ᠮᠠᠯ ᠤᠨ ᠬᠤᠭᠤᠷᠣᠨᠳᠣᠬᠢ ᠪᠷᠦ᠋ᠼᠧᠯ ᠤᠨ ᠡᠪᠡᠳᠴᠢᠨ ᠪᠠ ᠬᠥᠮᠦᠨ ᠤ ᠬᠤᠭᠤᠷᠣᠨᠳᠣᠬᠢ ᠪᠷᠦ᠋ᠼᠧᠯ ᠤᠨ | ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠦᠨᠡᠨ ᠬᠦ ᠰᠠᠶᠢᠲᠤᠷ ᠬᠢᠵᠦ᠂ ᠮᠠᠯ ᠠᠵᠤ ᠠᠬᠤᠶ ᠶᠢᠨ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠵᠤ᠂ ᠮᠠᠯᠴᠢᠨ ᠲᠦᠮᠡᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠦᠨᠡᠨ ᠬᠦ | ᠪᠠᠲᠤᠯᠠᠬᠤ ᠶᠢᠨ ᠲᠥᠯᠥᠭᠡ᠂ ︽ᠰᠢᠯᠢ ᠶᠢᠨ ᠬᠤᠲᠠ ᠶᠢᠨ 2024 ᠣᠨ ᠤ ᠮᠠᠯ ᠤᠨ ᠬᠤᠭᠤᠷᠣᠨᠳᠣᠬᠢ | ᠪᠷᠦ᠋ᠼᠧᠯ ᠤᠨᠡᠪᠡᠳᠴᠢᠨ ᠤ ᠣᠭ ᠦᠨᠳᠦᠰᠦ ᠶᠢ ᠤᠰᠠᠳᠬᠠᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ ᠤᠨ | ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ 7 ᠰᠠᠷ᠎ᠠ ᠶᠢᠨ 11 ᠤ ᠡᠳᠦᠷ ᠠᠴᠠ ᠡᠬᠢᠯᠡᠨ᠂ ᠪᠠᠶᠠᠨᠪᠤᠯᠠᠭ | ᠰᠤᠮᠤᠨ ᠤ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠢ ᠲᠦᠭᠡᠮᠡᠯᠵᠢᠭᠦᠯᠦᠨ ᠦᠢᠯᠡᠴᠢᠯᠡᠬᠦ ᠲᠥᠪ ᠭᠠᠴᠠᠭᠠᠨ ᠤ | ᠬᠢᠵᠢᠭ ᠰᠡᠷᠭᠡᠶᠢᠯᠡᠭᠴᠢ ᠶᠢ ᠴᠤᠭᠯᠠᠭᠤᠯᠤᠨ ᠳᠤᠭᠤᠶᠢᠯᠠᠩ ᠬᠤᠪᠢᠶᠠᠵᠤ ᠂ ᠰᠤᠮᠤᠨ ᠤ ᠬᠠᠷᠢᠶᠠᠨ ᠳᠠᠬᠢ ᠲᠡᠵᠢᠭᠡᠨ | ᠦᠷᠡᠵᠢᠭᠦᠯᠬᠦ ᠮᠠᠯ ᠰᠦᠷᠦᠭ ᠲᠤ ᠴᠠᠭ ᠲᠤᠬᠠᠶ ᠳᠤᠨᠢ ᠪᠷᠦ᠋ᠼᠧᠯ ᠤᠨ ᠡᠪᠡᠳᠴᠢᠨ ᠢ ᠬᠢᠨᠠᠨ ᠬᠡᠮᠵᠢᠵᠦ ᠴᠢᠰᠤ ᠠᠪᠬᠤ᠂ | ᠳᠠᠩᠰᠠᠯᠠᠬᠤ ᠠᠵᠢᠯ ᠢ ᠬᠢᠪᠡ᠃ | ᠲᠣᠰ ᠤᠳᠠᠭᠠᠨ ᠤ ᠬᠢᠨᠠᠨ ᠬᠡᠮᠵᠢᠵᠦ ᠴᠢᠰᠤ ᠠᠪᠬᠤ᠂ ᠳᠠᠩᠰᠠᠯᠠᠬᠤ ᠠᠵᠢᠯ ᠨᠢ ᠠᠮᠢᠲᠠᠨ ᠤ ᠬᠢᠵᠢᠭ ᠡᠪᠡᠳᠴᠢᠨ ᠤ | ᠬᠠᠯᠳᠠᠪᠤᠷᠢᠯᠠᠬᠤ ᠵᠠᠮ ᠢ ᠪᠦᠲᠦᠮᠵᠢᠲᠡᠶ ᠲᠡᠰᠦᠯᠵᠦ᠂ ᠠᠮᠢᠲᠠᠨ ᠤ ᠬᠢᠵᠢᠭ ᠡᠪᠡᠳᠴᠢᠨ ᠡᠭᠦᠰᠬᠦ ᠲᠦᠭᠰᠢᠭᠦᠷᠢ ᠶᠢ | ᠤᠯᠠᠮ ᠨᠢᠭᠡ ᠠᠯᠬᠤᠮ ᠪᠠᠭᠤᠷᠠᠭᠤᠯᠵᠤ᠂ ᠪᠥᠬᠦ ᠰᠤᠮᠤᠨ ᠤ ᠮᠠᠯ ᠠᠵᠤ ᠠᠬᠤᠶ ᠶᠢᠨ ᠠᠵᠤ ᠦᠢᠯᠡᠰ ᠤᠨ ᠲᠣᠭᠲᠠᠭᠤᠨ | ᠪᠥᠭᠡᠳ ᠡᠷᠡᠭᠦᠯ ᠢᠶᠠᠷ ᠬᠥᠭᠵᠢᠬᠦ ᠳᠤ ᠰᠠᠶᠢᠨ ᠰᠠᠶᠢᠬᠠᠨ ᠰᠠᠭᠤᠷᠢ ᠶᠢ ᠲᠠᠯᠪᠢᠵᠤ ᠥᠭᠭᠦᠭᠰᠡᠨ ᠪᠠᠶᠢᠨ᠎ᠠ᠃ | | | | | | | | | | |