ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ | ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠣᠣᠱᠯᠠᠭᠤᠯᠵᠣ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠤᠯ ᠰᠢᠵᠢᠮ ᠢ ᠪᠠᠲᠤ ᠡᠵᠡᠮᠳᠡᠵᠦ᠂ ︽ᠮᠣᠩᠭᠤᠯ | ᠮᠣᠷᠢᠨ ᠤ ᠵᠣᠷᠢᠭ ᠰᠠᠨᠠᠭ᠎ᠠ︾ ᠶᠢ ᠶᠡᠭᠡ ᠪᠠᠷ ᠪᠠᠳᠠᠷᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ | ᠠᠬᠢᠭᠤᠯᠬᠤ ᠶᠢᠨ ᠲᠥᠯᠥᠭᠡ᠂ 6 ᠰᠠᠷ᠎ᠠ ᠶᠢᠨ 1 ᠤ ᠡᠳᠦᠷ᠂ ᠪᠠᠶᠠᠨᠪᠤᠯᠠᠭ ᠰᠤᠮᠤ ᠮᠠᠯᠵᠢᠬᠤ ᠣᠷᠣᠨ ᠤ | ᠦᠢᠯᠡᠳᠪᠦᠷᠢᠯᠡᠯ ᠠᠮᠢᠳᠤᠷᠠᠯ ᠤᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ ᠮᠠᠯᠴᠢᠳ ᠤᠨ ᠰᠣᠶᠣᠯ ᠪᠡᠶ᠎ᠡ | ᠲᠠᠮᠢᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃ ᠲᠣᠰ ᠣᠳᠠᠭᠠᠨ ᠤ ᠠᠵᠢᠯᠯᠠᠭ᠎ᠠ ᠶᠢ ᠪᠠᠶᠠᠨᠪᠤᠯᠠᠭ | ᠰᠤᠮᠤᠨ ᠤ ᠨᠠᠮ ᠤᠨ ᠬᠤᠷᠢᠶ᠎ᠠ ᠪᠣᠯᠤᠨ ᠪᠠᠶᠠᠨᠪᠤᠯᠠᠭ ᠭᠠᠴᠠᠭᠠᠨ ᠤ ᠨᠠᠮ ᠤᠨ ᠡᠭᠦᠷ ᠬᠠᠮᠲᠤᠷᠠᠨ ᠡᠷᠭᠢᠯᠡᠵᠦ᠂ | ᠰᠤᠮᠤᠨ ᠤ ᠤᠳᠤᠷᠢᠳᠬᠤ ᠪᠠᠭ ᠤᠨ ᠬᠡᠰᠢᠭᠦᠨ᠂ ᠭᠠᠴᠠᠭᠠᠨ ᠤ ︽ᠬᠤᠶᠠᠷ ᠵᠥᠪᠯᠡᠯ︾ ᠵᠢᠴᠢ ᠮᠠᠯᠴᠢᠨ ᠨᠠᠮ ᠤᠨ | ᠭᠡᠰᠢᠭᠦᠨ᠂ ᠮᠠᠯᠴᠢᠨ ᠲᠦᠮᠡᠨ ᠣᠷᠣᠯᠴᠠᠪᠠ᠃ | ᠤᠪᠤᠭ᠎ᠠ ᠪᠠᠨ ᠲᠠᠬᠢᠵᠤ ᠳᠠᠭᠤᠰᠤᠭᠰᠠᠨ ᠤ ᠲᠠᠷᠠᠭ᠎ᠠ᠂ ᠡᠯ᠎ᠡ ᠵᠦᠢᠯ ᠤᠨ ᠨᠠᠶᠢᠷ ᠨᠠᠭᠠᠳᠤᠮ ᠤᠨ ᠤᠷᠤᠯᠳᠤᠭᠠᠨ | ᠨᠢ ᠮᠠᠯᠴᠢᠨ ᠲᠦᠮᠡᠨ ᠤ ᠤᠷᠠᠶᠢᠯᠠᠬᠤ ᠲᠠᠭᠤᠨ ᠤ ᠳᠤᠮᠳᠠ ᠡᠬᠢᠯᠡᠪᠡ᠃ ᠮᠤᠷᠢᠨ ᠤᠷᠤᠯᠳᠤᠭᠠᠨ ᠤ ᠲᠠᠯᠠᠪᠠᠢ ᠳᠤ᠂ | ᠤᠷᠤᠯᠳᠤᠭᠠᠨ ᠳᠤ ᠣᠷᠣᠯᠴᠠᠭᠰᠠᠳ ᠮᠣᠷᠢ ᠪᠠᠨ ᠳᠠᠪᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠮᠣᠩᠭᠤᠯ | ᠮᠤᠷᠢᠨ ᠤ ᠵᠣᠷᠢᠭ ᠰᠠᠨᠠᠭ᠎ᠠ ᠶᠢ ᠠᠮᠢᠳᠤᠯᠢᠭ ᠢᠶᠠᠷ ᠲᠠᠶᠢᠯᠪᠤᠷᠢᠯᠠᠪᠠ᠃ ᠪᠥᠭᠡ ᠶᠢᠨ ᠪᠠᠷᠢᠯᠳᠤᠭᠠᠨ ᠳᠤ ᠪᠥᠬᠡᠴᠦᠳ | ᠬᠦᠴᠦᠨ ᠴᠢᠳᠠᠯ ᠲᠠᠢ᠂ ᠴᠤᠭ ᠰᠦᠯᠳᠡ ᠪᠠᠳᠠᠷᠠᠩᠭᠤᠢ ᠪᠠᠶᠢᠵᠤ᠂ ᠪᠥᠭᠡ ᠶᠢᠨ ᠥᠪᠡᠷᠮᠢᠴᠡ ᠣᠨᠴᠠᠯᠢᠭ ᠲᠠᠢ ᠤᠷ᠎ᠠ | ᠮᠡᠷᠭᠡᠵᠢᠯ ᠢᠶᠠᠨ ᠭᠠᠶᠢᠬᠠᠭᠤᠯᠪᠠ᠃ ᠦᠵᠡᠭᠴᠢᠳ ᠨᠢᠵᠢᠭᠢᠨᠡᠲᠡᠯ᠎ᠡ ᠠᠯᠠᠭ᠎ᠠ ᠲᠠᠰᠢᠵᠤ᠂ ᠭᠠᠯ ᠬᠠᠯᠠᠭᠤᠨ ᠠᠭᠤᠷ | ᠠᠮᠢᠰᠬᠤᠯ ᠢ ᠤᠷᠬᠢᠯ ᠳᠤᠨᠢ ᠬᠦᠷᠭᠡᠪᠡ᠃ | ᠪᠠᠶᠠᠨᠪᠤᠯᠠᠭ ᠰᠤᠮᠤᠨ ᠠᠴᠠ ︽ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠡᠨᠡᠷᠢᠯ ᠳᠤ ᠲᠠᠯᠠᠷᠬᠠᠨ | ᠡᠷᠡᠮᠡᠬᠡᠶᠢᠯᠡᠨ ᠤᠷᠤᠭᠰᠢᠯᠠᠬᠤ︾ ᠭᠤᠤᠯ ᠰᠡᠳᠦᠪ ᠤᠨ ᠲᠣᠭᠤᠷᠢᠨ ᠳᠤ᠂ ᠰᠣᠶᠣᠯ ᠤᠨ ᠠᠵᠢᠯᠯᠠᠭ᠎ᠠ ᠶᠢᠨ ᠬᠡᠯᠪᠡᠷᠢ | ᠪᠣᠯᠤᠨ ᠠᠭᠤᠯᠭ᠎ᠠ ᠶᠢ ᠤᠯᠠᠮ ᠴᠢᠨᠠᠭᠰᠢᠳᠠ ᠪᠠᠶᠠᠯᠢᠭᠵᠢᠭᠤᠯᠤᠨ ᠥᠷᠭᠡᠳᠬᠡᠵᠦ᠂ ᠮᠠᠯᠴᠢᠨ ᠲᠦᠮᠡᠨ ᠤ ᠣᠶᠤᠨ ᠤ | ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠮᠠᠯᠵᠢᠬᠤ ᠣᠷᠣᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢ | ᠢᠳᠡᠪᠬᠢᠲᠡᠶ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ | ᠮᠠᠯᠴᠢᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠨᠠᠮ ᠤᠨ ᠠᠴᠢ ᠡᠨᠡᠷᠢᠯ ᠳᠤ ᠲᠠᠯᠠᠷᠬᠠᠵᠤ᠂ ᠨᠠᠮ ᠤᠨ ᠦᠭᠡ ᠶᠢ | ᠰᠣᠨᠣᠰᠴᠤ᠂ ᠨᠠᠮ ᠢᠶᠠᠨ ᠳᠠᠭᠠᠵᠤ᠂ ᠬᠠᠷᠢᠶ᠎ᠠ ᠣᠷᠣᠨ ᠤ ᠨᠠᠮ ᠤᠨ ᠭᠡᠰᠢᠭᠦᠨ ᠣᠯᠠᠨ ᠲᠦᠮᠡᠨ ᠤ ᠬᠦᠴᠦᠨ ᠢ | ᠨᠢᠭᠲᠠᠷᠠᠭᠤᠯᠵᠤ᠂ ᠲᠡᠮᠡᠴᠡᠯ ᠤᠨ ᠳᠤᠮᠳᠠ ᠰᠤᠮᠤᠨ ᠤ ᠡᠯ᠎ᠡ ᠵᠦᠢᠯ ᠤᠨ ᠠᠵᠢᠯ ᠦᠢᠯᠡᠰ ᠤᠨ ᠢᠷᠠᠭᠤ ᠬᠠᠭᠤᠳᠠᠰᠤ ᠶᠢ | ᠦᠷᠭᠦᠯᠵᠢᠯᠡᠨ ᠪᠢᠴᠢᠭᠯᠡᠨ᠎ᠡ᠃ | | |