︽ᠲᠠᠯ᠎ᠠ ᠨᠤᠲᠤᠭ ᠤᠨ ᠨᠠᠨᠳᠢᠨ ᠪᠣᠯᠵᠤᠭ᠎ᠠ᠂ ᠲᠠᠩᠰᠤᠭ ᠨᠠᠭᠠᠳᠤᠮ ᠤᠨ ᠪᠠᠶᠠᠷᠲᠤ ᠵᠣᠯᠭᠠᠯᠲᠠ︾ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 34 ᠳ᠋ᠦ᠋ᠭᠡᠷ ᠬᠤᠭᠤᠴᠠᠭᠠᠨ ᠤ ᠲᠠᠯ᠎ᠠ ᠨᠤᠲᠤᠭ ᠤᠨ ᠨᠠᠭᠠᠳᠤᠮ ᠰᠢᠯᠢ ᠶᠢᠨ ᠬᠤᠲᠠ ᠳᠤ ᠦᠪᠡᠳᠡᠭᠰᠢ ᠶᠡᠬᠡᠪᠡᠷ ᠡᠬᠢᠯᠡᠪᠡ
ᠨᠡᠶᠢᠲᠡᠯᠡᠭᠰᠡᠨ ᠴᠠᠭ᠄
2024/7/16
     7 ᠰᠠᠷ᠎ᠠ ᠶᠢᠨ 14᠎ ᠤ ᠡᠳᠦᠷ᠂ ᠥᠪᠡᠷᠲᠡᠭᠡᠨ ᠵᠠᠰᠠᠬᠤ ᠣᠷᠣᠨ ᠤ 34 ᠳ᠋ᠦ᠋ᠭᠡᠷ ᠬᠤᠭᠤᠴᠠᠭᠠᠨ ᠤ ᠲᠠᠯ᠎ᠠ ᠨᠤᠲᠤᠭ ᠤᠨ ᠨᠠᠭᠠᠳᠤᠮ ᠰᠢᠯᠢ ᠶᠢᠨ ᠬᠤᠲᠠ ᠳᠤ ᠡᠬᠢᠯᠡᠪᠡ᠃  ᠲᠤᠰ ᠬᠤᠭᠤᠴᠠᠭᠠᠨ ᠤ ᠨᠠᠭᠠᠳᠤᠮ ᠤᠨ ᠬᠤᠷᠠᠯ ᠡᠬᠢᠯᠡᠬᠦ ᠶᠣᠰᠣᠯᠠᠯ ᠳᠤ ᠲᠣᠬᠯᠠᠯᠲᠠ ᠭᠠᠷᠭᠠᠬᠤ᠂ ᠵᠢᠭᠤᠯᠴᠢᠯᠠᠭᠰᠠᠳ ᠲᠠᠢ ᠬᠥᠳᠡᠯᠦᠯᠴᠡᠬᠦ᠂ ᠠᠮᠲᠠᠲᠤ ᠢᠳᠡᠭᠡᠨ ᠤ ᠰᠢᠯᠭᠠᠷᠠᠭᠤᠯᠤᠯᠲᠠ᠂ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠦᠯᠭᠡ ᠵᠡᠷᠭᠡ ᠠᠭᠤᠯᠭ᠎ᠠ ᠪᠠᠭᠲᠠᠵᠤ ᠪᠤᠢ᠃ ᠪᠦᠭᠦ ᠤᠯᠤᠰ ᠤᠨ ᠡᠯ᠎ᠡ ᠭᠠᠵᠠᠷ ᠤᠨ ᠵᠢᠭᠤᠯᠴᠢᠯᠠᠭᠰᠠᠳ ᠪᠠ ᠲᠤᠬᠠᠢ ᠶᠢᠨ ᠭᠠᠵᠠᠷ ᠤᠨ ᠣᠯᠠᠨ ᠲᠦᠮᠡᠨ ᠤ ᠠᠩᠬᠠᠷᠤᠯ ᠢ ᠲᠠᠲᠠᠵᠤ᠂ 10 ᠲᠦᠮᠡᠨ ᠬᠥᠮᠥᠨ ᠣᠷᠣᠯᠴᠠᠪᠠ᠃ ᠲᠤᠰ ᠬᠤᠭᠤᠴᠠᠭᠠᠨ ᠤ ᠨᠠᠭᠠᠳᠤᠮ 3 ᠡᠳᠦᠷ ᠦᠷᠭᠦᠯᠵᠢᠯᠡᠵᠤ᠂ ᠠᠵᠢᠯᠯᠠᠭ᠎ᠠ ᠶᠢᠨ ᠬᠤᠭᠤᠴᠠᠭᠠᠨ ᠳᠤ ᠮᠣᠷᠢ ᠣᠷᠣᠯᠳᠣᠬᠤ᠂ ᠪᠦᠭᠡ ᠪᠠᠷᠢᠯᠳᠤᠬᠤ᠂ ᠰᠤᠷ ᠬᠠᠷᠪᠤᠬᠤ ᠵᠡᠷᠭᠡ ᠤᠯᠠᠮᠵᠢᠯᠠᠯᠲᠤ ᠤᠷᠤᠯᠳᠤᠭᠠᠨ ᠠᠴᠠ ᠭᠠᠳᠠᠨ᠎ᠠ᠂ ᠪᠠᠰᠠ ᠮᠠᠰᠢᠨ ᠲᠡᠷᠭᠡᠨ ᠤ ᠨᠠᠭᠠᠳᠤᠮ᠂ ᠦᠨᠢᠷ ᠰᠥᠷᠦᠭ ᠤᠨ ᠰᠢᠯᠭᠠᠷᠠᠭᠤᠯᠤᠯᠲᠠ᠂ ᠴᠠᠭᠠᠨ ᠢᠳᠡᠭᠡᠨ ᠤ ᠰᠣᠶᠣᠯ ᠤᠨ ᠨᠠᠶᠢᠷ᠂ ᠬᠦᠳᠡᠭᠡ ᠪᠠᠭᠤᠳᠠᠯᠯᠠᠵᠤ ᠵᠢᠭᠤᠯᠴᠢᠯᠠᠬᠤ ᠨᠠᠶᠢᠷ᠂ ᠪᠠᠶᠢᠰᠢᠩᠲᠦ ᠲᠡᠷᠭᠡ ᠶᠢᠨ ᠬᠡᠭᠡᠷᠯᠡᠬᠦ ᠨᠠᠶᠢᠷ᠂ ᠴᠢᠩᠳᠣᠣ ᠶᠢᠨ ᠫᠢᠸᠤ᠋ ᠶᠢᠨ ᠨᠠᠶᠢᠷ ᠵᠢᠴᠢ ᠰᠣᠶᠣᠯ ᠵᠢᠭᠤᠯᠴᠢᠯᠠᠯ ᠤᠨ ᠪᠦᠲᠦᠭᠡᠭᠳᠡᠬᠦᠨ ᠢ ᠳᠡᠯᠭᠡᠨ ᠪᠣᠷᠣᠯᠠᠭᠤᠯᠬᠤ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠳᠡᠯᠭᠡᠨ ᠪᠣᠷᠣᠯᠠᠭᠤᠯᠬᠤ᠂ ᠪᠣᠳᠠᠰ ᠤᠨ ᠪᠤᠰᠤ ᠰᠣᠶᠣᠯ ᠤᠨ ᠥᠪ ᠤᠨ ᠦᠷ᠎ᠡ ᠪᠦᠲᠦᠭᠡᠯ ᠤᠨ ᠦᠵᠡᠭᠦᠯᠦᠯᠭᠡ ᠵᠡᠷᠭᠡ ᠰᠢᠷᠢᠰ ᠠᠵᠢᠯᠯᠠᠭ᠎ᠠ ᠥᠷᠨᠢᠭᠦᠯᠪᠡ᠃  ︵ᠲᠤᠰ ᠰᠡᠳᠬᠦᠯ︶
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号