ᠰᠥᠨᠢᠳ ᠪᠠᠷᠠᠭᠤᠨ ᠬᠤᠰᠢᠭᠤ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠠᠴᠠ ᠠᠪᠤᠷᠠᠬᠤ ᠠᠵᠢᠯ ᠢ ᠪᠦᠭᠦ ᠬᠦᠴᠦᠨ ᠢᠶᠠᠷ ᠠᠳᠬᠤᠵᠤ ᠪᠠᠶᠢᠨ᠎ᠠ
ᠨᠡᠶᠢᠲᠡᠯᠡᠭᠰᠡᠨ ᠴᠠᠭ᠄
2024/7/20
     ᠡᠨᠡ ᠵᠢᠯ ᠰᠥᠨᠢᠳ ᠪᠠᠷᠠᠭᠤᠨ ᠬᠤᠰᠢᠭᠤᠨ ᠤ ᠲᠤᠨᠳᠠᠰᠤᠨ ᠤ ᠬᠡᠮᠵᠢᠶ᠎ᠡ ᠪᠠᠭ᠎ᠠ᠂ ᠠᠭᠠᠷ ᠤᠨ ᠳᠤᠯᠠᠭᠠᠨ ᠥᠨᠳᠥᠷ᠂ ᠶᠡᠭᠡ ᠰᠠᠯᠬᠢ᠂ ᠡᠯᠡᠰᠦᠨ ᠰᠢᠭᠤᠷᠭ᠎ᠠ ᠲᠠᠢ ᠡᠳᠦᠷ ᠮᠡᠳᠡᠭᠳᠡᠮ᠎ᠡ ᠣᠯᠠᠰᠢᠷᠠᠵᠤ᠂ ᠣᠯᠠᠩᠬᠢ ᠭᠠᠵᠠᠷ ᠭᠠᠩᠳᠠᠭᠰᠠᠨ ᠪᠠᠶᠢᠨ᠎ᠠ᠃ ᠰᠥᠨᠢᠳ ᠪᠠᠷᠠᠭᠤᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ ᠭᠤᠷᠪᠠᠳᠤᠭᠠᠷ ᠲᠡᠰ ᠤᠨ ᠭᠠᠩ ᠲᠠᠢ ᠲᠡᠮᠡᠴᠡᠵᠦ ᠪᠠᠴᠢᠮ ᠪᠠᠶᠢᠳᠠᠯ ᠢ ᠠᠷᠭᠠᠴᠠᠭᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠡᠪᠡᠰᠦ ᠪᠣᠷᠳᠤᠭ᠎ᠠ ᠨᠥᠭᠡᠴᠡᠯᠡᠬᠦ᠂ ᠡᠳ᠋ ᠪᠣᠳᠠᠰ ᠬᠠᠨᠳᠢᠪᠯᠡᠬᠤ᠂ ᠬᠤᠳᠳᠤᠭ ᠤᠰᠤ ᠶᠢᠨ ᠪᠦᠲᠦᠭᠡᠨ ᠪᠠᠶᠢᠭᠤᠯᠤᠯᠲᠠ᠂ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠤᠨ ᠨᠥᠭᠡᠴᠡ ᠶᠢ ᠪᠠᠲᠤᠯᠠᠬᠤ ᠵᠡᠷᠭᠡ ᠠᠵᠢᠯ ᠢ ᠰᠠᠶᠢᠲᠤᠷ ᠬᠢᠵᠦ ᠪᠠᠶᠢᠨ᠎ᠠ᠃ 2023 ᠣᠨ ᠤ 8 ᠰᠠᠷ᠎ᠠ ᠠᠴᠠ ᠨᠠᠭᠠᠰᠢ᠂ ᠳᠡᠭᠡᠳᠦ ᠱᠠᠲᠤᠨ ᠠᠴᠠ ᠰᠥᠨᠢᠳ ᠪᠠᠷᠠᠭᠤᠨ ᠬᠤᠰᠢᠭᠤᠨ ᠳᠤ ᠲᠠᠷᠢᠶᠠᠯᠠᠩ ᠮᠠᠯ ᠠᠵᠤ ᠠᠬᠤᠢ ᠶᠢᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠪᠡᠯᠡ ᠮᠥᠩᠭᠦ ᠪᠠ ᠤᠰᠤᠨ ᠠᠰᠢᠭᠯᠠᠯᠲᠠ ᠶᠢᠨ ᠭᠠᠩ ᠢ ᠡᠰᠡᠷᠭᠦᠴᠡᠬᠦ ᠪᠡᠯᠡ ᠮᠥᠩᠭᠦ 1433.2 ᠲᠦᠮᠡᠨ ᠲᠥᠭᠦᠷᠢᠭ ᠪᠠᠭᠤᠯᠭᠠᠵᠤ᠂ ᠪᠦᠬᠦᠨ ᠢ ᠡᠪᠡᠰᠦ ᠪᠣᠷᠳᠤᠭ᠎ᠠ ᠨᠥᠭᠡᠴᠡᠯᠡᠬᠦ᠂ ᠨᠥᠬᠦᠪᠦᠷᠢ ᠮᠥᠩᠭᠦ ᠥᠭᠬᠦ ᠵᠡᠷᠭᠡ ᠠᠵᠢᠯ ᠳᠤ ᠵᠠᠷᠤᠴᠠᠭᠤᠯᠵᠤ ᠪᠤᠢ᠃ ᠣᠳᠣᠬᠠᠨ ᠪᠤᠯᠳᠠᠯ᠎ᠠ᠂ ᠲᠤᠰ ᠬᠤᠰᠢᠭᠤ ᠨᠢᠭᠡᠨᠲᠡ 3331.79 ᠲᠤᠨ ᠡᠪᠡᠰᠦ ᠪᠣᠷᠳᠤᠭ᠎ᠠ ᠲᠣᠬᠢᠷᠠᠭᠤᠯᠤᠨ ᠵᠥᠭᠡᠭᠡᠪᠦᠷᠢᠯᠡᠵᠦ᠂ ᠪᠦᠭᠦ ᠬᠤᠰᠢᠭᠤᠨ ᠤ 11 ᠬᠤᠯᠢᠮᠠᠭ ᠪᠣᠷᠳᠤᠭ᠎ᠠ ᠦᠢᠯᠡᠳᠪᠦᠷᠢᠯᠡᠬᠦ ᠰᠠᠭᠤᠷᠢᠨ ᠳᠤ ᠲᠦᠰᠢᠭᠯᠡᠵᠦ᠂ ᠲᠤᠨ ᠪᠦᠷᠢ ᠳᠤ 300 ᠲᠥᠭᠦᠷᠢᠭ ᠨᠥᠬᠦᠪᠦᠷᠢᠯᠡᠬᠦ ᠠᠷᠭ᠎ᠠ ᠪᠠᠷ ᠬᠤᠯᠢᠮᠠᠭ ᠪᠣᠷᠳᠤᠭ᠎ᠠ ᠦᠢᠯᠡᠳᠪᠦᠷᠢᠯᠡᠬᠦ ᠶᠢ ᠲᠡᠮᠵᠢᠨ ᠵᠣᠷᠢᠭᠵᠢᠭᠤᠯᠵᠤ ᠮᠠᠯᠴᠢᠳ ᠤᠨ ᠡᠪᠡᠰᠦ ᠪᠣᠷᠳᠤᠭ᠎ᠠ ᠠᠪᠬᠤ ᠳᠤ ᠲᠤᠰᠠᠯᠠᠮᠵᠢ ᠦᠵᠡᠭᠦᠯᠵᠡᠢ᠃ ᠵᠢᠷᠦᠬᠡ ᠪᠠᠯᠭᠠᠰᠤᠨ ᠤ ᠴᠠᠭᠠᠨ᠋ᠠ᠋ᠭᠤᠯᠠ ᠭᠠᠴᠠᠭᠠᠨ ᠳᠠᠬᠢ ᠬᠤᠳᠳᠤᠭ ᠮᠠᠯᠲᠠᠬᠤ ᠠᠬᠤᠢ ᠳᠠᠯᠠᠪᠠᠢ ᠳᠤ ᠮᠠᠰᠢᠨ ᠤ ᠳᠠᠭᠤᠨ ᠬᠦᠷᠴᠢᠭᠢᠨᠡᠵᠦ᠂ ᠠᠵᠢᠯᠴᠢᠳ ᠴᠠᠭ ᠢ ᠵᠠᠪᠳᠤᠨ ᠬᠤᠳᠳᠤᠭ ᠮᠠᠯᠲᠠᠨ ᠶᠠᠭᠠᠷᠠᠵᠤ ᠪᠠᠶᠢᠯ᠎ᠠ᠃ ᠰᠥᠨᠢᠳ ᠪᠠᠷᠠᠭᠤᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶᠠᠨ ᠤ ᠳᠡᠳ᠋ ᠳᠠᠷᠤᠭ᠎ᠠ ᠷᠧᠨ ᡁᠢ ᠵᠦᠡᠭ ᠬᠡᠯᠡᠬᠦ ᠳᠡᠭᠡᠨ᠄  ︽ᠪᠢᠳᠡ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠪᠠᠷ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠠᠴᠠ ᠠᠪᠤᠷᠠᠬᠤ ᠤᠰᠤᠨ ᠠᠰᠢᠭᠯᠠᠯᠲᠠ ᠶᠢᠨ ᠳᠦᠷᠦᠯ ᠵᠦᠢᠯ ᠢ ᠢᠳᠡᠪᠬᠢᠲᠡᠢ ᠬᠡᠷᠡᠭᠵᠢᠭᠦᠯᠵᠦ ᠪᠤᠢ᠃ ᠳᠡᠭᠡᠷ᠎ᠡ ᠬᠠᠭᠠᠰ ᠵᠢᠯ ᠳᠤ ᠤᠰᠤᠨ ᠠᠰᠢᠭᠯᠠᠯᠲᠠ ᠶᠢᠨ ᠪᠡᠯᠡ ᠮᠥᠩᠭᠦ ᠶᠢ 970 ᠲᠦᠮᠡᠨ ᠲᠥᠭᠦᠷᠢᠭ ᠣᠷᠣᠭᠤᠯᠵᠤ᠂ ᠬᠤᠳᠳᠤᠭ 68᠎ ᠶᠢ ᠮᠠᠯᠲᠠᠵᠤ᠂ ᠤᠰᠤ ᠬᠠᠳᠠᠭᠠᠯᠠᠬᠤ ᠵᠣᠭᠤᠷᠢ 30᠎ ᠶᠢ ᠪᠠᠶᠢᠭᠤᠯᠵᠤ᠂ ᠤᠰᠤ ᠲᠠᠲᠠᠬᠤ ᠲᠥᠬᠦᠭᠡᠷᠦᠮᠵᠢ ᠶᠢ 190 ᠢᠵᠢ ᠰᠦᠯᠢᠶᠥᠦ ᠳᠦᠡᠭᠰᠠ 500᠎ ᠶᠢ ᠲᠠᠷᠬᠠᠭᠠᠪᠠ᠃ ᠣᠳᠣᠬᠠᠨ ᠳᠤ 10 ᠬᠤᠳᠳᠤᠭ ᠮᠠᠯᠲᠠᠵᠤ᠂ 22 ᠡᠷᠦᠭᠡ ᠳᠤ ᠤᠰᠤ ᠲᠠᠲᠠᠬᠤ ᠲᠥᠬᠦᠭᠡᠷᠦᠮᠵᠢ ᠤᠭᠰᠠᠷᠠᠬᠤ ᠳᠦᠷᠦᠯ ᠵᠦᠢᠯ ᠢ ᠶᠠᠭ ᠭᠦᠢᠴᠡᠳᠬᠡᠵᠦ ᠪᠠᠶᠢᠨ᠎ᠠ︾ ᠭᠡᠵᠡᠢ᠃ ᠮᠠᠯᠴᠢᠳ ᠤᠨ ᠰᠦᠢᠳᠦᠯ ᠬᠤᠬᠢᠷᠠᠯ ᠢ ᠪᠠᠭᠠᠰᠬᠠᠬᠤ ᠶᠢᠨ ᠲᠤᠯᠠᠳᠠ ᠡᠨᠡ ᠵᠢᠯ ᠰᠥᠨᠢᠳ ᠪᠠᠷᠠᠭᠤᠨ ᠬᠤᠰᠢᠭᠤ ᠲᠠᠷᠢᠶᠠᠯᠠᠩ ᠮᠠᠯ ᠠᠵᠤ ᠠᠬᠤᠢ ᠶᠢᠨ ᠲᠦᠷᠦ ᠶᠢᠨ ᠪᠣᠳᠣᠯᠭ᠎ᠠ ᠶᠢᠨ ᠴᠢᠨᠠᠷ ᠲᠠᠢ ᠳᠠᠭᠠᠳᠬᠠᠯ ᠲᠤᠰᠢᠶᠠᠬᠤ ᠳᠤ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ ᠵᠢᠴᠢ ᠬᠤᠰᠢᠭᠤᠨ ᠤ ᠡᠳ᠋ ᠤᠨ ᠵᠠᠰᠠᠭ ᠠᠴᠠ ᠮᠠᠯ ᠠᠵᠤ ᠠᠬᠤᠢ ᠶᠢᠨ ᠳᠠᠭᠠᠳᠬᠠᠯ ᠤᠨ 80%᠎ ᠶᠢ ᠲᠤᠰᠢᠶᠠᠵᠤ᠂ ᠮᠠᠯᠴᠢᠳ ᠳᠠᠭᠠᠳᠬᠠᠯ ᠤᠨ ᠢᠶᠠᠨ 20%᠎ ᠶᠢ ᠲᠤᠰᠢᠶᠠᠬᠤ ᠭᠡᠯᠪᠡᠷᠢ ᠪᠠᠷ ᠰᠠᠭᠠᠯᠢ ᠶᠢᠨ ᠦᠨᠢᠶᠡᠨ ᠤ ᠳᠠᠭᠠᠳᠬᠠᠯ ᠤᠨ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠡᠢ᠃ ᠲᠤᠮᠳᠠᠳᠤ ᠶᠢᠨ ᠬᠠᠮᠲᠤᠷᠠᠭᠰᠠᠨ ᠡᠳ᠋ ᠬᠥᠷᠥᠩᠭᠡ ᠶᠢᠨ ᠳᠠᠭᠠᠳᠬᠠᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠤᠮᠫᠠᠨᠢ ᠶᠢᠨ ᠬᠠᠷᠢᠭᠤᠴᠠᠯᠭᠠᠲᠠᠨ ᠵᠢᠶᠠ ᠷᠦᠢ ᠰᠢᠩ ᠰᠤᠷᠪᠤᠯᠵᠢᠯᠠᠬᠴᠢ ᠳᠤ᠄  ︽ᠮᠠᠨ ᠤ ᠺᠤᠮᠫᠠᠨᠢ ᠡᠨᠡ ᠵᠢᠯ ᠤᠨ ᠭᠠᠩ ᠤᠨ ᠪᠠᠶᠢᠳᠠᠯ ᠳᠤ ᠬᠠᠨᠳᠤᠭᠤᠯᠤᠨ ᠲᠥᠯᠥᠪᠦᠷᠢ ᠶᠢᠨ ᠪᠠᠷᠢᠮᠵᠢᠶ᠎ᠠ ᠪᠠᠨ ᠳᠣᠷᠣᠭᠰᠢᠯᠠᠭᠤᠯᠬᠤ ᠦᠭᠡᠢ᠂ ᠮᠠᠯᠴᠢᠳ ᠲᠤ ᠲᠤᠭ᠎ᠠ ᠶᠣᠰᠣᠭᠠᠷ ᠲᠥᠯᠥᠵᠦ᠂ ᠮᠠᠯᠴᠢᠳ ᠤᠨ ᠵᠣᠷᠢᠭ ᠢ ᠬᠥᠪᠴᠢᠯᠡᠵᠦ᠂ ᠮᠠᠯ ᠠᠵᠤ ᠠᠬᠤᠢ ᠶᠢᠨ ᠦᠷᠭᠦᠯᠵᠢᠯᠡᠨ ᠲᠣᠭᠲᠠᠭᠤᠨ ᠢᠶᠠᠷ ᠬᠥᠭᠵᠢᠬᠦ ᠶᠢ ᠠᠬᠢᠭᠤᠯᠤᠨ᠎ᠠ︾ ᠭᠡᠵᠦ ᠶᠠᠷᠢᠯ᠎ᠠ᠃ ᠰᠠᠶᠢᠬᠠᠨᠲᠠᠯ᠎ᠠ ᠪᠠᠯᠭᠠᠰᠤᠨ ᠤ ᠲᠦᠭᠦᠮ ᠭᠠᠴᠠᠭᠠᠨ ᠤ ᠮᠠᠯᠴᠢᠨ ᠯᠢ ᠯᠢᠶᠠᠩ᠄  ︽ᠥᠩᠭᠡᠷᠡᠬᠦ ᠵᠢᠯ ᠮᠠᠨ ᠤ ᠬᠢᠨ ᠦᠨᠢᠶᠡᠨ ᠤ ᠳᠠᠭᠠᠳᠬᠠᠯ ᠲᠤᠰᠢᠶᠠᠭᠰᠠᠨ ᠪᠣᠯᠬᠤᠷ ᠡᠪᠡᠳᠴᠢᠨ ᠭᠡᠮ ᠢᠶᠠᠷ ᠰᠦᠢᠳᠦᠭᠰᠡᠨ ᠦᠨᠢᠶ᠎ᠡ ᠪᠠᠨ ᠳᠠᠭᠠᠳᠬᠠᠯ ᠢᠶᠠᠷ ᠲᠥᠯᠥᠭᠦᠯᠵᠡᠢ᠃ ᠡᠨᠡ ᠵᠢᠯ ᠴᠦ ᠳᠠᠭᠠᠳᠬᠠᠯ ᠤᠨ ᠺᠤᠮᠫᠠᠨᠢ ᠶᠢᠨ ᠠᠵᠢᠯᠲᠠᠳ ᠲᠤᠰᠬᠠᠶᠢᠯᠠᠨ ᠢᠷᠡᠵᠦ ᠪᠢᠳᠡᠨ ᠳᠤ ᠪᠠᠰᠠ ᠲᠦᠷᠦ ᠶᠢᠨ ᠪᠣᠳᠣᠯᠭ᠎ᠠ ᠶᠢᠨ ᠲᠠᠯ᠎ᠠ ᠳᠤ ᠤᠯᠠᠨ ᠲᠠᠶᠢᠯᠤᠮᠵᠢ ᠬᠢᠭᠰᠡᠨ᠃ ᠡᠨᠡ ᠪᠣᠯ ᠶᠣᠰᠣᠲᠠᠢ ᠮᠠᠯᠴᠢᠳ ᠲᠤ ᠠᠰᠢᠭᠲᠠᠢ ᠲᠦᠷᠦ ᠶᠢᠨ ᠪᠣᠳᠣᠯᠭ᠎ᠠ ᠰᠢᠦ︾ ᠭᠡᠯ᠎ᠡ᠃ ᠣᠶᠢᠯᠠᠭᠠᠭᠰᠠᠨ ᠢᠶᠠᠷ᠂ ᠣᠳᠣᠬᠠᠨ ᠪᠤᠯᠳᠠᠯ᠎ᠠ ᠲᠤᠮᠳᠠᠳᠤ ᠶᠢᠨ ᠬᠠᠮᠲᠤᠷᠠᠭᠰᠠᠨ ᠡᠳ᠋ ᠬᠥᠷᠥᠩᠭᠡ ᠶᠢᠨ ᠳᠠᠭᠠᠳᠬᠠᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠤᠮᠫᠠᠨᠢ ᠶᠢᠨ ᠰᠥᠨᠢᠳ ᠪᠠᠷᠠᠭᠤᠨ ᠬᠤᠰᠢᠭᠤᠨ ᠤ ᠬᠤᠪᠢᠶᠠᠷᠢ ᠺᠤᠮᠫᠠᠨᠢ ᠪᠣᠯᠣᠨ ᠠᠨ ᠬᠤᠸᠠ ᠲᠠᠷᠢᠶᠠᠯᠠᠩ ᠦᠢᠯᠡᠰ ᠤᠨ ᠳᠠᠭᠠᠳᠬᠠᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠤᠮᠫᠠᠨᠢ ᠪᠦᠭᠦ ᠬᠤᠰᠢᠭᠤᠨ ᠤ 7 ᠰᠤᠮᠤ ᠪᠠᠯᠭᠠᠰᠤ ᠶᠢᠨ 811 ᠮᠠᠯᠵᠢᠬᠤ ᠡᠷᠦᠭᠡ ᠶᠢᠨ 25850 ᠦᠨᠢᠶ᠎ᠡ ᠶᠢ ᠳᠠᠭᠠᠳᠬᠠᠯ ᠳᠤ ᠣᠷᠣᠭᠤᠯᠤᠭᠰᠠᠨ ᠪᠠᠶᠢᠨ᠎ᠠ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号