ᠳᠡᠭᠡᠷ᠎ᠡ ᠬᠠᠭᠠᠰ ᠵᠢᠯ ᠳᠤ ᠰᠢᠯᠢ ᠶᠢᠨ ᠬᠤᠲᠠ ᠶᠢᠨ ᠠᠵᠤ ᠠᠬᠤᠢ ᠶᠢᠨ ᠠᠵᠢᠯᠯᠠᠭᠠᠨ ᠲᠣᠭᠲᠠᠭᠤᠨ ᠢᠶᠠᠷ ᠨᠡᠮᠡᠭᠳᠡᠪᠡ
ᠨᠡᠶᠢᠲᠡᠯᠡᠭᠰᠡᠨ ᠴᠠᠭ᠄
2024/7/19
     ᠳᠡᠭᠡᠷ᠎ᠡ ᠬᠠᠭᠠᠰ ᠵᠢᠯ ᠳᠤ᠂ ᠰᠢᠯᠢ ᠶᠢᠨ ᠬᠤᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠳᠡᠭᠡᠳᠦ ᠱᠠᠲᠤᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠢᠶᠠᠷ ᠬᠥᠭᠵᠢᠬᠦ ᠶᠢ ᠲᠡᠷᠢᠭᠦᠨ ᠳᠤ ᠲᠠᠯᠪᠢᠬᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠯᠬᠤᠭ᠎ᠠ ᠶᠢ ᠪᠠᠷᠢᠮᠲᠠᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠲᠡᠭᠦᠯᠳᠡᠷ᠂ ᠣᠨᠣᠪᠴᠢᠲᠠᠢ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠪᠦᠬᠦ ᠬᠤᠳᠠ ᠶᠢᠨ ᠠᠵᠤ ᠠᠬᠤᠢ ᠶᠢᠨ ᠠᠵᠢᠯᠯᠠᠭᠠᠨ ᠲᠣᠭᠲᠠᠭᠤᠨ ᠢᠶᠠᠷ ᠨᠡᠮᠡᠭᠳᠡᠵᠡᠢ᠃      ᠬᠤᠰᠢᠭᠤ ᠰᠢᠶᠠᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠨᠢᠭᠡᠳᠦᠯᠲᠡᠢ ᠲᠣᠭᠠᠴᠠᠭ᠎ᠠ ᠬᠢᠭᠰᠡᠨ ᠦᠷ᠎ᠡ ᠳ᠋ᠦᠩ ᠢ ᠦᠨᠳᠦᠰᠦᠯᠡᠪᠡᠯ᠂ ᠪᠥᠬᠦ ᠬᠤᠲᠠ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 166.53 ᠳ᠋ᠦᠩᠰᠢᠭᠤᠷ ᠲᠥᠭᠦᠷᠢᠭ ᠲᠤ ᠬᠦᠷᠴᠦ᠂ ᠥᠯᠥ ᠬᠤᠪᠢᠰᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 1.3% ᠨᠡᠮᠡᠭᠳᠡᠪᠡ᠃ ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 1.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠎ ᠬᠢ ᠠᠴᠠ 5.3% ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 86.27 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.2% ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 78.86 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠎ ᠬᠢ ᠠᠴᠠ 2.2% ᠨᠡᠮᠡᠭᠳᠡᠪᠡ᠃      ᠨᠢᠭᠡ᠂ ᠲᠠᠷᠢᠶᠠᠯᠠᠩ ᠮᠠᠯ ᠠᠵᠤ ᠠᠬᠤᠢ      ᠳᠡᠭᠡᠷ᠎ᠡ ᠬᠠᠭᠠᠰ ᠵᠢᠯ ᠳᠤ᠂ ᠪᠥᠬᠦ ᠬᠤᠲᠠ ᠶᠢᠨ ᠲᠠᠷᠢᠶᠠᠯᠠᠩ ᠣᠶ ᠰᠢᠭᠤᠢ ᠮᠠᠯ ᠠᠵᠤ ᠠᠬᠤᠢ ᠵᠢᠭᠠᠰᠤᠨ ᠠᠵᠤ ᠠᠬᠤᠢ ᠶᠢᠨ ᠦᠢᠯᠡᠳᠬᠦᠨ ᠤ ᠪᠥᠬᠦ ᠥᠷᠲᠡᠭ 2.59 ᠳ᠋ᠦᠩᠰᠢᠭᠤᠷ ᠲᠥᠭᠦᠷᠢᠭ ᠲᠤ ᠬᠦᠷᠴᠦ᠂ ᠬᠠᠷᠢᠴᠠᠭᠤᠯᠵᠤ ᠪᠣᠯᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 5.6%᠎ ᠪᠠᠷ ᠨᠡᠮᠡᠭᠳᠡᠵᠡᠢ᠃ ᠲᠠᠷᠢᠶᠠᠯᠠᠩ ᠤᠨ ᠪᠦᠲᠦᠭᠡᠭᠳᠡᠬᠦᠨ ᠤ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠷᠤᠭᠰᠢᠲᠠᠢ ᠪᠡᠶᠡᠯᠡᠭᠳᠡᠵᠦ᠂ ᠭᠤᠣᠯ ᠪᠣᠯᠬᠤ ᠲᠠᠷᠢᠮᠠᠯ ᠤᠨ ᠤᠷᠭᠤᠴᠠ ᠰᠠᠶᠢᠨ ᠪᠠᠶᠢᠵᠤ᠂ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠪᠠᠶᠢᠳᠠᠯ ᠲᠣᠭᠲᠠᠭᠤᠨ ᠪᠠᠶᠢᠨ᠎ᠠ᠃      ᠬᠤᠶᠠᠷ᠂ ᠠᠵᠤ ᠦᠢᠯᠡᠳᠪᠦᠷᠢ      ᠳᠡᠭᠡᠷ᠎ᠡ ᠬᠠᠭᠠᠰ ᠵᠢᠯ ᠳᠤ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 0.9%᠎ ᠪᠠᠷ ᠨᠡᠮᠡᠭᠳᠡᠵᠦ᠂ 6 ᠰᠠᠷ᠎ᠠ ᠳᠤ ᠲᠣᠰ ᠰᠠᠷ᠎ᠠ ᠶᠢᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 1.1%᠎ ᠪᠠᠷ ᠨᠡᠮᠡᠭᠳᠡᠪᠡ᠃ ᠭᠤᠷᠪᠠᠨ ᠶᠡᠭᠡ ᠠᠵᠢᠯ ᠲᠥᠷᠥᠯ ᠢᠶᠠᠷ ᠬᠤᠪᠢᠶᠠᠵᠤ ᠦᠵᠡᠪᠡᠯ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠭᠤᠷᠬᠠᠢ ᠮᠠᠯᠲᠠᠬᠤ ᠦᠢᠯᠡᠰ᠂ ᠦᠢᠯᠡᠳᠬᠦ ᠦᠢᠯᠡᠰ᠂ ᠴᠠᠬᠢᠯᠭᠠᠨ ᠬᠦᠴᠦᠨ ᠢᠯᠴᠢ ᠶᠢᠨ ᠬᠦᠴᠦᠨ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠨᠢ ᠲᠣᠰ ᠲᠣᠰ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠠᠳᠠᠯᠢ ᠬᠤᠭᠤᠴᠠᠭᠠᠨ ᠤ ᠬᠢ ᠠᠴᠠ 1.3%᠂ -26.5%᠂ 3.8%᠎ ᠪᠠᠷ ᠨᠡᠮᠡᠭᠳᠡᠬᠦ ᠶᠢ ᠪᠡᠶᠡᠯᠡᠭᠦᠯᠪᠡ᠃ ᠭᠤᠣᠯ ᠪᠣᠯᠬᠤ ᠠᠵᠤ ᠦᠢᠯᠡᠳᠪᠦᠷᠢ ᠶᠢᠨ ᠦᠢᠯᠡᠳᠬᠦᠨ ᠤ ᠭᠠᠷᠤᠯᠲᠠ ᠠᠴᠠ ᠦᠵᠡᠪᠡᠯ᠂ ᠨᠡᠭᠦᠷᠡᠰᠦᠨ ᠤ ᠭᠠᠷᠤᠯᠲᠠ ᠠᠳᠠᠯᠢ ᠬᠤᠭᠤᠴᠠᠭᠠᠨ ᠤ ᠬᠢ ᠠᠴᠠ 14.7%᠎ ᠪᠠᠷ ᠨᠡᠮᠡᠭᠳᠡᠵᠡᠢ᠃ ᠴᠠᠬᠢᠯᠭᠠᠨ ᠭᠠᠷᠭᠠᠯᠲᠠ ᠶᠢᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 2.1% ᠨᠡᠮᠡᠭᠳᠡᠪᠡ᠃ ᠢᠯᠴᠢ ᠬᠠᠩᠭᠠᠬᠤ ᠬᠡᠮᠵᠢᠶ᠎ᠡ ᠠᠳᠠᠯᠢ ᠬᠤᠭᠤᠴᠠᠭᠠᠨ ᠤ ᠎ ᠬᠢ ᠠᠴᠠ 7.2% ᠨᠡᠮᠡᠭᠳᠡᠪᠡ᠃ ᠲᠦᠭᠡᠭᠡᠯ ᠤᠰᠤᠨ ᠤ ᠭᠠᠷᠤᠯᠲᠠ ᠠᠳᠠᠯᠢ ᠬᠤᠭᠤᠴᠠᠭᠠᠨ ᠤ ᠬᠢ ᠠᠴᠠ 3.2% ᠨᠡᠮᠡᠭᠳᠡᠪᠡ᠃ ᠴᠠᠭᠠᠨ ᠢᠳᠡᠭᠡᠨ ᠤ ᠭᠠᠷᠤᠯᠲᠠ ᠠᠳᠠᠯᠢ ᠬᠤᠭᠤᠴᠠᠭᠠᠨ ᠤ ᠬᠢ ᠠᠴᠠ 9.9% ᠨᠡᠮᠡᠭᠳᠡᠪᠡ᠃      ᠭᠤᠷᠪᠠ᠂ ᠦᠢᠯᠡᠴᠢᠯᠡᠭᠡᠨ ᠤ ᠦᠢᠯᠡᠰ      ᠪᠥᠬᠦ ᠬᠤᠲᠠ ᠶᠢᠨ ᠦᠢᠯᠡᠴᠢᠯᠡᠭᠡᠨ ᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 2.2%᠎ ᠪᠠᠷ ᠨᠡᠮᠡᠭᠳᠡᠪᠡ᠃ ᠡᠭᠦᠨ ᠳᠤ᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ ᠠᠳᠠᠯᠢ ᠬᠤᠭᠤᠴᠠᠭᠠᠨ ᠤ ᠬᠢ ᠠᠴᠠ 2.4%᠎ ᠪᠠᠷ ᠪᠠᠭᠤᠷᠠᠵᠤ᠂ ᠬᠤᠨᠤᠭ ᠪᠠᠭᠤᠳᠠᠯ ᠢᠳᠡᠭᠡᠨ ᠤᠮᠳᠠᠭᠠᠨ ᠤ ᠦᠢᠯᠡᠰ ᠠᠳᠠᠯᠢ ᠬᠤᠭᠤᠴᠠᠭᠠᠨ ᠤ ᠬᠢ ᠠᠴᠠ 1.4%᠎ ᠪᠠᠷ ᠨᠡᠮᠡᠭᠳᠡᠵᠦ᠂ ᠵᠠᠮ ᠲᠡᠭᠡᠭᠡᠪᠦᠷᠢ᠂ ᠬᠥᠮᠥᠷᠭᠡᠯᠡᠯᠲᠡ ᠪᠠ ᠰᠢᠤᠳᠠᠨ ᠤ ᠦᠢᠯᠡᠰ ᠠᠳᠠᠯᠢ ᠬᠤᠭᠤᠴᠠᠭᠠᠨ ᠤ ᠬᠢ ᠠᠴᠠ 0.1%᠎ ᠪᠠᠷ ᠪᠠᠭᠤᠷᠠᠵᠤ᠂ ᠮᠥᠩᠭᠦᠨ ᠭᠦᠢᠯᠭᠡᠭᠡᠨ ᠤ ᠦᠢᠯᠡᠰ ᠠᠳᠠᠯᠢ ᠬᠤᠭᠤᠴᠠᠭᠠᠨ ᠤ ᠬᠢ ᠠᠴᠠ 8.1%᠎ ᠪᠠᠷ ᠨᠡᠮᠡᠭᠳᠡᠵᠦ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠦᠢᠯᠡᠰ ᠠᠳᠠᠯᠢ ᠬᠤᠭᠤᠴᠠᠭᠠᠨ ᠤ ᠬᠢ ᠠᠴᠠ 2.3%᠎ ᠪᠠᠷ ᠪᠠᠭᠤᠷᠠᠵᠤ᠂ ᠠᠰᠢᠭ ᠬᠤᠨᠵᠢᠪᠤᠷᠢ ᠶᠢᠨ ᠴᠢᠨᠠᠷᠲᠠᠢ ᠦᠢᠯᠡᠴᠢᠯᠡᠭᠡᠨ ᠤ ᠦᠢᠯᠡᠰ ᠠᠳᠠᠯᠢ ᠬᠤᠭᠤᠴᠠᠭᠠᠨ ᠤ ᠬᠢ ᠠᠴᠠ 9.3%᠎ ᠪᠠᠷ ᠨᠡᠮᠡᠭᠳᠡᠵᠦ᠂ ᠠᠰᠢᠭ ᠬᠤᠨᠵᠢᠪᠤᠷᠢ ᠶᠢᠨ ᠪᠤᠰᠤ ᠴᠢᠨᠠᠷᠲᠠᠢ ᠦᠢᠯᠡᠴᠢᠯᠡᠭᠡᠨ ᠤ ᠦᠢᠯᠡᠰ ᠠᠳᠠᠯᠢ ᠬᠤᠭᠤᠴᠠᠭᠠᠨ ᠤ ᠬᠢ ᠠᠴᠠ 1.5%᠎ ᠪᠠᠷ ᠨᠡᠮᠡᠭᠳᠡᠵᠡᠢ᠃      ᠳᠥᠷᠪᠡ᠂ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ      ᠪᠥᠬᠦ ᠬᠤᠲᠠ ᠶᠢᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 46.02 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.7% ᠨᠡᠮᠡᠭᠳᠡᠪᠡ᠃ ᠪᠣᠷᠤᠯᠠᠭᠤᠯᠭ᠎ᠠ ᠶᠢᠨ ᠭᠠᠵᠠᠷ ᠣᠷᠣᠨ ᠢᠶᠠᠷ ᠬᠤᠪᠢᠶᠠᠪᠠᠯ᠄ ᠬᠤᠲᠠ ᠪᠠᠯᠭᠠᠰᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 42.43 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.7%᠎ ᠪᠠᠷ ᠨᠡᠮᠡᠭᠳᠡᠪᠡ᠃ ᠮᠠᠯᠵᠢᠬᠤ ᠲᠠᠷᠢᠶᠠᠯᠠᠬᠤ ᠣᠷᠣᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 3.59 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.2% ᠨᠡᠮᠡᠭᠳᠡᠪᠡ ᠃ ᠬᠡᠷᠡᠭᠯᠡᠭᠡᠨ ᠤ ᠲᠥᠷᠥᠯ ᠵᠦᠢᠯ ᠢᠶᠠᠷ ᠬᠤᠪᠢᠶᠠᠪᠠᠯ᠄ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ 41.42 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.3% ᠨᠡᠮᠡᠭᠳᠡᠪᠡ᠃ ᠢᠳᠡᠭᠡᠨ ᠤᠮᠳᠠᠭᠠᠨ ᠤ ᠣᠷᠣᠯᠭ᠎ᠠ 4.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5% ᠨᠡᠮᠡᠭᠳᠡᠪᠡ᠃      ᠲᠠᠪᠤ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ      ᠪᠥᠬᠦ ᠬᠤᠲᠠ ᠶᠢᠨ ᠪᠥᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 44% ᠨᠡᠮᠡᠭᠳᠡᠪᠡ᠃ ᠡᠭᠦᠨ ᠳᠤ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠵᠦᠢᠯᠡᠰ ᠤᠨ ᠪᠡᠶᠡᠯᠡᠭᠦᠯᠦᠭᠰᠡᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 48.7%᠎ ᠪᠠᠷ ᠨᠡᠮᠡᠭᠳᠡᠪᠡ᠃ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠲᠥᠷᠥᠯ ᠵᠦᠢᠯ ᠤᠨ ᠪᠡᠶᠡᠯᠡᠭᠦᠯᠦᠭᠰᠡᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠪᠡᠯᠡ ᠣᠷᠣᠭᠤᠯᠤᠯᠲᠠ 88.1%᠎ ᠪᠠᠷ ᠪᠠᠭᠤᠷᠠᠵᠤ᠂ ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ 64.8%᠎ ᠪᠠᠷ ᠨᠡᠮᠡᠭᠳᠡᠨ᠂ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ 1.1%᠎ ᠪᠠᠷ ᠨᠡᠮᠡᠭᠳᠡᠪᠡ᠃ ᠪᠥᠬᠦ ᠬᠤᠲᠠ ᠶᠢᠨ ᠲᠠᠸᠠᠷ ᠤᠨ ᠭᠡᠷ ᠪᠠᠶᠢᠰᠢᠩ ᠤᠨ ᠪᠣᠷᠣᠯᠠᠭᠤᠯᠤᠯᠲᠠ ᠶᠢᠨ ᠲᠠᠯᠠᠪᠠᠶ 14.6 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 33.9%᠎ ᠪᠠᠷ ᠪᠠᠭᠤᠷᠠᠪᠠ᠃ ᠲᠠᠸᠠᠷ ᠤᠨ ᠭᠡᠷ ᠪᠠᠶᠢᠰᠢᠩ ᠤᠨ ᠪᠣᠷᠣᠯᠠᠭᠤᠯᠤᠯᠲᠠ ᠶᠢᠨ ᠬᠡᠮᠵᠢᠶ᠎ᠡ 7.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 29.8%᠎ ᠪᠠᠷ ᠪᠠᠭᠤᠷᠠᠪᠠ᠃      ᠵᠢᠷᠭᠤᠭ᠎ᠠ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ      ᠪᠥᠬᠦ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 26194 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.3% ᠨᠡᠮᠡᠭᠳᠡᠵᠡᠢ᠃ ᠡᠭᠦᠨ ᠳᠤ᠂ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 27449 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.8% ᠨᠡᠮᠡᠭᠳᠡᠪᠡ︔ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 9872 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.5% ᠨᠡᠮᠡᠭᠳᠡᠪᠡ᠃      ᠶᠡᠷᠦᠩᠬᠡᠢ ᠳᠤᠨᠢ ᠠᠪᠴᠤ ᠦᠵᠡᠪᠡᠯ᠂ ᠳᠡᠭᠡᠷ᠎ᠡ ᠬᠠᠭᠠᠰ ᠵᠢᠯ ᠳᠤ ᠪᠥᠬᠦ ᠬᠤᠲᠠ ᠶᠢᠨ ᠠᠵᠤ ᠠᠬᠤᠢ ᠳᠤ ᠲᠣᠭᠲᠠᠭᠤᠨ ᠪᠠᠶᠢᠬᠤ ᠶᠢᠨ ᠵᠡᠷᠭᠡ ᠳᠤ ᠤᠷᠤᠭᠰᠢᠯᠠᠭᠰᠠᠨ ᠰᠠᠶᠢᠨ ᠪᠠᠶᠢᠳᠠᠯ ᠢᠯᠡᠷᠡᠵᠡᠢ᠃ ᠡᠭᠦᠨ ᠤ ᠵᠡᠷᠭᠡᠴᠡᠭᠡ ᠪᠠᠷ᠂ ᠣᠳᠣᠬᠠᠨ ᠳᠤ ᠲᠣᠭᠲᠠᠭᠤᠨ ᠪᠤᠰᠤ ᠲᠣᠭᠲᠠᠭᠠᠯᠲᠤ ᠪᠤᠰᠤ ᠬᠦᠴᠦᠨ ᠵᠦᠢᠯ ᠮᠥᠨ ᠯᠡ ᠨᠡᠯᠢᠶᠡᠳ ᠤᠯᠠᠨ ᠪᠠᠶᠢᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠮᠥᠨ ᠯᠡ ᠬᠦᠷᠦᠯᠴᠡᠬᠦ ᠦᠭᠡᠢ ᠪᠠᠶᠢᠵᠤ᠂ ᠠᠵᠤ ᠠᠬᠤᠢ ᠶᠢᠨ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠬᠦ ᠶᠢᠨ ᠰᠠᠭᠤᠷᠢ ᠪᠠᠰᠠ ᠪᠠᠲᠤ ᠪᠠᠬᠢ ᠪᠢᠰᠢ ᠪᠠᠶᠢᠬᠤ ᠶᠢ ᠴᠤ ᠣᠯᠵᠤ ᠬᠠᠷᠠᠬᠤ ᠬᠡᠷᠡᠭᠲᠡᠢ᠃ ᠲᠠᠷᠠᠭᠠᠴᠢ ᠶᠢᠨ ᠠᠯᠬᠤᠮ ᠳᠤ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ ᠪᠠᠶᠢᠵᠤ᠂ ᠪᠦᠬᠦ ᠲᠠᠯ᠎ᠠ ᠪᠠᠷ ᠲᠤᠤᠱᠯᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ ᠤᠷᠢᠳᠴᠢᠯᠠᠨ ᠬᠦᠴᠦᠯᠡᠵᠦ ᠪᠦᠲᠦᠮᠵᠢᠲᠡᠢ ᠨᠠᠶᠢᠳᠠᠪᠤᠷᠢᠵᠢᠭᠤᠯᠵᠤ᠂ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠎ ᠢ ᠰᠠᠶᠢᠲᠤᠷ ᠬᠡᠷᠡᠭᠵᠢᠭᠦᠯᠵᠦ᠂ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号