ᠨᠢᠭᠡ ᠳᠤ ᠥᠪᠡᠷᠲᠡᠭᠡᠨ ᠵᠠᠰᠠᠬᠤ ᠣᠷᠣᠨ ᠤ ︽ᠨᠢᠭᠡ ᠬᠦᠰᠦᠨᠦᠭᠲᠦ ᠪᠠᠷ ᠨᠡᠪᠲᠡᠷᠡᠭᠦᠯᠬᠦ︾ ᠰᠢᠰᠲ᠋ᠧᠮ ᠤᠨ | ᠱᠠᠲᠤ ᠦᠶ᠎ᠡ ᠶᠢᠨ ᠴᠢᠨᠠᠷᠲᠠᠢ ᠠᠵᠢᠯ ᠤᠨ ᠲᠣᠬᠢᠷᠠᠭᠤᠯᠤᠯᠲᠠ ᠶᠣᠰᠣᠭᠠᠷ᠂ 5 ᠰᠠᠷ᠎ᠠ ᠳᠤ ᠪᠦᠭᠦ ᠬᠤᠲᠠ ᠶᠢᠨ ᠡᠯ᠎ᠡ | ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ︽ᠨᠢᠭᠡ ᠬᠦᠰᠦᠨᠦᠭᠲᠦ ᠪᠠᠷ ᠨᠡᠪᠲᠡᠷᠡᠭᠦᠯᠬᠦ︾ ᠮᠡᠳᠡᠭᠦᠯᠦᠯᠲᠡ ᠶᠢᠨ | ᠬᠦᠰᠦᠨᠦᠭᠲᠦ ᠶᠢᠨ ᠬᠠᠮᠢᠶᠠᠷᠤᠯᠲᠠ ᠶᠢᠨ ᠰᠢᠰᠲ᠋ᠧᠮ ᠤᠨ ᠪᠣᠯᠪᠠᠰᠤᠷᠠᠭᠤᠯᠤᠯ ᠢ 3 ᠤᠳᠠᠭ᠎ᠠ ᠥᠷᠨᠢᠭᠦᠯᠵᠦ᠂ ︽ᠨᠢᠭᠡ | ᠬᠦᠰᠦᠨᠦᠭᠲᠦ ᠪᠠᠷ ᠨᠡᠪᠲᠡᠷᠡᠭᠦᠯᠬᠦ︾ ᠠᠵᠢᠯ ᠳᠤ ᠣᠷᠤᠯᠴᠠᠬᠤ ᠰᠠᠯᠠᠭ᠎ᠠ ᠮᠥᠴᠢᠷ ᠢ ᠥᠩᠭᠡᠷᠡᠭᠰᠡᠨ ᠤ 9 ᠠᠴᠠ ᠪᠦᠭᠦ | ᠬᠤᠲᠠ ᠶᠢᠨ ᠪᠤᠢ ᠪᠦᠬᠦᠢ ᠰᠠᠯᠠᠭ᠎ᠠ ᠮᠥᠴᠢᠷ ᠲᠤ ᠭᠦᠷᠲᠡᠯ᠎ᠡ ᠥᠷᠭᠡᠳᠬᠡᠬᠦ ᠶᠢᠨ ᠬᠠᠮᠲᠤ ᠨᠢᠭᠡᠳᠦᠭᠡᠷ ᠤᠳᠠᠭ᠎ᠠ | ᠡᠮᠬᠢᠯᠡᠨ ᠲᠢᠭᠯᠡᠭᠰᠡᠨ ᠡᠯ᠎ᠡ ᠰᠠᠯᠠᠭ᠎ᠠ ᠮᠥᠴᠢᠷ ᠤᠨ ᠥᠨᠳᠥᠷ ᠳᠠᠪᠲᠠᠮᠵᠢᠲᠤ ᠮᠡᠳᠡᠭᠦᠯᠬᠦ ᠬᠦᠰᠦᠨᠦᠭᠲᠦ ᠶᠢ 144 | ᠬᠠᠭᠤᠳᠠᠰᠤ ᠪᠠᠶᠢᠭᠰᠠᠨ ᠠᠴᠠ ᠨᠢ 227 ᠬᠠᠭᠤᠳᠠᠰᠤ ᠪᠣᠯᠭᠠᠨ ᠨᠡᠮᠡᠭᠳᠡᠭᠦᠯᠵᠦ᠂ ᠲᠤᠷᠰᠢᠨ ᠮᠡᠳᠡᠭᠦᠯᠦᠨ ᠬᠦᠷᠭᠡᠵᠦ | ᠪᠠᠶᠢᠭᠰᠠᠨ ᠠᠴᠠ ᠵᠢᠩᠬᠢᠨᠢ ᠪᠠᠷ ᠮᠡᠳᠡᠭᠦᠯᠦᠨ ᠬᠦᠷᠭᠡᠭᠰᠡᠨ ᠪᠠᠶᠢᠨ᠎ᠠ᠃ ᠣᠳᠣᠬᠠᠨ ᠪᠤᠯᠲᠠᠯ᠎ᠠ᠂ 32 ᠰᠠᠯᠠᠭ᠎ᠠ | ᠮᠥᠴᠢᠷ ᠤᠨ ︽ᠨᠢᠭᠡ ᠬᠦᠰᠦᠨᠦᠭᠲᠦ ᠪᠠᠷ ᠨᠡᠪᠲᠡᠷᠡᠭᠦᠯᠬᠦ︾ ᠮᠡᠳᠡᠭᠦᠯᠦᠯᠲᠡ ᠶᠢᠨ ᠬᠦᠰᠦᠨᠦᠭᠲᠦ ᠶᠢᠨ | ᠬᠠᠮᠢᠶᠠᠷᠤᠯᠲᠠ ᠶᠢᠨ ᠰᠢᠰᠲ᠋ᠧᠮ ᠤᠨ ᠳᠠᠩᠰᠠᠨ ᠨᠣᠮᠧᠷ ᠢ ᠨᠢᠭᠡᠨᠲᠡ ᠨᠠᠪᠲᠠᠷᠡᠭᠦᠯᠵᠦ᠂ 6 ᠰᠠᠷ᠎ᠠ ᠶᠢᠨ ᠰᠡᠭᠦᠯᠴᠢ ᠪᠠᠷ | ᠪᠦᠭᠦ ᠥᠨᠳᠥᠷ ᠳᠠᠪᠲᠠᠮᠵᠢᠲᠤ ᠮᠡᠳᠡᠭᠦᠯᠬᠦ ᠬᠦᠰᠦᠨᠦᠭᠲᠦ ᠶᠢ ᠮᠡᠳᠡᠭᠦᠯᠦᠨ ᠬᠦᠷᠭᠡᠬᠦ ᠠᠵᠢᠯ ᠢ ᠪᠡᠶᠡᠯᠡᠭᠦᠯᠬᠦ ᠪᠠᠷ | ᠲᠥᠯᠥᠪᠯᠡᠵᠦ ᠪᠠᠶᠢᠨ᠎ᠠ᠃ ᠬᠤᠶᠠᠷ ᠲᠤ ᠥᠪᠡᠷᠲᠡᠭᠡᠨ ᠵᠠᠰᠠᠬᠤ ᠣᠷᠣᠨ ᠤ ︽ᠦᠨᠳᠦᠰᠦᠨ ᠱᠠᠲᠤᠨ ᠤ ︿ᠦᠨᠳᠦᠰᠦᠨ | ᠳ᠋ᠠᠶᠢᠲ᠋ᠠ ᠶᠢᠨ ᠬᠥᠮᠥᠷᠭᠡ﹀ ᠶᠢᠨ ᠪᠠᠶᠢᠭᠤᠯᠤᠯᠲᠠ ᠵᠢᠴᠢ ︿ᠨᠢᠭᠡ ᠬᠦᠰᠦᠨᠦᠭᠲᠦ ᠪᠠᠷ ᠨᠡᠪᠲᠡᠷᠡᠭᠦᠯᠬᠦ﹀ ᠰᠢᠰᠲ᠋ᠧᠮ ᠤᠨ | ᠬᠡᠷᠡᠭᠯᠡᠯᠲᠡ ᠶᠢ ᠳᠡᠯᠭᠡᠷᠡᠭᠦᠯᠬᠦ ᠲᠥᠰᠥᠯ︾ ᠤᠨ ᠱᠠᠭᠠᠷᠳᠠᠯᠭ᠎ᠠ ᠶᠢ ᠦᠨᠳᠦᠰᠦᠯᠡᠨ᠂ ︽ᠦᠨᠳᠦᠰᠦᠨ ᠳ᠋ᠠᠶᠢᠲ᠋ᠠ ᠶᠢᠨ | ᠬᠥᠮᠥᠷᠭᠡ︾ ᠶᠢ ᠥᠪᠡᠷᠲᠡᠭᠡᠨ ᠵᠠᠰᠠᠬᠤ ᠣᠷᠣᠨ ᠠᠴᠠ ᠨᠢᠭᠡᠳᠦᠯᠲᠡᠢ ᠪᠠᠶᠢᠭᠤᠯᠬᠤ ᠪᠠᠶᠢᠭᠰᠠᠨ ᠢ ᠡᠯ᠎ᠡ ᠬᠤᠰᠢᠭᠤ | ᠰᠢᠶᠠᠨ ᠬᠤᠲᠠ ︵ᠲᠣᠭᠤᠷᠢᠭ︶ ᠨᠢ ᠤᠤᠯ ᠤᠨ ᠪᠠᠶᠢᠭᠰᠠᠨ ᠲᠥᠷᠥᠯ ᠤᠨ ᠲᠣᠣᠷᠴᠢᠯᠠᠬᠰᠠᠨ ᠲᠤᠭ᠎ᠠ ᠪᠠᠷᠢᠮᠲᠠ ᠶᠢ | ᠴᠤᠭᠯᠠᠭᠤᠯᠬᠤ ᠰᠢᠰᠲ᠋ᠧᠮ ᠢ ᠭᠦᠢᠴᠡᠳ ᠠᠰᠢᠭᠯᠠᠬᠤ ᠶᠢᠨ ᠬᠠᠮᠲᠤ ᠥᠭᠡᠷᠡᠴᠢᠯᠡᠵᠦ ᠥᠪᠡᠰᠦᠪᠡᠨ ᠪᠦᠲᠦᠭᠡᠨ | ᠪᠠᠶᠢᠭᠤᠯᠬᠤ ᠪᠣᠯᠭᠠᠨ ᠬᠤᠪᠢᠷᠠᠭᠤᠯᠤᠨ᠎ᠠ᠃ ᠳᠡᠭᠡᠳᠦ ᠱᠠᠲᠤᠨ ᠤ ᠬᠠᠮᠤᠭ ᠤᠨ ᠰᠢᠨ᠎ᠡ ᠱᠠᠭᠠᠷᠳᠠᠯᠭ᠎ᠠ ᠶᠣᠰᠣᠭᠠᠷ᠂ 5 | ᠰᠠᠷ᠎ᠠ ᠶᠢᠨ 31 ᠤ ᠡᠳᠦᠷ ᠠᠴᠠ ᠡᠮᠦᠨ᠎ᠡ᠂ ᠨᠢᠭᠡᠨᠲᠡ ᠲᠤᠰ ᠭᠠᠵᠠᠷ ᠤᠨ ︽ᠦᠨᠳᠦᠰᠦᠨ ᠳ᠋ᠠᠶᠢᠲ᠋ᠠ ᠶᠢᠨ ᠬᠥᠮᠥᠷᠭᠡ︾ | ᠪᠠ ᠥᠪᠡᠷᠲᠡᠭᠡᠨ ᠵᠠᠰᠠᠬᠤ ᠣᠷᠣᠨ ᠤ ᠲᠠᠪᠴᠠᠩ ᠤᠨ ᠰᠦᠯᠵᠢᠶᠡᠨ ᠤ ᠠᠷᠭ᠎ᠠ ᠪᠣᠳᠣᠯᠭ᠎ᠠ ᠲᠠᠢ ᠬᠠᠮᠲᠤᠷᠠᠬᠤ ᠪᠠ | ᠨᠠᠪᠲᠡᠷᠡᠯᠴᠡᠬᠦ ᠲᠤᠷᠰᠢᠯᠲᠠ ᠶᠢ ᠪᠡᠶᠡᠯᠡᠭᠦᠯᠪᠡ᠃ | |