ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ | ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠬᠤ ᠶᠢᠨ ᠲᠥᠯᠥᠭᠡ᠂ ︽ | ᠪᠢᠴᠢᠭ ᠤᠨ ᠰᠤᠷᠪᠤᠯᠵᠢᠲᠤ ᠥᠪᠥᠷ ᠮᠣᠩᠭᠤᠯ︾ ︽ᠰᠣᠩᠭᠤᠳᠠᠭ ᠰᠠᠶᠢᠨ ᠨᠣᠮ ᠤᠩᠰᠢᠵᠤ ᠴᠠᠭ ᠦᠶ᠎ᠡ ᠶᠢᠨ ᠤᠷᠠᠨ | ᠳᠠᠷᠬᠠᠨ ᠪᠣᠯᠬᠤ ᠪᠠᠷ ᠴᠢᠷᠮᠠᠶᠢᠬᠤ︾ ᠵᠡᠷᠭᠡ ᠤᠩᠰᠢᠯᠭ᠎ᠠ ᠶᠢᠨ ᠠᠵᠢᠯᠯᠠᠭ᠎ᠠ ᠶᠢᠨ ᠨᠠᠷᠠᠲᠤ ᠲᠡᠮᠳᠡᠭᠲᠦ ᠶᠢ | ᠠᠯᠳᠠᠷᠰᠢᠭᠤᠯᠵᠤ᠂ ᠠᠵᠢᠯᠲᠠᠨ ᠠᠵᠢᠯᠴᠢᠨ ᠤ ᠰᠠᠶᠢᠨ ᠰᠠᠶᠢᠬᠠᠨ ᠤᠩᠰᠢᠯᠭ᠎ᠠ ᠶᠢᠨ ᠳᠠᠳᠬᠠᠯ ᠢ ᠪᠤᠶᠢᠵᠢᠭᠤᠯᠤᠨ᠂ | ᠠᠵᠢᠯᠲᠠᠨ ᠠᠵᠢᠯᠴᠢᠨ ᠤ ᠣᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠠᠵᠢᠯᠲᠠᠨ ᠠᠵᠢᠯᠴᠢᠨ ᠤ | ᠨᠣᠮ ᠤᠨ ᠥᠷᠥᠭᠡ ᠶᠢᠨ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠬᠤ ᠶᠢᠨ ᠲᠥᠯᠥᠭᠡ᠂ 2024 ᠣᠨ ᠤ | 6 ᠰᠠᠷ᠎ᠠ ᠶᠢᠨ 27 ᠤ ᠡᠳᠦᠷ᠂ ᠪᠠᠶᠠᠨᠪᠤᠯᠠᠭ ᠰᠤᠮᠤᠨ ᠠᠴᠠ ︽ᠰᠡᠳᠬᠢᠯ ᠰᠠᠨᠠᠭ᠎ᠠ ᠪᠠᠨ ᠨᠢᠭᠡᠳᠬᠡᠨ ᠰᠥᠭ | ᠰᠦᠯᠳᠡ ᠪᠠᠨ ᠱᠤᠭᠤᠵᠤ ᠨᠠᠮ ᠢᠶᠠᠨ ᠳᠠᠭᠠᠵᠤ ᠠᠴᠢ ᠡᠨᠡᠷᠢᠯ ᠳᠤ ᠲᠠᠯᠠᠷᠬᠠᠨ ᠡᠷᠡᠮᠡᠬᠡᠶᠢᠯᠡᠨ ᠤᠷᠤᠭᠰᠢᠯᠠᠬᠤ ᠰᠢᠨ᠎ᠡ | ᠠᠶᠠᠨ︾ ᠨᠣᠮ ᠤᠩᠰᠢᠬᠤ ᠬᠤᠷᠠᠯ ᠦᠷᠨᠢᠭᠦᠯᠪᠡ᠃ | ᠬᠦᠳᠡᠯᠭᠡᠭᠡᠨ ᠳᠤ ᠣᠷᠣᠯᠴᠠᠭᠰᠠᠨ ᠺᠠᠳ᠋ᠷ ᠠᠵᠢᠯᠲᠠᠨ ᠲᠣᠰ ᠲᠣᠰ ᠨᠣᠮ ᠪᠢᠴᠢᠭ ᠤᠨ ᠲᠣᠪᠴᠢ | ᠲᠠᠨᠢᠯᠴᠠᠭᠤᠯᠭ᠎ᠠ᠂ ᠲᠠᠨᠢᠯᠴᠠᠭᠤᠯᠤᠭᠰᠠᠨ ᠰᠢᠯᠲᠠᠭᠠᠨ᠂ ᠨᠠᠷᠠᠲᠤ ᠪᠦᠲᠦᠭᠡᠯ ᠢ ᠰᠣᠨᠢᠷᠬᠠᠨ ᠵᠠᠳᠠᠯᠵᠤ ᠲᠣᠷᠠᠲᠠᠢ | ᠪᠦᠲᠦᠭᠡᠯ ᠢᠶᠠᠨ ᠬᠤᠪᠢᠶᠠᠯᠴᠠᠭᠰᠠᠨ ᠪᠥᠭᠡᠳ ᠠᠵᠢᠯ ᠠᠮᠢᠳᠤᠷᠠᠯ ᠤᠨ ᠥᠩᠭᠡᠷᠡᠯᠲᠡ ᠪᠠ ᠪᠡᠶ᠎ᠡ ᠪᠠᠷ ᠢᠶᠠᠨ | ᠥᠩᠭᠡᠷᠡᠭᠦᠯᠦᠭᠰᠡᠨ ᠪᠠᠶᠢᠳᠠᠯ ᠲᠠᠢ ᠤᠶᠠᠯᠳᠤᠭᠤᠯᠤᠨ᠂ ᠲᠤᠬᠠᠶ ᠶᠢᠨ ᠲᠠᠯᠠᠪᠠᠶ ᠳᠤ ᠪᠠᠶᠢᠭ᠎ᠠ ᠬᠥᠮᠦᠰ ᠲᠠᠢ ᠣᠯᠤᠯᠲᠠ | ᠲᠥᠷᠥᠭᠳᠡᠯ ᠢᠶᠠᠨ ᠰᠣᠯᠢᠯᠴᠠᠵᠤ᠂ ᠴᠢᠩᠭ᠎ᠠ ᠬᠦᠴᠦᠲᠡᠶ ᠦᠵᠡᠯ ᠰᠠᠨᠠᠭᠠᠨ ᠤ ᠴᠤᠤᠷᠢᠶ᠎ᠠ ᠡᠭᠦᠰᠭᠡᠵᠦ᠂ ᠲᠤᠬᠠᠶ ᠶᠢᠨ | ᠲᠠᠯᠠᠪᠠᠶ ᠳᠤ ᠪᠠᠶᠠᠷ ᠬᠥᠷ ᠢᠶᠠᠷ ᠳᠦᠭᠦᠷᠡᠩ ᠪᠠᠶᠢᠯ᠎ᠠ᠃ | ᠲᠠᠷᠠᠭᠠᠴᠢ ᠶᠢᠨ ᠠᠯᠬᠤᠮ ᠳᠤ᠂ ᠪᠠᠶᠠᠨᠪᠤᠯᠠᠭ ᠰᠤᠮᠤᠨ ᠤ ᠠᠵᠢᠯᠴᠢᠨ ᠤ ᠶᠡᠷᠦᠩᠬᠡᠶ ᠡᠪᠯᠡᠯ ᠨᠢ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠤᠯ ᠱᠤᠭᠤᠮ ᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠢᠯᠲᠠᠨ ᠠᠵᠢᠯᠴᠢᠨ ᠤ ᠤᠩᠰᠢᠯᠭ᠎ᠠ ᠶᠢᠨ ᠬᠡᠷᠡᠭᠴᠡᠭᠡ ᠶᠢ ᠲᠠᠰᠤᠷᠠᠯᠲᠠ | ᠥᠬᠡᠶ ᠬᠠᠩᠭᠠᠵᠤ᠂ ᠵᠢᠭᠰᠠᠭᠠᠯ ᠤᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠠᠭᠤᠯᠭ᠎ᠠ ᠶᠢᠨ | ᠬᠠᠩᠭᠠᠯᠭ᠎ᠠ ᠶᠢ ᠰᠢᠯᠢᠳᠡᠭᠵᠢᠭᠦᠯᠵᠦ᠂ ᠤᠩᠰᠢᠯᠭ᠎ᠠ ᠶᠢᠨ ᠠᠴᠢᠶᠠᠯᠠᠪᠤᠷᠢ ᠶᠢᠨ ᠰᠢᠨ᠎ᠡ ᠶᠢ ᠡᠭᠦᠳᠴᠦ᠂ ᠢᠳᠡᠪᠬᠢᠲᠡᠶ ᠪᠠᠷ | ᠨᠣᠮ ᠤᠩᠰᠢᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠪᠥᠬᠦ ᠰᠤᠮᠤᠨ ᠤ ᠺᠠᠳ᠋ᠷ ᠠᠵᠢᠯᠲᠠᠨ | ᠠᠵᠢᠯᠴᠢᠨ ᠤ ᠠᠵᠢᠯ ᠬᠢᠵᠦ ᠦᠢᠯᠡᠰ ᠴᠣᠭᠴᠠᠯᠠᠬᠤ ᠬᠠᠯᠠᠭᠤᠨ ᠰᠡᠳᠬᠢᠯᠭᠡ ᠶᠢ ᠲᠠᠰᠤᠷᠠᠯᠲᠠ ᠥᠬᠡᠶ ᠬᠥᠭᠵᠢᠭᠡᠨ᠎ᠡ᠃ | |