ᠰᠢᠯᠢ ᠶᠢᠨ ᠬᠤᠲᠠ ᠶᠢᠨ ᠸᠧ ᠶᠤᠸᠠᠨ ᠰᠠᠭᠠᠯᠢ ᠶᠢᠨ ᠦᠨᠢᠶᠡᠨ ᠤ ᠲᠠᠯᠠᠪᠠᠢ
ᠨᠡᠶᠢᠲᠡᠯᠡᠭᠰᠡᠨ ᠴᠠᠭ᠄
2024/6/4
     ᠰᠢᠯᠢ ᠶᠢᠨ ᠬᠤᠲᠠ ᠶᠢᠨ ᠸᠧ ᠶᠤᠸᠠᠨ ᠰᠠᠭᠠᠯᠢ ᠶᠢᠨ ᠦᠨᠢᠶᠡᠨ ᠤ ᠲᠠᠯᠠᠪᠠᠶ ᠨᠢ ᠬᠤᠲᠠ ᠬᠥᠳᠡᠭᠡ ᠶᠢᠨ ᠠᠭᠤᠯᠵᠠᠷ ᠬᠡᠰᠡᠭ ᠲᠤ ᠪᠠᠶᠢᠷᠢᠯᠠᠵᠤ᠂ ᠭᠠᠵᠠᠷ ᠵᠦᠢ ᠶᠢᠨ ᠪᠠᠶᠢᠷᠢᠰᠢᠯ ᠨᠢ ᠤᠮᠠᠷᠠᠲᠤ ᠥᠷᠭᠡᠷᠢᠭ ᠤᠨ 43°02' — 44°52'᠂ ᠵᠡᠭᠦᠨ ᠤᠷᠲᠤᠷᠢᠭ ᠤᠨ 115°18' — 117°06' ᠳᠤ ᠪᠠᠶᠢᠳᠠᠭ᠃ ︽ᠲᠠᠷᠢᠶᠠᠯᠠᠩ᠂ ᠮᠠᠯ ᠠᠵᠤ ᠠᠬᠤᠢ ᠪᠠᠷ ᠭᠤᠣᠯ ᠪᠣᠯᠭᠠᠵᠤ᠂ ᠤᠯᠠᠨ ᠲᠦᠷᠦᠯ ᠤᠨ ᠡᠵᠡᠩᠨᠡᠯᠲᠡ ᠪᠠᠷ ᠬᠠᠪᠰᠤᠷᠤᠮᠵᠢ ᠪᠣᠯᠭᠠᠭᠰᠠᠨ︾ ᠤᠯᠤᠰ ᠤᠨ ᠥᠮᠴᠢᠯᠡᠯ ᠤᠨ ᠲᠠᠷᠢᠶᠠᠯᠠᠩ ᠮᠠᠯᠵᠢᠯ ᠤᠨ ᠲᠠᠯᠠᠪᠠᠢ ᠶᠣᠮ᠃ 1964 ᠣᠨ ᠳᠤ ᠤᠤᠯ ᠤᠨ ᠮᠠᠰᠢᠨ ᠢᠶᠠᠷ ᠲᠠᠷᠢᠶᠠᠯᠠᠬᠤ ᠲᠠᠷᠢᠶᠠᠯᠠᠩ ᠤᠨ ᠲᠠᠯᠠᠪᠠᠢ ᠶᠢᠨ ᠬᠠᠩᠭᠠᠢ ᠬᠤᠪᠢᠶᠠᠷᠢ ᠲᠠᠯᠠᠪᠠᠢ ᠪᠠ ᠴᠠᠶᠢᠳᠠᠮ ᠬᠤᠪᠢᠶᠠᠷᠢ ᠲᠠᠯᠠᠪᠠᠢ ᠶᠢ ᠨᠡᠶᠢᠯᠡᠭᠦᠯᠦᠨ ᠪᠠᠶᠢᠭᠤᠯᠵᠤ᠂ ᠲᠠᠯᠠᠪᠠᠢ ᠶᠢᠨ ᠶᠡᠷᠦᠩᠬᠡᠢ ᠲᠠᠯᠠᠪᠠᠢ 16.36 ᠲᠦᠮᠡᠨ ᠮᠦ ᠳᠤ ᠬᠦᠷᠴᠦ᠂ ᠶᠡᠷᠦᠩᠬᠡᠢ ᠪᠡᠯᠡ ᠬᠥᠷᠥᠩᠭᠡ ᠨᠢ 2.3 ᠳ᠋ᠦᠩᠰᠢᠭᠤᠷ ᠲᠥᠭᠦᠷᠢᠭ ᠲᠤ ᠬᠦᠷᠴᠡᠢ᠃      ᠪᠥᠬᠦ ᠲᠠᠯᠠᠪᠠᠶ ᠳᠤ 519 ᠠᠵᠢᠯᠲᠠᠨ ᠲᠠᠢ ᠪᠠᠶᠢᠵᠤ᠂ ᠬᠢᠲᠠᠳ᠂ ᠮᠣᠩᠭᠤᠯ᠂ ᠬᠤᠲᠣᠩ᠂ ᠮᠠᠨᠵᠤ᠂ ᠳᠠᠭᠤᠷ 5 ᠦᠨᠳᠦᠰᠦᠲᠡᠨ ᠢᠶᠠᠷ ᠪᠦᠷᠢᠯᠳᠦᠵᠡᠢ᠂ ᠡᠭᠦᠨ ᠳᠤ᠄ ᠬᠢᠲᠠᠳ ᠦᠨᠳᠦᠰᠦᠲᠡᠨ ᠤ ᠬᠥᠮᠥᠨ ᠠᠮᠠ 77% ᠶᠢ ᠡᠵᠡᠯᠡᠵᠦ᠂ ᠴᠥᠭᠡᠨ ᠲᠣᠭᠠᠲᠤ ᠦᠨᠳᠦᠰᠦᠲᠡᠨ 23% ᠶᠢ ᠡᠵᠡᠯᠡᠨ᠎ᠡ︔ ᠲᠠᠩᠰᠠᠨ ᠳᠤ ᠪᠠᠶᠢᠭ᠎ᠠ ᠠᠵᠢᠯᠲᠠᠨ 519 ᠬᠥᠮᠥᠨ ᠪᠠᠶᠢᠵᠤ᠂ ᠡᠭᠦᠨ ᠤ ᠳᠣᠲᠣᠷ᠎ᠠ ᠠᠵᠢᠯ ᠤᠨ ᠪᠠᠶᠢᠷᠢ ᠳᠤ ᠪᠠᠶᠢᠭ᠎ᠠ ᠠᠵᠢᠯᠲᠠᠨ 200 ᠬᠥᠮᠥᠨ᠂ ᠲᠠᠩᠰᠠᠨ ᠳᠤ ᠪᠠᠶᠢᠭ᠎ᠠ ᠪᠣᠯᠪᠠᠴᠤ ᠠᠵᠢᠯ ᠤᠨ ᠪᠠᠶᠢᠷᠢ ᠳᠤ ᠪᠠᠶᠢᠬᠤ ᠦᠭᠡᠢ 72 ᠬᠥᠮᠥᠨ᠂ ᠠᠵᠢᠯ ᠠᠴᠠ ᠪᠠᠨ ᠠᠮᠠᠷᠠᠭᠰᠠᠨ 247 ᠬᠥᠮᠥᠨ ᠪᠠᠶᠢᠨ᠎ᠠ᠃      ᠣᠶᠢᠷ᠎ᠠ ᠶᠢᠨ ᠵᠢᠯ ᠠᠴᠠ ᠨᠠᠭᠠᠰᠢ᠂ ᠸᠧ ᠶᠣᠸᠠᠨ ᠰᠠᠭᠠᠯᠢ ᠶᠢᠨ ᠦᠨᠢᠶᠡᠨ ᠤ ᠲᠠᠯᠠᠪᠠᠶ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠢᠮᠠᠭᠲᠠ ᠪᠠᠷᠢᠮᠲᠠᠯᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ︽ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ︾ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ︽ᠲᠠᠷᠢᠶᠠᠯᠠᠩ ᠢᠶᠠᠷ ᠲᠠᠯᠠᠪᠠᠢ ᠢᠶᠠᠨ ᠲᠣᠭᠲᠠᠪᠤᠷᠢᠵᠢᠭᠤᠯᠵᠤ᠂ ᠮᠠᠯ ᠠᠵᠤ ᠠᠬᠤᠢ ᠪᠠᠷ ᠲᠠᠯᠠᠪᠠᠢ  ᠪᠠᠨ ᠬᠥᠭᠵᠢᠭᠦᠯᠬᠦ︾ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ︽ᠳᠠᠷᠢᠵᠤ ᠲᠡᠵᠢᠭᠡᠬᠦ ᠶᠢ ᠤᠶᠠᠯᠳᠤᠭᠤᠯᠬᠤ᠂ ᠦᠷ᠎ᠡ ᠪᠠᠷ ᠲᠡᠵᠢᠭᠡᠬᠦ ᠶᠢ ᠠᠬᠢᠭᠤᠯᠬᠤ᠂ ᠲᠡᠵᠢᠭᠡᠬᠦ ᠪᠠᠷ ᠦᠷ᠎ᠡ ᠶᠢ ᠠᠬᠢᠭᠤᠯᠬᠤ︾ ᠠᠵᠤ ᠦᠢᠯᠡᠰ ᠤᠨ ᠬᠥᠭᠵᠢᠯᠲᠡ ᠶᠢᠨ ᠵᠠᠭᠪᠤᠷ ᠶᠣᠰᠣᠭᠠᠷ᠂ ︽ᠠᠮᠢ ᠠᠬᠤᠢ ᠶᠢ ᠲᠡᠷᠢᠭᠦᠨ ᠳᠤ ᠲᠠᠯᠪᠢᠵᠤ᠂ ᠪᠣᠬᠢᠷᠲᠤᠯ ᠦᠭᠡᠢ ᠪᠠᠷ ᠬᠥᠭᠵᠢᠭᠦᠯᠬᠦ︾ ᠣᠶᠢᠯᠠᠭᠠᠭᠳᠠᠬᠤᠨ ᠢ ᠪᠠᠷᠢᠮᠲᠠᠯᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠠᠷ ᠰᠠᠭᠤᠷᠢ ᠪᠣᠯᠭᠠᠵᠤ᠂ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠵᠡᠷᠭᠡ ᠲᠡᠷᠢᠭᠦᠨ ᠤ ᠮᠡᠷᠭᠡᠵᠢᠯ ᠢᠶᠠᠷ ᠠᠷᠭ᠎ᠠ ᠪᠠᠷᠢᠯ ᠪᠣᠯᠭᠠᠵᠤ᠂ ᠲᠤᠰᠬᠠᠶᠢᠵᠢᠭᠰᠠᠨ ᠪᠠᠷᠢᠮᠵᠢᠶᠠᠵᠢᠭᠰᠠᠨ ᠰᠢᠨᠵᠢᠯᠡᠬᠦ ᠤᠬᠠᠭᠠᠨᠴᠢᠯᠠᠭᠰᠠᠨ ᠬᠠᠮᠢᠶᠠᠷᠤᠯᠲᠠ ᠪᠠᠷ ᠦᠨᠳᠦᠰᠦ ᠪᠣᠯᠭᠠᠵᠤ᠂ ᠴᠢᠨᠠᠷ ᠰᠠᠶᠢᠲᠠᠢ ᠣᠷᠭᠠᠨᠢᠭ ᠲᠠᠷᠢᠶᠠᠯᠠᠩ ᠢ ᠪᠦᠲᠦᠭᠡᠨ ᠪᠠᠶᠢᠭᠤᠯᠬᠤ ᠪᠠᠷ ᠬᠠᠷᠠᠯᠲᠠ ᠪᠣᠯᠭᠠᠵᠤ᠂ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠬᠦ ᠪᠠ ᠵᠠᠬ᠎ᠠ ᠳᠡᠯᠭᠡᠭᠦᠷᠴᠢᠯᠡᠨ ᠡᠵᠡᠩᠨᠡᠬᠦ ᠪᠠᠷ ᠳᠠᠮᠵᠢᠭᠤᠯᠤᠨ᠂ ᠠᠮᠤ ᠪᠤᠳᠠᠭ᠎ᠠ ᠠᠵᠤ ᠠᠬᠤᠢ ᠲᠡᠵᠢᠭᠡᠯ ᠪᠣᠷᠳᠤᠭ᠎ᠠ ᠶᠢ ᠨᠢᠭᠡᠳᠦᠯᠲᠡᠢ ᠲᠥᠯᠥᠪᠯᠡᠬᠦ᠂ ᠦᠢᠯᠡᠳᠪᠦᠷᠢᠯᠡᠬᠦ ᠬᠠᠳᠠᠭᠠᠯᠠᠬᠤ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠪᠠᠶᠢᠷᠢᠰᠢᠯ ᠢ ᠪᠠᠶᠢᠭᠤᠯᠵᠤ᠂ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠠᠭᠤᠰᠤᠯᠳᠤᠨ ᠬᠥᠭᠵᠢᠬᠦ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ ᠪᠠ ᠠᠵᠢᠯᠲᠠᠨ ᠤ ᠠᠰᠠᠷᠠᠮᠵᠢ ᠬᠠᠷᠠᠭᠠᠯᠵᠠᠯ ᠢ ᠲᠣᠭᠲᠠᠭᠤᠨ ᠢᠶᠠᠷ ᠳᠡᠭᠡᠭᠰᠢᠯᠡᠭᠦᠯᠬᠦ ᠶᠢ ᠪᠡᠶᠡᠯᠡᠭᠦᠯᠪᠡ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号