ᠰᠢᠯᠢ ᠶᠢᠨ ᠬᠤᠲᠠ ᠨᠢ ᠰᠢᠯᠢ ᠶᠢᠨ ᠭᠤᠣᠯ ᠠᠶᠢᠮᠠᠭ ᠤᠨ 19  ᠳ᠋ᠦ᠋ᠭᠡᠷ ᠬᠤᠭᠤᠴᠠᠭᠠᠨ ᠤ ᠮᠠᠯ ᠎ ᠤᠨ ᠤᠷᠤᠯᠳᠤᠭᠠᠨ ᠳᠤ ᠰᠢᠯᠢᠳᠡᠭ ᠬᠢᠷᠢ ᠪᠦᠲᠦᠮᠵᠢ ᠣᠯᠪᠠ
ᠨᠡᠶᠢᠲᠡᠯᠡᠭᠰᠡᠨ ᠴᠠᠭ᠄
2024/7/23
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 34 ᠳ᠋ᠦ᠋ᠭᠡᠷ ᠬᠤᠭᠤᠴᠠᠭᠠᠨ ᠤ ᠲᠠᠯ᠎ᠠ ᠨᠤᠲᠤᠭ ᠤᠨ ᠨᠠᠭᠠᠳᠤᠮ ᠤᠨ ᠰᠢᠷᠢᠰ ᠠᠵᠢᠯᠯᠠᠭ᠎ᠠ ᠶᠢᠨ ᠨᠢᠭᠡ ᠪᠣᠯᠬᠤ ᠰᠢᠯᠢ ᠶᠢᠨ ᠭᠤᠣᠯ ᠠᠶᠢᠮᠠᠭ ᠤᠨ 19 ᠳ᠋ᠦ᠋ᠭᠡᠷ ᠬᠤᠭᠤᠴᠠᠭᠠᠨ ᠤ ᠮᠠᠯ ᠤᠨ ᠤᠷᠤᠯᠳᠤᠭᠠᠨ 7 ᠳ᠋ᠤᠭᠠᠷ ᠰᠠᠷ᠎ᠠ ᠶᠢᠨ 15᠎ ᠤ ᠡᠳᠦᠷ ᠲᠡᠭᠦᠰᠪᠡ᠃ ᠲᠣᠰ ᠤᠳᠠᠭᠠᠨ ᠤ ᠮᠠᠯ ᠤᠨ ᠤᠷᠤᠯᠳᠤᠭᠠᠨ ᠤ ᠴᠤᠭᠯᠠᠭᠠᠨ ᠳᠤ ᠠᠯᠠᠰᠢᠨ ᠦᠬᠡᠷ ᠠᠯᠠᠰᠢᠨ ᠬᠤᠨᠢᠨ ᠤ ᠰᠢᠯᠭᠠᠷᠠᠭᠤᠯᠤᠯᠲᠠ ᠪᠠ ᠮᠣᠩᠭᠤᠯ ᠮᠣᠷᠢᠨ ᠤ ︽ᠠᠵᠢᠨᠠᠢ ᠬᠦᠯᠦᠭ︾᠎ ᠤᠨ ᠰᠢᠯᠭᠠᠷᠠᠭᠤᠯᠤᠯᠲᠠ ᠶᠢᠨ ᠤᠷᠤᠯᠳᠤᠭᠠᠨ ᠤ 66 ᠱᠠᠩᠨᠠᠯ ᠢ ᠨᠡᠶᠢᠲᠡᠯᠡᠪᠡ᠃ ᠡᠭᠦᠨ ᠳᠤ ᠰᠢᠯᠢ ᠶᠢᠨ ᠬᠤᠲᠠ ᠶᠢᠨ ᠴᠣᠬᠠᠠᠭᠤᠯᠠ  ᠰᠣᠮᠣᠨ ᠤ  ᠣᠭ᠍ᠶᠣᠳᠣ ᠭᠠᠴᠠᠭᠠᠨ ᠤ ᠮᠠᠯᠴᠢᠨ ᠡᠩᠬᠡᠮᠡᠨᠳᠦ ᠶᠢᠨ ᠰᠣᠩᠭᠤᠨ ᠬᠦᠷᠭᠡᠭᠰᠡᠨ ᠬᠤᠶᠠᠷ ᠨᠠᠰᠤᠲᠠᠢ ᠬᠤᠶᠠᠷ ᠦᠷ᠎ᠡ ᠶᠢᠨ ᠮᠠᠯ ᠨᠢ ᠲᠣᠰ ᠲᠣᠰ ᠨᠢᠭᠡᠳᠦᠭᠡᠷ ᠪᠠ ᠭᠤᠷᠪᠠᠳᠤᠭᠠᠷ ᠨᠡᠷ᠎ᠡ ᠳᠤ ᠣᠷᠣᠵᠤ᠂ ᠬᠤᠶᠠᠷ ᠨᠠᠰᠤᠲᠠᠢ ᠨᠢᠭᠡ ᠡᠮ᠎ᠡ ᠬᠤᠨᠢ ᠨᠢ ᠬᠤᠶᠠᠳᠤᠭᠠᠷ ᠨᠡᠷ᠎ᠡ ᠳᠤ ᠣᠷᠣᠭᠰᠠᠨ ᠰᠠᠶᠢᠨ ᠬᠢᠷᠢ ᠪᠦᠲᠦᠮᠵᠢ ᠣᠯᠣᠭᠰᠠᠨ ᠪᠠᠶᠢᠨ᠎ᠠ᠃      ᠡᠩᠬᠡᠮᠡᠨᠳᠦ ᠣᠯᠠᠨ ᠵᠢᠯ ᠤᠨ ᠲᠤᠷᠰᠢ ᠰᠢᠯᠢᠳᠡᠭ ᠦᠵᠦᠮᠦᠴᠢᠨ ᠬᠤᠨᠢ ᠲᠡᠵᠢᠭᠡᠬᠦ ᠪᠠᠷ ᠭᠤᠣᠯᠯᠠᠵᠤ᠂ ᠲᠤᠬᠠᠢ ᠶᠢᠨ ᠭᠠᠵᠠᠷ ᠤᠨ ᠬᠤᠯᠠ ᠣᠶᠢᠷ᠎ᠠ ᠳᠤ ᠠᠯᠳᠠᠷᠰᠢᠭᠰᠠᠨ ᠦᠵᠦᠮᠦᠴᠢᠨ ᠬᠤᠨᠢ ᠲᠡᠵᠢᠭᠡᠨ ᠦᠷᠡᠵᠢᠭᠦᠯᠬᠦ ᠴᠢᠳᠠᠪᠤᠷᠢᠲᠠᠨ ᠪᠠᠶᠢᠵᠤ᠂ 2022 ᠣᠨ ᠳᠤ ᠦᠵᠦᠮᠦᠴᠢᠨ ᠡᠭᠦᠯᠳᠡᠷ ᠤᠨ ᠬᠤᠨᠢ ᠶᠢ ᠥᠷᠭᠡᠳᠬᠡᠨ ᠦᠷᠡᠵᠢᠭᠦᠯᠬᠦ ᠲᠤᠰᠬᠠᠢ ᠡᠷᠦᠬᠡ ᠪᠠᠷ ᠦᠨᠡᠯᠡᠭᠳᠡᠵᠦ᠂ ᠣᠲᠣ 600 ᠰᠢᠯᠢᠳᠡᠭ ᠦᠵᠦᠮᠦᠴᠢᠨ ᠬᠤᠨᠢ ᠪᠠᠶᠢᠨ᠎ᠠ᠃      ᠪᠢ ᠰᠢᠯᠢ ᠶᠢᠨ ᠭᠤᠣᠯ ᠠᠶᠢᠮᠠᠭ ᠤᠨ ᠳᠡᠰ ᠤᠨ ᠮᠠᠯ ᠤᠨ ᠤᠷᠤᠯᠳᠤᠭᠠᠨ ᠤ ᠴᠤᠭᠯᠠᠭᠠᠨ ᠳᠤ ᠠᠩᠬ᠎ᠠ ᠤᠳᠠᠭ᠎ᠠ ᠣᠷᠣᠯᠴᠠᠵᠤ ᠪᠠᠶᠢᠨ᠎ᠠ᠂ ᠥᠩᠭᠡᠷᠡᠭᠰᠡᠨ ᠵᠢᠯ ᠤᠳ ᠤᠨ ᠮᠠᠯ ᠤᠨ ᠤᠷᠤᠯᠳᠤᠭᠠᠨ ᠤ ᠴᠤᠭᠯᠠᠭᠠᠨ ᠳᠤ ᠪᠢ ᠶᠡᠷᠦ ᠨᠢ ᠰᠤᠷᠤᠯᠴᠠᠬᠤ ᠰᠡᠳᠬᠢᠯᠭᠡ ᠪᠠᠷ ᠲᠤᠬᠠᠢ ᠶᠢᠨ ᠭᠠᠵᠠᠷ ᠲᠤᠨᠢ ᠬᠦᠷᠴᠦ ᠲᠣᠭᠤᠷᠢᠨ ᠦᠵᠡᠵᠦ᠂ ᠮᠠᠯᠴᠢᠳ ᠤᠨ ᠲᠡᠵᠢᠭᠡᠨ ᠦᠷᠡᠵᠢᠭᠦᠯᠦᠭᠰᠡᠨ ᠣᠯᠣᠯᠲᠠ ᠪᠠᠨ ᠬᠤᠪᠢᠶᠠᠯᠴᠠᠬᠤ ᠶᠢ ᠰᠣᠨᠣᠰᠴᠤ᠂ ᠤᠳᠠᠭ᠎ᠠ ᠪᠦᠷᠢ ᠮᠠᠰᠢ ᠤᠯᠠᠨ ᠰᠢᠨ᠎ᠡ ᠮᠡᠳᠡᠯᠭᠡ ᠰᠣᠷᠳᠠᠭ᠃ ᠡᠨᠡ ᠵᠢᠯ ᠮᠠᠯ ᠤᠨ ᠤᠷᠤᠯᠳᠤᠭᠠᠨ ᠤ ᠴᠤᠭᠯᠠᠭᠠᠨ ᠳᠤ ᠣᠷᠣᠯᠴᠠᠬᠤ ᠵᠠᠪᠰᠢᠶᠠᠨ ᠲᠠᠢ ᠪᠣᠯᠵᠤ᠂ ᠤᠯᠠᠨ ᠳᠤ ᠮᠠᠨ ᠤ ᠦᠵᠦᠮᠦᠴᠢᠨ ᠬᠤᠨᠢᠨ ᠤ ᠰᠢᠯᠢᠳᠡᠭ ᠴᠢᠨᠠᠷ ᠢ ᠦᠵᠡᠭᠦᠯᠬᠦ ᠪᠣᠯᠤᠭᠰᠠᠨ ᠳᠠᠭᠠᠨ ᠪᠢ ᠲᠤᠶᠢᠯ ᠢᠶᠠᠷ ᠣᠮᠣᠭᠰᠢᠵᠣ ᠪᠠᠶᠢᠨ᠎ᠠ᠂ ᠢᠯᠠᠩᠭᠤᠶ᠎ᠠ ᠡᠨᠡ ᠬᠦ ᠠᠮᠵᠢᠯᠲᠠ ᠶᠢ ᠣᠯᠣᠭᠰᠠᠨ ᠨᠢ ᠨᠠᠳᠠ ᠳᠤ ᠠᠪᠴᠤ ᠬᠡᠯᠡᠪᠡᠯ ᠲᠤᠶᠢᠯ ᠤᠨ ᠶᠡᠭᠡ ᠵᠣᠷᠢᠭᠵᠢᠭᠤᠯᠤᠯ  ᠪᠣᠯᠬᠤ ᠶᠤᠮ᠃      ᠰᠢᠯᠢ ᠶᠢᠨ ᠬᠤᠲᠠ ᠶᠢᠨ  ᠴᠣᠬᠠᠠᠭᠤᠯᠠ  ᠰᠣᠮᠣᠨ ᠤ  ᠣᠯᠠᠩᠬᠢ ᠮᠠᠯᠴᠢᠳ ᠦᠵᠦᠮᠦᠴᠢᠨ ᠬᠤᠨᠢ ᠲᠡᠵᠢᠭᠡᠬᠦ ᠪᠠᠷ ᠭᠤᠣᠯᠯᠠᠵᠤ ᠪᠣᠶ᠃ ᠣᠯᠠᠨ ᠵᠢᠯ ᠤᠨ ᠲᠤᠷᠰᠢ᠂ ᠡᠩᠬᠡᠮᠡᠨᠳᠦ ᠥᠪᠡᠷ ᠤᠨ ᠨᠤᠲᠤᠭ ᠪᠡᠯᠴᠢᠭᠡᠷ ᠤᠨ ᠳᠠᠭᠠᠭᠠᠴᠠ ᠪᠠᠨ ᠦᠨᠳᠦᠰᠦᠯᠡᠨ᠂ ᠦᠢᠯᠡᠳᠪᠦᠷᠢᠯᠡᠯ ᠡᠵᠡᠩᠨᠡᠯᠲᠡ ᠶᠢᠨ ᠠᠷᠭ᠎ᠠ ᠮᠠᠶ᠋ᠢᠭ ᠢᠶᠠᠨ ᠢᠳᠡᠪᠬᠢᠲᠡᠢ ᠬᠤᠪᠢᠷᠠᠭᠤᠯᠵᠤ᠂ ᠮᠠᠯ ᠰᠦᠷᠦᠭ ᠤᠨ ᠪᠦᠲᠦᠴᠡ ᠳᠤ ᠲᠣᠬᠢᠷᠠᠭᠤᠯᠤᠯᠲᠠ ᠬᠢᠵᠦ᠂ ᠰᠢᠯᠢᠳᠡᠭ ᠦᠵᠦᠮᠦᠴᠢᠨ ᠬᠤᠨᠢ ᠶᠢ ᠪᠣᠶᠢᠵᠢᠭᠤᠯᠤᠨ ᠬᠥᠭᠵᠢᠭᠦᠯᠵᠦ᠂ ︽ᠴᠥᠭᠡᠨ ᠲᠡᠵᠢᠭᠡᠵᠦ ᠨᠠᠷᠢᠯᠢᠭ ᠲᠡᠵᠢᠭᠡᠬᠦ︾ ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠭᠦᠯᠬᠦ ᠵᠠᠮ ᠢᠶᠠᠷ ᠵᠠᠮᠨᠠᠵᠤ᠂ ᠥᠪᠡᠷ ᠤᠨ ᠦᠵᠦᠮᠦᠴᠢᠨ ᠬᠤᠨᠢᠨ ᠤ ᠡᠭᠦᠯᠳᠡᠷ ᠤᠨ ᠶᠠᠰᠤ ᠴᠢᠨᠠᠷ ᠢ ᠢᠯᠡᠳᠲᠡ ᠳᠡᠭᠡᠭᠰᠢᠯᠡᠭᠦᠯᠵᠦ᠂ ᠮᠠᠯ ᠠᠵᠤ ᠠᠬᠤᠢ ᠶᠢᠨ ᠣᠷᠣᠯᠭ᠎ᠠ ᠶᠢ ᠵᠢᠯ ᠳᠠᠷᠠᠭᠠᠯᠠᠨ ᠳᠡᠭᠡᠭᠰᠢᠯᠡᠭᠦᠯᠦᠭᠰᠡᠨ ᠪᠠᠶᠢᠨ᠎ᠠ᠃      ᠣᠶᠢᠷ᠎ᠠ ᠶᠢᠨ ᠬᠡᠳᠦᠨ ᠵᠢᠯ ᠳᠤ᠂ ᠦᠵᠦᠮᠦᠴᠢᠨ ᠬᠤᠨᠢᠨ ᠤ ᠵᠠᠬ᠎ᠠ ᠳᠡᠯᠭᠡᠭᠦᠷ ᠤᠨ ᠥᠷᠢᠰᠦᠯᠳᠦᠭᠡᠨ ᠤ ᠳᠠᠪᠠᠭᠤᠯᠢᠭ ᠢ ᠪᠠᠳᠣᠯᠠᠵᠣ᠂ ᠦᠵᠦᠮᠦᠴᠢᠨ ᠬᠤᠨᠢᠨ ᠤ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠬᠢᠷᠢ ᠲᠦᠪᠰᠢᠨ ᠢ ᠤᠯᠠᠮ ᠨᠢᠭᠡ ᠠᠯᠬᠤᠮ ᠲᠡᠭᠡᠭᠰᠢᠯᠡᠭᠦᠯᠬᠦ ᠶᠢᠨ ᠲᠥᠯᠦᠭᠡ᠂ ᠰᠢᠯᠢ ᠶᠢᠨ ᠬᠤᠲᠠ ︽ᠳᠤᠮᠳᠠᠳᠤ ᠤᠯᠤᠰ ᠤᠨ ᠠᠮᠢ ᠠᠬᠤᠢ ᠶᠢᠨ ᠬᠤᠨᠢᠨ ᠤ  ᠲᠦᠪ︾᠎ ᠎ ᠤᠨ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠶᠢᠨ ᠲᠣᠭᠤᠷᠢᠨ ᠳᠤ᠂ ᠦᠵᠦᠮᠦᠴᠢᠨ ᠴᠢᠨᠠᠷ ᠰᠠᠶᠢᠲᠠᠢ ᠬᠤᠨᠢ ᠶᠢ ᠬᠠᠮᠠᠭᠠᠯᠠᠨ ᠪᠣᠶᠢᠵᠢᠭᠤᠯᠬᠤ ᠪᠠᠷ ᠭᠠᠷᠳᠠᠴᠠ ᠪᠣᠯᠭᠠᠵᠤ᠂  ᠴᠣᠬᠠᠠᠭᠤᠯᠠ ᠰᠤᠮᠤ ᠵᠡᠷᠭᠡ ᠬᠤᠶᠢᠲᠤ ᠬᠡᠰᠡᠭ ᠤᠨ ᠮᠠᠯᠵᠢᠬᠤ ᠣᠷᠣᠨ ᠳᠤ ︽ᠦᠷ᠎ᠡ ᠶᠢᠨ ᠬᠤᠨᠢᠨ ᠤ ᠲᠠᠯᠠᠪᠠᠶ + ᠦᠷᠡᠵᠢᠯ ᠤᠨ ᠲᠠᠯᠠᠪᠠᠶ ᠶᠢ ᠥᠷᠭᠡᠳᠬᠡᠬᠦ + ᠭᠤᠣᠯᠯᠠᠬᠤ ᠰᠦᠷᠦᠭ︾᠎ ᠢᠶᠠᠷ ᠭᠤᠣᠯ ᠪᠣᠯᠭᠠᠭᠰᠠᠨ ᠬᠠᠮᠲᠤᠷᠠᠨ ᠡᠭᠦᠯᠳᠡᠷ ᠪᠣᠶᠢᠵᠢᠭᠤᠯᠬᠤ ᠰᠢᠰᠲ᠋ᠧᠮᠵᠢ ᠶᠢ ᠪᠠᠶᠢᠭᠤᠯᠬᠤ ᠪᠠᠷ ᠳᠠᠮᠵᠢᠭᠤᠯᠤᠨ᠂ ᠦᠵᠦᠮᠦᠴᠢᠨ ᠬᠤᠨᠢᠨ ᠤ ᠡᠭᠦᠯᠳᠡᠷ ᠪᠣᠶᠢᠵᠢᠭᠤᠯᠬᠤ ᠪᠠ ᠴᠡᠪᠡᠷᠰᠢᠭᠦᠯᠦᠨ ᠰᠠᠶᠢᠵᠢᠷᠠᠭᠤᠯᠬᠤ ᠶᠢ ᠶᠡᠬᠡᠪᠡᠷ ᠬᠡᠷᠡᠭᠵᠢᠭᠦᠯᠵᠦ᠂ ᠦᠵᠦᠮᠦᠴᠢᠨ ᠬᠤᠨᠢᠨ ᠤ ᠡᠭᠦᠯᠳᠡᠷ ᠤᠨ ᠶᠠᠰᠤ ᠴᠢᠨᠠᠷ ᠪᠠ ᠦᠢᠯᠡᠳᠪᠦᠷᠢᠯᠡᠯ ᠤᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠦᠵᠦᠮᠦᠴᠢᠨ ᠬᠤᠨᠢᠨ ᠤ ᠡᠭᠦᠯᠳᠡᠷ ᠢ ᠰᠢᠯᠢᠳᠡᠭᠵᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠬᠤ ᠶᠢ ᠠᠬᠢᠭᠤᠯᠪᠠ᠃ ᠣᠲᠣ ᠪᠣᠯᠲᠠᠯ᠎ᠠ᠂ ᠪᠥᠬᠦ ᠬᠤᠲᠠ ᠳᠤ ᠦᠵᠦᠮᠦᠴᠢᠨ ᠦᠷ᠎ᠡ ᠶᠢᠨ ᠬᠤᠨᠢᠨ ᠤ ᠲᠠᠯᠠᠪᠠᠶ 1᠂ ᠦᠷᠡᠵᠢᠯᠲᠡ ᠶᠢᠨ ᠲᠠᠯᠠᠪᠠᠶ 12᠂ ᠭᠤᠣᠯᠯᠠᠬᠤ ᠰᠦᠷᠦᠭ ᠢ 78 ᠪᠠᠶᠢᠭᠤᠯᠵᠤ᠂ ᠴᠢᠨᠠᠷ ᠰᠠᠶᠢᠲᠠᠢ ᠦᠷ᠎ᠡ ᠶᠢᠨ ᠬᠤᠨᠢᠨ ᠤ ᠵᠢᠯ ᠤᠨ ᠡᠭᠦᠯᠳᠡᠷ ᠬᠠᠩᠭᠠᠬᠤ ᠴᠢᠳᠠᠪᠤᠷᠢ 3500᠎ ᠶᠢ ᠳᠠᠪᠠᠵᠤ᠂ ᠪᠥᠬᠦ ᠬᠤᠲᠠ ᠶᠢᠨ ᠠᠯᠠᠰᠢᠨ ᠬᠤᠨᠢᠨ ᠤ ᠡᠭᠦᠯᠳᠡᠷ ᠰᠠᠶᠢᠵᠢᠷᠠᠭᠤᠯᠤᠭᠰᠠᠨ ᠬᠤᠪᠢ ᠶᠢᠨ ᠵᠢᠩ 96.43%᠎ ᠳᠤ ᠬᠦᠷᠪᠡ  ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号