ᠰᠥᠨᠢᠳ ᠪᠠᠷᠠᠭᠤᠨ ᠬᠤᠰᠢᠭᠤ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠠᠴᠠ ᠠᠪᠤᠷᠠᠬᠤ ᠠᠵᠢᠯ ᠢ ᠪᠦᠭᠦ ᠬᠦᠴᠦᠨ ᠢᠶᠠᠷ ᠠᠳᠬᠤᠵᠤ ᠪᠠᠶᠢᠨ᠎ᠠ
ᠨᠡᠶᠢᠲᠡᠯᠡᠭᠰᠡᠨ ᠴᠠᠭ᠄
2024/7/20
     ᠡᠨᠡ ᠵᠢᠯ ᠰᠥᠨᠢᠳ ᠪᠠᠷᠠᠭᠤᠨ ᠬᠤᠰᠢᠭᠤᠨ ᠤ ᠲᠤᠨᠳᠠᠰᠤᠨ ᠤ ᠬᠡᠮᠵᠢᠶ᠎ᠡ ᠪᠠᠭ᠎ᠠ᠂ ᠠᠭᠠᠷ ᠤᠨ ᠳᠤᠯᠠᠭᠠᠨ ᠥᠨᠳᠥᠷ᠂ ᠶᠡᠭᠡ ᠰᠠᠯᠬᠢ᠂ ᠡᠯᠡᠰᠦᠨ ᠰᠢᠭᠤᠷᠭ᠎ᠠ ᠲᠠᠢ ᠡᠳᠦᠷ ᠮᠡᠳᠡᠭᠳᠡᠮ᠎ᠡ ᠣᠯᠠᠰᠢᠷᠠᠵᠤ᠂ ᠣᠯᠠᠩᠬᠢ ᠭᠠᠵᠠᠷ ᠭᠠᠩᠳᠠᠭᠰᠠᠨ ᠪᠠᠶᠢᠨ᠎ᠠ᠃ ᠰᠥᠨᠢᠳ ᠪᠠᠷᠠᠭᠤᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ ᠭᠤᠷᠪᠠᠳᠤᠭᠠᠷ ᠲᠡᠰ ᠤᠨ ᠭᠠᠩ ᠲᠠᠢ ᠲᠡᠮᠡᠴᠡᠵᠦ ᠪᠠᠴᠢᠮ ᠪᠠᠶᠢᠳᠠᠯ ᠢ ᠠᠷᠭᠠᠴᠠᠭᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠡᠪᠡᠰᠦ ᠪᠣᠷᠳᠤᠭ᠎ᠠ ᠨᠥᠭᠡᠴᠡᠯᠡᠬᠦ᠂ ᠡᠳ᠋ ᠪᠣᠳᠠᠰ ᠬᠠᠨᠳᠢᠪᠯᠡᠬᠤ᠂ ᠬᠤᠳᠳᠤᠭ ᠤᠰᠤ ᠶᠢᠨ ᠪᠦᠲᠦᠭᠡᠨ ᠪᠠᠶᠢᠭᠤᠯᠤᠯᠲᠠ᠂ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠤᠨ ᠨᠥᠭᠡᠴᠡ ᠶᠢ ᠪᠠᠲᠤᠯᠠᠬᠤ ᠵᠡᠷᠭᠡ ᠠᠵᠢᠯ ᠢ ᠰᠠᠶᠢᠲᠤᠷ ᠬᠢᠵᠦ ᠪᠠᠶᠢᠨ᠎ᠠ᠃ 2023 ᠣᠨ ᠤ 8 ᠰᠠᠷ᠎ᠠ ᠠᠴᠠ ᠨᠠᠭᠠᠰᠢ᠂ ᠳᠡᠭᠡᠳᠦ ᠱᠠᠲᠤᠨ ᠠᠴᠠ ᠰᠥᠨᠢᠳ ᠪᠠᠷᠠᠭᠤᠨ ᠬᠤᠰᠢᠭᠤᠨ ᠳᠤ ᠲᠠᠷᠢᠶᠠᠯᠠᠩ ᠮᠠᠯ ᠠᠵᠤ ᠠᠬᠤᠢ ᠶᠢᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠪᠡᠯᠡ ᠮᠥᠩᠭᠦ ᠪᠠ ᠤᠰᠤᠨ ᠠᠰᠢᠭᠯᠠᠯᠲᠠ ᠶᠢᠨ ᠭᠠᠩ ᠢ ᠡᠰᠡᠷᠭᠦᠴᠡᠬᠦ ᠪᠡᠯᠡ ᠮᠥᠩᠭᠦ 1433.2 ᠲᠦᠮᠡᠨ ᠲᠥᠭᠦᠷᠢᠭ ᠪᠠᠭᠤᠯᠭᠠᠵᠤ᠂ ᠪᠦᠬᠦᠨ ᠢ ᠡᠪᠡᠰᠦ ᠪᠣᠷᠳᠤᠭ᠎ᠠ ᠨᠥᠭᠡᠴᠡᠯᠡᠬᠦ᠂ ᠨᠥᠬᠦᠪᠦᠷᠢ ᠮᠥᠩᠭᠦ ᠥᠭᠬᠦ ᠵᠡᠷᠭᠡ ᠠᠵᠢᠯ ᠳᠤ ᠵᠠᠷᠤᠴᠠᠭᠤᠯᠵᠤ ᠪᠤᠢ᠃ ᠣᠳᠣᠬᠠᠨ ᠪᠤᠯᠳᠠᠯ᠎ᠠ᠂ ᠲᠤᠰ ᠬᠤᠰᠢᠭᠤ ᠨᠢᠭᠡᠨᠲᠡ 3331.79 ᠲᠤᠨ ᠡᠪᠡᠰᠦ ᠪᠣᠷᠳᠤᠭ᠎ᠠ ᠲᠣᠬᠢᠷᠠᠭᠤᠯᠤᠨ ᠵᠥᠭᠡᠭᠡᠪᠦᠷᠢᠯᠡᠵᠦ᠂ ᠪᠦᠭᠦ ᠬᠤᠰᠢᠭᠤᠨ ᠤ 11 ᠬᠤᠯᠢᠮᠠᠭ ᠪᠣᠷᠳᠤᠭ᠎ᠠ ᠦᠢᠯᠡᠳᠪᠦᠷᠢᠯᠡᠬᠦ ᠰᠠᠭᠤᠷᠢᠨ ᠳᠤ ᠲᠦᠰᠢᠭᠯᠡᠵᠦ᠂ ᠲᠤᠨ ᠪᠦᠷᠢ ᠳᠤ 300 ᠲᠥᠭᠦᠷᠢᠭ ᠨᠥᠬᠦᠪᠦᠷᠢᠯᠡᠬᠦ ᠠᠷᠭ᠎ᠠ ᠪᠠᠷ ᠬᠤᠯᠢᠮᠠᠭ ᠪᠣᠷᠳᠤᠭ᠎ᠠ ᠦᠢᠯᠡᠳᠪᠦᠷᠢᠯᠡᠬᠦ ᠶᠢ ᠲᠡᠮᠵᠢᠨ ᠵᠣᠷᠢᠭᠵᠢᠭᠤᠯᠵᠤ ᠮᠠᠯᠴᠢᠳ ᠤᠨ ᠡᠪᠡᠰᠦ ᠪᠣᠷᠳᠤᠭ᠎ᠠ ᠠᠪᠬᠤ ᠳᠤ ᠲᠤᠰᠠᠯᠠᠮᠵᠢ ᠦᠵᠡᠭᠦᠯᠵᠡᠢ᠃ ᠵᠢᠷᠦᠬᠡ ᠪᠠᠯᠭᠠᠰᠤᠨ ᠤ ᠴᠠᠭᠠᠨ᠋ᠠ᠋ᠭᠤᠯᠠ ᠭᠠᠴᠠᠭᠠᠨ ᠳᠠᠬᠢ ᠬᠤᠳᠳᠤᠭ ᠮᠠᠯᠲᠠᠬᠤ ᠠᠬᠤᠢ ᠳᠠᠯᠠᠪᠠᠢ ᠳᠤ ᠮᠠᠰᠢᠨ ᠤ ᠳᠠᠭᠤᠨ ᠬᠦᠷᠴᠢᠭᠢᠨᠡᠵᠦ᠂ ᠠᠵᠢᠯᠴᠢᠳ ᠴᠠᠭ ᠢ ᠵᠠᠪᠳᠤᠨ ᠬᠤᠳᠳᠤᠭ ᠮᠠᠯᠲᠠᠨ ᠶᠠᠭᠠᠷᠠᠵᠤ ᠪᠠᠶᠢᠯ᠎ᠠ᠃ ᠰᠥᠨᠢᠳ ᠪᠠᠷᠠᠭᠤᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶᠠᠨ ᠤ ᠳᠡᠳ᠋ ᠳᠠᠷᠤᠭ᠎ᠠ ᠷᠧᠨ ᡁᠢ ᠵᠦᠡᠭ ᠬᠡᠯᠡᠬᠦ ᠳᠡᠭᠡᠨ᠄  ︽ᠪᠢᠳᠡ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠪᠠᠷ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠠᠴᠠ ᠠᠪᠤᠷᠠᠬᠤ ᠤᠰᠤᠨ ᠠᠰᠢᠭᠯᠠᠯᠲᠠ ᠶᠢᠨ ᠳᠦᠷᠦᠯ ᠵᠦᠢᠯ ᠢ ᠢᠳᠡᠪᠬᠢᠲᠡᠢ ᠬᠡᠷᠡᠭᠵᠢᠭᠦᠯᠵᠦ ᠪᠤᠢ᠃ ᠳᠡᠭᠡᠷ᠎ᠡ ᠬᠠᠭᠠᠰ ᠵᠢᠯ ᠳᠤ ᠤᠰᠤᠨ ᠠᠰᠢᠭᠯᠠᠯᠲᠠ ᠶᠢᠨ ᠪᠡᠯᠡ ᠮᠥᠩᠭᠦ ᠶᠢ 970 ᠲᠦᠮᠡᠨ ᠲᠥᠭᠦᠷᠢᠭ ᠣᠷᠣᠭᠤᠯᠵᠤ᠂ ᠬᠤᠳᠳᠤᠭ 68 ᠶᠢ ᠮᠠᠯᠲᠠᠵᠤ᠂ ᠤᠰᠤ ᠬᠠᠳᠠᠭᠠᠯᠠᠬᠤ ᠵᠣᠭᠤᠷᠢ 30 ᠶᠢ ᠪᠠᠶᠢᠭᠤᠯᠵᠤ᠂ ᠤᠰᠤ ᠲᠠᠲᠠᠬᠤ ᠲᠥᠬᠦᠭᠡᠷᠦᠮᠵᠢ ᠶᠢ 190 ᠢᠵᠢ ᠰᠦᠯᠢᠶᠥᠦ ᠳᠦᠡᠭᠰᠠ 500 ᠶᠢ ᠲᠠᠷᠬᠠᠭᠠᠪᠠ᠃ ᠣᠳᠣᠬᠠᠨ ᠳᠤ 10 ᠬᠤᠳᠳᠤᠭ ᠮᠠᠯᠲᠠᠵᠤ᠂ 22 ᠡᠷᠦᠭᠡ ᠳᠤ ᠤᠰᠤ ᠲᠠᠲᠠᠬᠤ ᠲᠥᠬᠦᠭᠡᠷᠦᠮᠵᠢ ᠤᠭᠰᠠᠷᠠᠬᠤ ᠳᠦᠷᠦᠯ ᠵᠦᠢᠯ ᠢ ᠶᠠᠭ ᠭᠦᠢᠴᠡᠳᠬᠡᠵᠦ ᠪᠠᠶᠢᠨ᠎ᠠ︾ ᠭᠡᠵᠡᠢ᠃ ᠮᠠᠯᠴᠢᠳ ᠤᠨ ᠰᠦᠢᠳᠦᠯ ᠬᠤᠬᠢᠷᠠᠯ ᠢ ᠪᠠᠭᠠᠰᠬᠠᠬᠤ ᠶᠢᠨ ᠲᠤᠯᠠᠳᠠ ᠡᠨᠡ ᠵᠢᠯ ᠰᠥᠨᠢᠳ ᠪᠠᠷᠠᠭᠤᠨ ᠬᠤᠰᠢᠭᠤ ᠲᠠᠷᠢᠶᠠᠯᠠᠩ ᠮᠠᠯ ᠠᠵᠤ ᠠᠬᠤᠢ ᠶᠢᠨ ᠲᠦᠷᠦ ᠶᠢᠨ ᠪᠣᠳᠣᠯᠭ᠎ᠠ ᠶᠢᠨ ᠴᠢᠨᠠᠷ ᠲᠠᠢ ᠳᠠᠭᠠᠳᠬᠠᠯ ᠲᠤᠰᠢᠶᠠᠬᠤ ᠳᠤ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ ᠵᠢᠴᠢ ᠬᠤᠰᠢᠭᠤᠨ ᠤ ᠡᠳ᠋ ᠤᠨ ᠵᠠᠰᠠᠭ ᠠᠴᠠ ᠮᠠᠯ ᠠᠵᠤ ᠠᠬᠤᠢ ᠶᠢᠨ ᠳᠠᠭᠠᠳᠬᠠᠯ ᠤᠨ 80% ᠶᠢ ᠲᠤᠰᠢᠶᠠᠵᠤ᠂ ᠮᠠᠯᠴᠢᠳ ᠳᠠᠭᠠᠳᠬᠠᠯ ᠤᠨ ᠢᠶᠠᠨ 20% ᠶᠢ ᠲᠤᠰᠢᠶᠠᠬᠤ ᠭᠡᠯᠪᠡᠷᠢ ᠪᠠᠷ ᠰᠠᠭᠠᠯᠢ ᠶᠢᠨ ᠦᠨᠢᠶᠡᠨ ᠤ ᠳᠠᠭᠠᠳᠬᠠᠯ ᠤᠨ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠡᠢ᠃ ᠲᠤᠮᠳᠠᠳᠤ ᠶᠢᠨ ᠬᠠᠮᠲᠤᠷᠠᠭᠰᠠᠨ ᠡᠳ᠋ ᠬᠥᠷᠥᠩᠭᠡ ᠶᠢᠨ ᠳᠠᠭᠠᠳᠬᠠᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠤᠮᠫᠠᠨᠢ ᠶᠢᠨ ᠬᠠᠷᠢᠭᠤᠴᠠᠯᠭᠠᠲᠠᠨ ᠵᠢᠶᠠ ᠷᠦᠢ ᠰᠢᠩ ᠰᠤᠷᠪᠤᠯᠵᠢᠯᠠᠬᠴᠢ ᠳᠤ᠄  ︽ᠮᠠᠨ ᠤ ᠺᠤᠮᠫᠠᠨᠢ ᠡᠨᠡ ᠵᠢᠯ ᠤᠨ ᠭᠠᠩ ᠤᠨ ᠪᠠᠶᠢᠳᠠᠯ ᠳᠤ ᠬᠠᠨᠳᠤᠭᠤᠯᠤᠨ ᠲᠥᠯᠥᠪᠦᠷᠢ ᠶᠢᠨ ᠪᠠᠷᠢᠮᠵᠢᠶ᠎ᠠ ᠪᠠᠨ ᠳᠣᠷᠣᠭᠰᠢᠯᠠᠭᠤᠯᠬᠤ ᠦᠭᠡᠢ᠂ ᠮᠠᠯᠴᠢᠳ ᠲᠤ ᠲᠤᠭ᠎ᠠ ᠶᠣᠰᠣᠭᠠᠷ ᠲᠥᠯᠥᠵᠦ᠂ ᠮᠠᠯᠴᠢᠳ ᠤᠨ ᠵᠣᠷᠢᠭ ᠢ ᠬᠥᠪᠴᠢᠯᠡᠵᠦ᠂ ᠮᠠᠯ ᠠᠵᠤ ᠠᠬᠤᠢ ᠶᠢᠨ ᠦᠷᠭᠦᠯᠵᠢᠯᠡᠨ ᠲᠣᠭᠲᠠᠭᠤᠨ ᠢᠶᠠᠷ ᠬᠥᠭᠵᠢᠬᠦ ᠶᠢ ᠠᠬᠢᠭᠤᠯᠤᠨ᠎ᠠ︾ ᠭᠡᠵᠦ ᠶᠠᠷᠢᠯ᠎ᠠ᠃ ᠰᠠᠶᠢᠬᠠᠨᠲᠠᠯ᠎ᠠ ᠪᠠᠯᠭᠠᠰᠤᠨ ᠤ ᠲᠦᠭᠦᠮ ᠭᠠᠴᠠᠭᠠᠨ ᠤ ᠮᠠᠯᠴᠢᠨ ᠯᠢ ᠯᠢᠶᠠᠩ᠄  ︽ᠥᠩᠭᠡᠷᠡᠬᠦ ᠵᠢᠯ ᠮᠠᠨ ᠤ ᠬᠢᠨ ᠦᠨᠢᠶᠡᠨ ᠤ ᠳᠠᠭᠠᠳᠬᠠᠯ ᠲᠤᠰᠢᠶᠠᠭᠰᠠᠨ ᠪᠣᠯᠬᠤᠷ ᠡᠪᠡᠳᠴᠢᠨ ᠭᠡᠮ ᠢᠶᠠᠷ ᠰᠦᠢᠳᠦᠭᠰᠡᠨ ᠦᠨᠢᠶ᠎ᠡ ᠪᠠᠨ ᠳᠠᠭᠠᠳᠬᠠᠯ ᠢᠶᠠᠷ ᠲᠥᠯᠥᠭᠦᠯᠵᠡᠢ᠃ ᠡᠨᠡ ᠵᠢᠯ ᠴᠦ ᠳᠠᠭᠠᠳᠬᠠᠯ ᠤᠨ ᠺᠤᠮᠫᠠᠨᠢ ᠶᠢᠨ ᠠᠵᠢᠯᠲᠠᠳ ᠲᠤᠰᠬᠠᠶᠢᠯᠠᠨ ᠢᠷᠡᠵᠦ ᠪᠢᠳᠡᠨ ᠳᠤ ᠪᠠᠰᠠ ᠲᠦᠷᠦ ᠶᠢᠨ ᠪᠣᠳᠣᠯᠭ᠎ᠠ ᠶᠢᠨ ᠲᠠᠯ᠎ᠠ ᠳᠤ ᠤᠯᠠᠨ ᠲᠠᠶᠢᠯᠤᠮᠵᠢ ᠬᠢᠭᠰᠡᠨ᠃ ᠡᠨᠡ ᠪᠣᠯ ᠶᠣᠰᠣᠲᠠᠢ ᠮᠠᠯᠴᠢᠳ ᠲᠤ ᠠᠰᠢᠭᠲᠠᠢ ᠲᠦᠷᠦ ᠶᠢᠨ ᠪᠣᠳᠣᠯᠭ᠎ᠠ ᠰᠢᠦ︾ ᠭᠡᠯ᠎ᠡ᠃ ᠣᠶᠢᠯᠠᠭᠠᠭᠰᠠᠨ ᠢᠶᠠᠷ᠂ ᠣᠳᠣᠬᠠᠨ ᠪᠤᠯᠳᠠᠯ᠎ᠠ ᠲᠤᠮᠳᠠᠳᠤ ᠶᠢᠨ ᠬᠠᠮᠲᠤᠷᠠᠭᠰᠠᠨ ᠡᠳ᠋ ᠬᠥᠷᠥᠩᠭᠡ ᠶᠢᠨ ᠳᠠᠭᠠᠳᠬᠠᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠤᠮᠫᠠᠨᠢ ᠶᠢᠨ ᠰᠥᠨᠢᠳ ᠪᠠᠷᠠᠭᠤᠨ ᠬᠤᠰᠢᠭᠤᠨ ᠤ ᠬᠤᠪᠢᠶᠠᠷᠢ ᠺᠤᠮᠫᠠᠨᠢ ᠪᠣᠯᠣᠨ ᠠᠨ ᠬᠤᠸᠠ ᠲᠠᠷᠢᠶᠠᠯᠠᠩ ᠦᠢᠯᠡᠰ ᠤᠨ ᠳᠠᠭᠠᠳᠬᠠᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠤᠮᠫᠠᠨᠢ ᠪᠦᠭᠦ ᠬᠤᠰᠢᠭᠤᠨ ᠤ 7 ᠰᠤᠮᠤ ᠪᠠᠯᠭᠠᠰᠤ ᠶᠢᠨ 811 ᠮᠠᠯᠵᠢᠬᠤ ᠡᠷᠦᠭᠡ ᠶᠢᠨ 25850 ᠦᠨᠢᠶ᠎ᠡ ᠶᠢ ᠳᠠᠭᠠᠳᠬᠠᠯ ᠳᠤ ᠣᠷᠣᠭᠤᠯᠤᠭᠰᠠᠨ ᠪᠠᠶᠢᠨ᠎ᠠ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号