᠢᠭᠡᠯᠲᠦ ᠮᠠᠯ ᠪᠠᠶᠢᠪᠠᠯ᠂ ᠪᠣᠳᠠᠲᠠᠢ ᠬᠤᠬᠢᠷᠠᠯ ᠢ ᠬᠢᠨᠠᠨ ᠲᠣᠭᠲᠠᠭᠠᠭᠰᠠᠨ ᠦᠷ᠎ᠡ ᠳ᠋ᠦᠩ ᠲᠤᠰ ᠲᠣᠭᠲᠠᠭᠠᠯ ᠢᠶᠠᠷ ᠯᠠᠪᠯᠠᠯᠲᠠ ᠪᠣᠯᠭᠠᠵᠤ ᠰᠢᠢᠳᠪᠦᠷᠢᠯᠡᠨ᠎ᠡ᠃      ᠶᠢᠰᠦᠳᠦᠭᠡᠷ ᠵᠦᠢᠯ  ᠲᠣᠰ ᠬᠤᠲᠠ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠢ ᠭᠥᠷᠳᠡᠵᠦ ᠪᠦᠬᠦᠢ ᠮᠠᠯᠵᠢᠬᠤ ᠡᠷᠦᠬᠡ ᠬᠤᠲᠠ ᠶᠢᠨ ᠲᠡᠭᠦᠷᠭᠡ ᠵᠢᠴᠢ ᠡᠷᠬᠢᠨ ᠲᠣᠭᠤᠷᠢᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠳᠤ ᠣᠷᠣᠵᠤ ᠮᠠᠯ ᠬᠠᠷᠢᠭᠤᠯᠪᠠᠯ᠂ ︽ᠰᠢᠯᠢ ᠶᠢᠨ ᠬᠤᠲᠠ ᠶᠢᠨ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠬᠦ ᠲᠥᠰᠥᠯ ︵2021 ︱ 2025 ᠣᠨ︶︾ ᠤᠨ ᠲᠣᠭᠲᠠᠭᠠᠯ ᠢ ᠦᠨᠳᠦᠰᠦᠯᠡᠨ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠪᠡᠯᠡ ᠮᠥᠩᠭᠦ ᠶᠢ ᠰᠠᠭᠤᠯᠭᠠᠨ ᠠᠪᠤᠨ᠎ᠠ᠃      ᠠᠷᠪᠠᠳᠤᠭᠠᠷ ᠵᠦᠢᠯ  ᠣᠶ ᠰᠢᠭᠤᠢ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠲᠠᠢ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠭᠡᠷᠡᠴᠢ ᠪᠠᠷᠢᠮᠲᠠ ᠨᠢ ᠤᠰᠠᠳᠴᠤ ᠮᠡᠳᠡᠬᠦ ᠪᠤᠶᠤ ᠬᠤᠵᠢᠮ ᠣᠯᠬᠤ ᠳᠤ ᠬᠦᠴᠢᠷ ᠪᠣᠯᠬᠤ ᠪᠠᠶᠢᠳᠠᠯ ᠳᠣᠣᠷ᠎ᠠ᠂ ᠤᠷᠢᠳᠠᠪᠠᠷ ᠳᠡᠩᠰᠡᠯᠡᠨ ᠬᠠᠳᠠᠭᠠᠯᠠᠵᠤ ᠪᠣᠯᠣᠨ᠎ᠠ᠂ ᠤᠷᠢᠳᠠᠪᠠᠷ ᠳᠡᠩᠰᠡᠯᠡᠨ ᠬᠠᠳᠠᠭᠠᠯᠠᠬᠤ ᠭᠡᠷᠡᠴᠢ ᠪᠠᠷᠢᠮᠲᠠ ᠶᠢ ᠬᠠᠷᠢᠶ᠎ᠠ ᠭᠠᠵᠠᠷ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠬᠠᠷᠢᠭᠤᠴᠠᠨ ᠬᠠᠮᠢᠶᠠᠷᠤᠨ᠎ᠠ᠃      ᠠᠷᠪᠠᠨ ᠨᠢᠭᠡᠳᠦᠭᠡᠷ ᠵᠦᠢᠯ  ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠢ ᠬᠦᠷᠢᠶᠡᠯᠡᠨ ᠪᠢᠲᠡᠭᠦᠮᠵᠢᠯᠡᠭᠰᠡᠨ ᠪᠡᠯᠴᠢᠭᠡᠷᠯᠡᠭᠦᠯᠬᠦ ᠶᠢ ᠴᠠᠭᠠᠵᠠᠯᠠᠬᠤ ᠪᠡᠯᠡᠳᠬᠡᠮᠵᠢ ᠪᠣᠯᠣᠨ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠤ ᠲᠡᠮᠳᠡᠭ ᠢ ᠰᠢᠯᠵᠢᠭᠦᠯᠬᠦ᠂ ᠡᠪᠳᠡᠬᠦ ᠶᠢ ᠴᠠᠭᠠᠵᠠᠯᠠᠨ᠎ᠠ᠃ ᠪᠡᠯᠴᠢᠭᠡᠷᠯᠡᠭᠦᠯᠬᠦ ᠶᠢ ᠴᠠᠭᠠᠵᠠᠯᠠᠬᠤ ᠪᠡᠯᠡᠳᠬᠡᠮᠵᠢ ᠪᠣᠯᠣᠨ ᠪᠡᠯᠴᠢᠭᠡᠷᠯᠡᠭᠦᠯᠬᠦ ᠶᠢ ᠴᠠᠭᠠᠵᠠᠯᠠᠬᠤ ᠲᠡᠮᠳᠡᠭ ᠢ ᠳᠤᠷ᠎ᠠ ᠪᠠᠷ ᠢᠶᠠᠨ ᠰᠢᠯᠵᠢᠭᠦᠯᠦᠭᠰᠡᠨ ᠪᠠᠶᠢᠪᠠᠯ᠂ ᠣᠶ ᠰᠢᠭᠤᠢ ᠪᠣᠯᠣᠨ ᠨᠤᠲᠤᠭ ᠪᠡᠯᠴᠢᠭᠡᠷ ᠤᠨ ᠬᠠᠤᠯᠢ ᠬᠡᠷᠡᠭᠵᠢᠭᠦᠯᠬᠦ ᠡᠷᠬᠡ ᠲᠠᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠢ ᠰᠡᠷᠭᠦᠭᠡᠬᠦ ᠳᠦᠷᠢᠮ︾ ᠤᠨ ᠭᠤᠴᠢᠨ ᠳᠥᠷᠪᠡᠳᠦᠭᠡᠷ ᠵᠦᠢᠯ ᠤᠨ ᠲᠣᠭᠲᠠᠭᠠᠯ ᠢ ᠦᠨᠳᠦᠰᠦᠯᠡᠨ᠂ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠵᠠᠷᠯᠢᠭᠳᠠᠨ ᠵᠣᠭᠰᠣᠭᠠᠵᠤ᠂ ᠬᠤᠭᠤᠴᠠᠭ᠎ᠠ ᠬᠢᠵᠠᠭᠠᠷᠯᠠᠨ ᠤᠤᠯ ᠤᠨ ᠪᠠᠶᠢᠳᠠᠯ ᠢ ᠨᠢ ᠰᠡᠷᠭᠦᠭᠡᠯᠭᠡᠨ᠎ᠡ︔ ᠬᠤᠭᠤᠴᠠᠭ᠎ᠠ ᠬᠡᠲᠦᠷᠡᠲᠡᠯ᠎ᠡ ᠰᠡᠷᠭᠦᠭᠡᠭᠰᠡᠨ ᠦᠭᠡᠢ ᠪᠠᠶᠢᠪᠠᠯ᠂ ᠡᠪᠳᠡᠭᠳᠡᠭᠰᠡᠨ ᠲᠥᠬᠦᠭᠡᠷᠦᠮᠵᠢ ᠶᠢᠨ ᠤᠤᠯ ᠤᠨ ᠦᠷᠳᠡᠭ ᠤᠨ ᠨᠢᠭᠡ ᠲᠠᠬᠢᠨ ᠠᠴᠠ ᠳᠡᠭᠡᠭᠰᠢ ᠲᠠᠪᠤᠨ ᠲᠠᠬᠢᠨ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠳᠬᠡᠨ᠎ᠡ᠃ ᠪᠡᠯᠴᠢᠭᠡᠷᠯᠡᠭᠦᠯᠬᠦ ᠶᠢ ᠴᠠᠭᠠᠵᠠᠯᠠᠬᠤ ᠪᠡᠯᠡᠳᠬᠡᠮᠵᠢ ᠪᠣᠯᠣᠨ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠤ ᠲᠡᠮᠳᠡᠭ ᠢ ᠬᠤᠯᠠᠭᠠᠶᠢᠯᠠᠭᠰᠠᠨ᠂ ᠡᠪᠳᠡᠭᠰᠡᠨ ᠪᠥᠭᠡᠳ ᠥᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠵᠤ ᠶᠠᠯ᠎ᠠ ᠳᠤ ᠬᠥᠷᠥᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠠᠷᠪᠠᠨ ᠬᠤᠶᠠᠳᠤᠭᠠᠷ ᠵᠦᠢᠯ  ᠪᠡᠯᠴᠢᠭᠡᠷᠯᠡᠭᠦᠯᠬᠦ ᠶᠢ ᠴᠠᠭᠠᠵᠠᠯᠠᠬᠤ ᠬᠠᠤᠯᠢ ᠬᠡᠷᠡᠭᠵᠢᠭᠦᠯᠬᠦ ᠠᠵᠢᠯᠲᠠᠨ ᠤ ᠬᠠᠤᠯᠢ ᠶᠣᠰᠣᠭᠠᠷ ᠠᠯᠪᠠᠨ ᠶᠠᠪᠤᠳᠠᠯ ᠭᠦᠢᠴᠡᠳᠬᠡᠬᠦ ᠶᠢ ᠲᠡᠪᠴᠢᠬᠦ᠂ ᠬᠠᠷᠰᠢᠯᠠᠭᠰᠠᠨ ᠪᠠᠶᠢᠪᠠᠯ᠂ ᠬᠠᠤᠯᠢ ᠲᠣᠭᠲᠠᠭᠠᠯ ᠶᠣᠰᠣᠭᠠᠷ ᠰᠢᠳᠬᠡᠨ ᠲᠣᠷᠭᠠᠵᠤ᠂ ᠬᠠᠤᠯᠢ ᠠᠴᠠ ᠵᠥᠷᠢᠴᠡᠭᠰᠡᠨ ᠶᠠᠯ᠎ᠠ ᠬᠢᠭᠰᠡᠨ ᠳᠤ ᠲᠣᠭᠠᠴᠠᠭᠳᠠᠪᠠᠯ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠳᠤ ᠰᠢᠯᠵᠢᠭᠦᠯᠦᠨ ᠲᠤᠰᠢᠶᠠᠵᠤ ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃      ᠠᠷᠪᠠᠨ ᠭᠤᠷᠪᠠᠳᠤᠭᠠᠷ ᠵᠦᠢᠯ  ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠬᠢᠭᠡᠳ ᠠᠵᠢᠯᠲᠠᠳ ᠡᠷᠬᠡᠪᠰᠢ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠬᠦ ᠬᠡᠷᠡᠭᠲᠡᠢ᠂ ᠬᠡᠷᠪᠡ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ᠂ ᠡᠭᠦᠷᠭᠡ ᠲᠤᠰᠢᠶᠠᠯ ᠢᠶᠠᠨ ᠣᠮᠲᠣᠭᠠᠶᠢᠯᠠᠭᠰᠠᠨ᠂ ᠬᠤᠪᠢ ᠶᠢᠨ ᠨᠠᠶᠢᠷ ᠢᠶᠠᠷ ᠬᠠᠤᠯᠢ ᠶᠣᠰᠣ ᠶᠢ ᠵᠥᠷᠢᠴᠡᠭᠰᠡᠨ ᠪᠠᠶᠢᠬᠤ ᠶᠢ ᠣᠯᠵᠤ ᠮᠡᠳᠡᠪᠡᠯ᠂ ᠰᠢᠭᠤᠳ ᠬᠠᠷᠢᠭᠤᠴᠠᠯᠭᠠᠲᠠᠨ ᠪᠣᠯᠣᠨ ᠰᠢᠭᠤᠳ ᠬᠠᠷᠢᠭᠤᠴᠠᠯᠭ᠎ᠠ ᠲᠠᠢ ᠬᠥᠮᠥᠰ ᠲᠤ ᠵᠠᠰᠠᠭ ᠵᠠᠬᠢᠷᠭᠠᠨ ᠤ ᠰᠢᠳᠬᠡᠯ ᠥᠭᠴᠦ᠂ ᠥᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠵᠤ ᠶᠠᠯ᠎ᠠ ᠳᠤ ᠬᠥᠷᠥᠭᠰᠡᠨ ᠪᠣᠯ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠨᠢ ᠨᠡᠬᠡᠮᠵᠢᠯᠡᠨ᠎ᠡ᠃      ᠳᠥᠷᠪᠡᠳᠦᠭᠡᠷ ᠪᠦᠯᠦᠭ  ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ      ᠠᠷᠪᠠᠨ ᠳᠥᠷᠪᠡᠳᠦᠭᠡᠷ ᠵᠦᠢᠯ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠠᠴᠠ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠳᠤ ᠨᠢᠭᠡᠳᠦᠯᠲᠡᠢ ᠤᠳᠤᠷᠢᠳᠤᠯᠭ᠎ᠠ ᠶᠢ ᠬᠡᠷᠡᠭᠵᠢᠭᠦᠯᠵᠦ᠂ ᠬᠤᠳᠠ ᠶᠢᠨ ᠲᠡᠬᠦᠷᠭᠡ ᠶᠢᠨ ᠪᠠ ᠡᠷᠬᠢᠨ ᠲᠣᠭᠤᠷᠢᠨ ᠤ ᠭᠠᠵᠠᠷ ᠣᠷᠣᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠨᠢᠭᠡᠳᠦᠯᠲᠡᠢ ᠵᠢᠯᠤᠭᠤᠳᠴᠤ᠂ ᠵᠣᠬᠢᠴᠠᠭᠤᠯᠵᠤ᠂ ᠬᠢᠨᠠᠯᠲᠠ ᠲᠠᠯᠪᠢᠨ᠎ᠠ᠃      ᠠᠷᠪᠠᠨ ᠲᠠᠪᠤᠳᠤᠭᠠᠷ ᠵᠦᠢᠯ  ᠤᠢ ᠰᠢᠭᠤᠢ ᠡᠪᠡᠰᠦ ᠪᠡᠯᠴᠢᠭᠡᠷ ᠤᠨ ᠳᠠᠷᠤᠭ᠎ᠠ ᠶᠢᠨ ᠳᠦᠷᠢᠮ ᠤᠨ ᠪᠦᠲᠦᠭᠡᠨ ᠪᠠᠶᠢᠭᠤᠯᠤᠯᠲᠠ ᠶᠢᠨ ᠠᠵᠢᠯ ᠲᠠᠢ ᠤᠶᠠᠯᠳᠤᠭᠤᠯᠤᠨ᠂ ᠬᠤᠳᠠ ᠶᠢᠨ ᠲᠡᠬᠦᠷᠭᠡ ᠶᠢᠨ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠬᠠᠮᠢᠶ᠎ᠠ ᠪᠦᠬᠦᠢ ᠵᠡᠭᠡᠯᠢ ᠭᠤᠳᠤᠮᠵᠢ᠂ ᠰᠠᠯᠠᠭ᠎ᠠ ᠮᠥᠴᠢᠷ ᠤᠨ ᠬᠢᠨᠠᠨ ᠰᠢᠯᠭᠠᠬᠤ ᠠᠭᠤᠯᠭ᠎ᠠ᢭ ᠲᠤ ᠣᠷᠣᠭᠤᠯᠬᠤ ᠬᠡᠷᠡᠭᠲᠡᠢ᠃ ᠬᠤᠲᠠ ᠶᠢᠨ ᠣᠶ ᠰᠢᠭᠤᠢ ᠶᠢᠨ ᠳᠠᠷᠤᠭ᠎ᠠ ᠶᠢᠨ ᠳᠦᠷᠢᠮ ᠤᠨ ᠠᠯᠪᠠᠨ ᠭᠡᠷ ᠲᠠᠪᠤᠨ ᠵᠦᠢᠯ ᠤᠨ ᠳᠦᠷᠢᠮ ᠢ ᠴᠢᠩᠭ᠎ᠠ ᠵᠢᠷᠤᠮᠯᠠᠨ ᠬᠠᠮᠢᠶ᠎ᠠ ᠪᠦᠬᠦᠢ ᠬᠡᠷᠡᠭ ᠡᠷᠬᠢᠯᠡᠬᠦ ᠭᠠᠵᠠᠷ ᠤᠨ ᠤᠢ ᠰᠢᠭᠤᠢ ᠡᠪᠡᠰᠦ ᠪᠡᠯᠴᠢᠭᠡᠷ ᠤᠨ ᠳᠠᠷᠤᠭ᠎ᠠ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠬᠢᠨᠠᠨ ᠵᠢᠯᠣᠭᠤᠳᠤᠨ᠎ᠠ᠃      ᠠᠷᠪᠠᠨ ᠵᠢᠷᠭᠤᠳᠤᠭᠠᠷ ᠵᠦᠢᠯ  ᠤᠢ ᠰᠢᠭᠤᠢ ᠪᠣᠯᠣᠨ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠤᠳ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠳᠤ ᠬᠢᠨᠠᠯᠲᠠ ᠲᠠᠯᠪᠢᠬᠤ ᠪᠠ ᠵᠢᠯᠤᠭᠤᠳᠬᠤ ᠶᠢ ᠬᠠᠷᠢᠭᠤᠴᠠᠬᠤ ᠶᠢᠨ ᠬᠠᠮᠲᠤ ᠢᠯᠡᠷᠬᠡᠢ ᠣᠷᠣᠨ ᠪᠠᠶᠢᠷᠢ ᠳᠤ ᠬᠠᠮᠢᠶ᠎ᠠ ᠪᠦᠬᠦᠢ ᠪᠡᠯᠴᠢᠭᠡᠷᠯᠡᠭᠦᠯᠬᠦ ᠶᠢ ᠴᠠᠭᠠᠵᠠᠯᠠᠬᠤ ᠲᠡᠮᠳᠡᠭ ᠢ ᠪᠠᠶᠢᠷᠢᠯᠠᠭᠤᠯᠬᠤ ᠬᠡᠷᠡᠭᠲᠡᠢ᠃ ᠣᠶ ᠰᠢᠭᠤᠢ ᠪᠠ ᠨᠤᠲᠤᠭ ᠪᠡᠯᠴᠢᠭᠡᠷ ᠤᠨ ᠬᠠᠤᠯᠢ ᠬᠡᠷᠡᠭᠵᠢᠭᠦᠯᠬᠦ ᠡᠷᠬᠡ ᠲᠠᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠬᠤᠲᠠ ᠶᠢᠨ ᠲᠡᠭᠦᠷᠭᠡ ᠵᠢᠴᠢ ᠡᠷᠬᠢᠨ ᠲᠣᠭᠤᠷᠢᠨ ᠤ ᠣᠷᠣᠨ ᠪᠦᠰᠡ ᠶᠢᠨ ᠳᠣᠲᠣᠷᠠᠬᠢ ᠬᠠᠤᠯᠢ ᠬᠡᠷᠡᠭᠵᠢᠭᠦᠯᠬᠦ ᠡᠷᠬᠡ ᠶᠢ ᠬᠡᠷᠡᠭᠵᠢᠭᠦᠯᠦᠨ᠎ᠡ᠃      ᠠᠷᠪᠠᠨ ᠳᠣᠯᠣᠳᠤᠭᠠᠷ ᠵᠦᠢᠯ  ᠬᠤᠳᠠ ᠶᠢᠨ ᠲᠡᠬᠦᠷᠭᠡ ᠶᠢᠨ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠳ ᠪᠡᠯᠴᠢᠭᠡᠷᠯᠡᠭᠦᠯᠬᠦ ᠶᠢ ᠴᠠᠭᠠᠵᠠᠯᠠᠬᠤ ᠤᠬᠠᠭᠤᠯᠭ᠎ᠠ ᠶᠢᠨ ᠠᠵᠢᠯ ᠬᠢᠭᠡᠳ ᠡᠳᠦᠷ ᠲᠤᠳᠤᠮ ᠤᠨ ᠲᠣᠭᠤᠷᠢᠨ ᠪᠠᠶᠢᠴᠠᠭᠠᠬᠤ ᠠᠵᠢᠯ ᠢ ᠬᠠᠷᠢᠭᠤᠴᠠᠨ ᠰᠠᠶᠢᠲᠤᠷ ᠬᠢᠵᠦ᠂ ᠬᠠᠷᠢᠶ᠎ᠠ ᠭᠠᠵᠠᠷ ᠤᠨ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠨ᠂ ᠡᠯ᠎ᠡ ᠰᠠᠯᠠᠭ᠎ᠠ ᠮᠥᠴᠢᠷ ᠤᠳ ᠬᠠᠮᠵᠢᠯᠴᠠᠨ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠢ᠃      ᠠᠷᠪᠠᠨ ᠨᠠᠢᠮᠠᠳᠤᠭᠠᠷ ᠵᠦᠢᠯ  ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠵᠠᠭᠠᠭ ᠤᠨ ᠬᠥᠰᠢᠶ᠎ᠡ ᠶᠢᠨ ᠲᠡᠮᠳᠡᠭ ᠤᠨ ᠪᠦᠲᠦᠭᠡᠨ ᠪᠠᠶᠢᠭᠤᠯᠤᠯᠲᠠ᠂ ᠠᠯᠪᠠᠯᠠᠬᠤ ᠪᠡᠯᠡᠳᠬᠡᠮᠵᠢ ᠶᠢᠨ ᠲᠤᠨᠤᠭ ᠲᠥᠬᠦᠭᠡᠷᠦᠮᠵᠢ ᠲᠣᠬᠢᠷᠠᠭᠤᠯᠬᠤ᠂ ᠲᠡᠷᠭᠡ ᠬᠥᠰᠬᠡ ᠶᠢᠨ ᠬᠠᠮᠢᠶᠠᠷᠤᠯᠲᠠ ᠬᠡᠷᠡᠭᠯᠡᠯᠲᠡ᠂ ᠠᠵᠢᠯ ᠤᠨ ᠤᠬᠠᠭᠤᠯᠭ᠎ᠠ᠂ ᠪᠠᠶᠢᠴᠠᠭᠠᠯᠲᠠ ᠵᠡᠷᠭᠡ ᠵᠠᠷᠤᠳᠠᠯ ᠢ ᠪᠠᠲᠤᠯᠠᠵᠤ᠂ ᠲᠤᠰᠬᠠᠢ ᠵᠣᠭᠤᠰ ᠢ ᠲᠤᠰᠬᠠᠢ ᠵᠦᠢᠯ ᠳᠤᠨᠢ ᠬᠡᠷᠡᠭᠯᠡᠬᠦ ᠶᠢ ᠬᠡᠷᠡᠭᠵᠢᠭᠦᠯᠵᠦ᠂ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠬᠡᠪ ᠤᠨ ᠶᠣᠰᠣᠭᠠᠷ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠢ᠃      ᠲᠠᠪᠤᠳᠤᠭᠠᠷ ᠪᠦᠯᠦᠭ  ᠳᠠᠭᠠᠯᠳᠤᠭᠤᠯᠤᠭᠰᠠᠨ ᠳᠦᠷᠢᠮ      ᠠᠷᠪᠠ ᠶᠢᠰᠦᠳᠦᠭᠡᠷ ᠵᠦᠢᠯ  ᠬᠤᠲᠠ ᠶᠢᠨ ᠲᠡᠭᠦᠷᠭᠡ ᠵᠢᠴᠢ ᠡᠷᠬᠢᠨ ᠲᠣᠭᠤᠷᠢᠨ ᠤ ᠣᠷᠣᠨ ᠠᠴᠠ ᠭᠠᠳᠠᠨᠠᠬᠢ ᠦᠬᠡᠷ᠂ ᠮᠣᠷᠢ᠂ ᠡᠯᠵᠢᠭᠡ᠂ ᠯᠠᠭᠤᠰᠠ᠂ ᠲᠡᠮᠡᠭᠡ᠂ ᠬᠤᠨᠢ ᠢᠮᠠᠭ᠎ᠠ ᠵᠡᠷᠭᠡ ᠡᠪᠡᠰᠦᠨ ᠲᠡᠵᠢᠭᠡᠯᠲᠦ ᠮᠠᠯ ᠢ ᠲᠣᠰ ᠠᠷᠭ᠎ᠠ ᠳᠤ ᠲᠣᠭᠲᠠᠭᠠᠭᠰᠠᠨ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠳᠤ ᠮᠠᠯᠵᠢᠬᠤ ᠳᠤ ᠲᠣᠰ ᠠᠷᠭ᠎ᠠ ᠶᠢ ᠬᠡᠷᠡᠭᠵᠢᠭᠦᠯᠦᠨ᠎ᠡ᠃      ᠬᠤᠷᠢᠳᠤᠭᠠᠷ ᠵᠦᠢᠯ  ᠲᠤᠰ ᠬᠤᠳᠠ ᠶᠢᠨ ᠴᠤᠬ ᠵᠠᠮ ︵ᠵᠡᠭᠦᠨ ᠬᠤᠶᠠᠳᠤᠭᠠᠷ ᠲᠣᠭᠤᠷᠢᠯ ᠵᠠᠮ︶ ᠠᠴᠠ ᠪᠠᠷᠠᠭᠤᠨᠰᠢ᠂ ᠡᠮᠦᠨ᠎ᠡ ᠬᠤᠶᠠᠳᠤᠭᠠᠷ ᠲᠣᠭᠤᠷᠢᠯ ᠵᠠᠮ ᠠᠴᠠ ᠤᠮᠠᠷᠠᠰᠢ᠂ ᠰᠢ ᠬᠠᠢ ᠱᠤᠭᠤᠮ ︵ᠪᠠᠷᠠᠭᠤᠨ ᠬᠤᠶᠠᠳᠤᠭᠠᠷ ᠲᠣᠭᠤᠷᠢᠯ ᠵᠠᠮ︶ ᠠᠴᠠ ᠵᠡᠭᠦᠨᠰᠢ᠂ ᠤᠮᠠᠷᠠᠰᠢ ᠨᠡᠭᠦᠷᠡᠰᠦ ᠲᠡᠭᠡᠭᠡᠪᠦᠷᠢᠯᠡᠬᠦ ᠲᠤᠰᠬᠠᠢ ᠱᠤᠭᠤᠮ ᠠᠴᠠ ᠡᠮᠦᠨᠡᠰᠢᠬᠢ ᠶᠢ ᠬᠤᠳᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠡᠷᠬᠡ ᠲᠠᠢ ᠰᠠᠯᠠᠭ᠎ᠠ ᠮᠥᠴᠢᠷ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠣᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠳᠦᠷᠢᠮ ︾ ᠬᠢᠭᠡᠳ ᠬᠤᠳᠠ ᠶᠢᠨ ᠳᠦᠷᠰᠦ ᠪᠠᠶᠢᠳᠠᠯ ᠤᠨ ᠬᠠᠮᠢᠶ᠎ᠠ ᠪᠦᠬᠦᠢ ᠬᠠᠮᠢᠶᠠᠷᠤᠯᠲᠠ ᠶᠢᠨ ᠲᠣᠭᠲᠠᠭᠠᠯ ᠶᠣᠰᠣᠭᠠᠷ ᠬᠠᠮᠢᠶᠠᠷᠤᠨ᠎ᠠ᠃      ᠬᠤᠷᠢᠨ ᠨᠢᠭᠡᠳᠦᠭᠡᠷ ᠵᠦᠢᠯ  ᠲᠣᠰ ᠠᠷᠭ᠎ᠠ ᠶᠢ ᠰᠢᠯᠢ ᠶᠢᠨ ᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠂ ᠬᠡᠷᠪᠡ ᠤᠯᠤᠰ ᠤᠨ ᠣᠲᠣ ᠶᠢᠨ ᠬᠡᠷᠡᠭᠵᠢᠭᠦᠯᠵᠦ ᠪᠠᠶᠢᠭ᠎ᠠ ᠬᠠᠤᠯᠢ ᠴᠠᠭᠠᠵᠠ ᠬᠠᠤᠯᠢ ᠲᠣᠭᠲᠠᠭᠠᠯ ᠲᠠᠢ ᠬᠠᠷᠰᠢᠯᠳᠤᠬᠤ ᠵᠦᠢᠯ ᠵᠤᠷᠪᠤᠰ ᠪᠠᠶᠢᠪᠠᠯ᠂ ᠤᠯᠤᠰ ᠤᠨ ᠣᠲᠣ ᠶᠢᠨ ᠬᠡᠷᠡᠭᠵᠢᠭᠦᠯᠵᠦ ᠪᠠᠶᠢᠭ᠎ᠠ ᠬᠠᠤᠯᠢ ᠴᠠᠭᠠᠵᠠ ᠬᠠᠤᠯᠢ ᠲᠣᠭᠲᠠᠭᠠᠯ ᠢᠶᠠᠷ ᠪᠠᠷᠢᠮᠵᠢᠶ᠎ᠠ ᠪᠣᠯᠭᠠᠨ᠎ᠠ᠃      ᠬᠤᠷᠢᠨ ᠬᠤᠶᠠᠳᠤᠭᠠᠷ ᠵᠦᠢᠯ  ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠂ ᠲᠤᠷᠰᠢᠨ ᠬᠡᠷᠡᠭᠵᠢᠭᠦᠯᠬᠦ ᠬᠤᠭᠤᠴᠠᠭ᠎ᠠ ᠨᠢ ᠬᠤᠶᠠᠷ ᠵᠢᠯ ᠪᠣᠯᠣᠨ᠎ᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号