ᠨᠢᠭᠡᠳᠦᠭᠡᠷ ᠵᠦᠢᠯ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠵᠥᠪᠰᠢᠶᠡᠷᠡᠭᠰᠡᠨ 《 ᠰᠢᠯᠢ ᠶᠢᠨ | ᠬᠤᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ 》 ᠪᠣᠯᠤᠨ ᠬᠤᠲᠠ ᠶᠢᠨ ᠨᠠᠮ ᠤᠨ ᠬᠤᠷᠢᠶᠠᠨ ᠤ | ᠠᠯᠪᠠᠨ ᠭᠡᠷ᠂ ᠵᠠᠰᠠᠭ ᠤᠨ ᠣᠷᠳᠣᠨ ᠤ ᠠᠯᠪᠠᠨ ᠭᠡᠷ ᠤᠨ ᠳᠠᠷᠤᠮᠠᠯᠯᠠᠨ ᠲᠠᠷᠬᠠᠭᠠᠭᠰᠠᠨ 《 ᠰᠢᠯᠢ ᠶᠢᠨ ᠬᠤᠲᠠ ᠶᠢᠨ | ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ 》 ᠢ ᠦᠨᠳᠦᠰᠦᠯᠡᠨ᠂ ᠲᠤᠰ ᠲᠣᠭᠲᠠᠭᠠᠯ ᠢ | ᠲᠣᠭᠲᠠᠭᠠᠪᠠ᠃ | ᠬᠤᠶᠠᠳᠤᠭᠠᠷ ᠵᠦᠢᠯ ᠰᠢᠯᠢ ᠶᠢᠨ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ ᠪᠣᠯ ᠬᠤᠲᠠ ᠶᠢᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠮᠥᠨ᠂ | ᠵᠢᠩᠬᠢᠨᠢ ᠰᠠᠯᠠᠭᠠᠨ ᠤ ᠳᠡᠰ ᠪᠣᠯᠤᠨ᠎ᠠ᠃ | ᠭᠤᠷᠪᠠᠳᠤᠭᠠᠷ ᠵᠦᠢᠯ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ ᠨᠠᠮ ᠤᠨ ᠲᠥᠪ ᠬᠤᠷᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠠᠵᠢᠯ ᠤᠨ ᠲᠤᠬᠠᠶ ᠴᠢᠭᠯᠡᠯᠲᠡ ᠲᠦᠷᠦ ᠶᠢᠨ ᠪᠤᠳᠤᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ | ᠬᠤᠯᠪᠣᠭᠳᠠᠯ ᠪᠦᠬᠦᠢ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠠᠵᠢᠯ ᠳᠠᠬᠢ ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ | ᠴᠢᠩᠭᠠᠳᠬᠠᠨ᠎ᠠ᠃ ᠭᠤᠣᠯ ᠡᠭᠦᠷᠭᠡ ᠬᠠᠷᠢᠭᠤᠴᠠᠯᠭ᠎ᠠ ᠨᠢ᠄ | ︵ᠨᠢᠭᠡ︶ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠰ ᠤᠨ ᠲᠠᠯ᠎ᠠ ᠪᠠᠷ | ᠬᠢ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ | ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠪᠦᠬᠦ ᠬᠤᠲᠠ ᠶᠢᠨ ᠬᠥᠮᠦᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠪᠡ᠂ ᠠᠷᠭ᠎ᠠ | ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠬᠢᠨᠠᠯᠲᠠ ᠲᠠᠯᠪᠢᠵᠤ | ᠪᠠᠶᠢᠴᠠᠭᠠᠨ᠎ᠠ᠃ | ︵ᠬᠤᠶᠠᠷ︶ ᠪᠦᠬᠦ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠢ ᠨᠡᠭᠡᠭᠡᠨ ᠬᠥᠭᠵᠢᠭᠦᠯᠬᠦ | ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠡᠯ᠎ᠡ | ᠲᠥᠷᠥᠯ ᠤᠨ ᠴᠢᠳᠠᠪᠤᠷᠢᠲᠠᠨ ᠢ ᠬᠥᠮᠦᠵᠢᠭᠦᠯᠬᠦ᠂ ᠤᠷᠢᠬᠤ᠂ ᠬᠡᠷᠡᠭᠯᠡᠬᠦ᠂ ᠦᠨᠡᠯᠡᠬᠦ᠂ ᠤᠷᠮᠠᠰᠢᠭᠤᠯᠬᠤ ᠲᠥᠯᠥᠪᠯᠡᠭᠡ ᠶᠢ | ᠲᠤᠭᠤᠷᠪᠢᠨ ᠲᠣᠭᠲᠠᠭᠠᠨ᠎ᠠ᠃ ᠪᠦᠬᠦ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ | ᠬᠥᠭᠵᠢᠯᠲᠡ ᠶᠢᠨ ᠲᠥᠯᠥᠪᠵᠢᠭᠦᠯᠪᠡ ᠪᠠ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠤᠨ | ᠬᠥᠭᠵᠢᠯᠲᠡ᠂ ᠬᠥᠮᠦᠨ ᠤ ᠬᠦᠴᠦᠨ ᠤ ᠡᠬᠢ ᠪᠠᠶᠠᠯᠢᠭ ᠤᠨ ᠰᠢᠯᠵᠢᠯᠲᠡ ᠶᠢᠨ ᠲᠥᠯᠥᠪᠵᠢᠭᠦᠯᠭᠡ ᠶᠢ ᠲᠥᠯᠥᠪᠯᠡᠨ | ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠦᠬᠦ ᠬᠤᠲᠠ ᠶᠢᠨ ᠨᠢᠭᠡᠳᠦᠯᠲᠡᠢ ᠳᠤ | ᠵᠢᠷᠤᠮᠵᠢᠭᠰᠠᠨ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠢ ᠪᠠᠶᠢᠭᠤᠯᠤᠨ᠂ ᠬᠥᠮᠦᠨ ᠤ | ᠬᠦᠴᠦᠨ ᠤ ᠡᠬᠢ ᠪᠠᠶᠠᠯᠢᠭ ᠤᠨ ᠵᠦᠢ ᠵᠣᠬᠢᠰᠲᠠᠢ ᠰᠢᠯᠵᠢᠯᠲᠡ᠂ ᠪᠦᠲᠦᠮᠵᠢᠲᠡᠢ ᠲᠣᠬᠢᠷᠠᠭᠤᠯᠤᠯᠲᠠ ᠶᠢ ᠠᠬᠢᠭᠤᠯᠤᠨ᠎ᠠ᠃ | | ︵ᠭᠤᠷᠪᠠ︶ ᠪᠦᠬᠦ ᠬᠤᠲᠠ ᠶᠢᠨ ᠬᠤᠲᠠ ᠬᠥᠳᠡᠭᠡ ᠶᠢᠨ ᠠᠵᠢᠯ ᠣᠯᠭᠤᠯᠲᠠ ᠶᠢᠨ ᠬᠥᠭᠵᠢᠯᠲᠡ ᠶᠢᠨ | ᠲᠥᠯᠥᠪᠵᠢᠭᠦᠯᠭᠡ ᠶᠢ ᠨᠢᠭᠡᠳᠦᠯᠲᠡᠢ ᠳᠤ ᠲᠥᠯᠥᠪᠯᠡᠵᠦ᠂ ᠣᠯᠠᠨ ᠨᠡᠶᠢᠲᠡ ᠶᠢᠨ ᠠᠵᠢᠯ ᠣᠯᠭᠤᠬᠤ ᠦᠢᠯᠡᠰ ᠪᠣᠰᠬᠠᠬᠤ | ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠬᠤᠲᠠ ᠬᠥᠳᠡᠭᠡ ᠶᠢᠨ ᠬᠥᠳᠡᠯᠮᠦᠷᠢᠯᠡᠭᠴᠢᠳ ᠲᠤ | ᠬᠠᠨᠳᠤᠭᠤᠯᠤᠭᠰᠠᠨ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠳᠦᠷᠢᠮ ᠢ ᠨᠢᠭᠡᠳᠦᠯᠲᠡᠶ ᠲᠥᠯᠥᠪᠯᠡᠨ ᠪᠠᠶᠢᠭᠤᠯᠵᠤ᠂ | ᠠᠵᠢᠯ ᠣᠯᠭᠤᠬᠤ ᠲᠤᠰᠠᠯᠠᠮᠵᠢ ᠶᠢᠨ ᠳᠦᠷᠢᠮ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠬᠤ ᠬᠡᠷᠡᠭᠲᠡᠶ᠃ ᠳᠡᠭᠡᠳᠦ | ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠲᠥᠯᠥᠪᠯᠡᠭᠡ ᠶᠢ ᠲᠦᠷᠦᠭᠦᠯᠡᠨ ᠲᠤᠭᠤᠷᠪᠢᠵᠤ᠂ ᠳᠡᠭᠡᠳᠦ | ᠰᠤᠷᠭᠠᠭᠤᠯᠢ ᠲᠡᠭᠦᠰᠦᠭᠰᠡᠳ ᠤᠨ ᠰᠤᠷᠭᠠᠭᠤᠯᠢ ᠠᠴᠠ ᠪᠠᠨ ᠰᠠᠯᠤᠭᠰᠠᠨ ᠤ ᠳᠠᠷᠠᠭ᠎ᠠ ᠠᠵᠢᠯ ᠣᠯᠬᠤ ᠳᠠᠬᠢ | ᠵᠢᠯᠣᠭᠤᠳᠣᠯᠭ᠎ᠠ ᠪᠣᠯᠤᠨ ᠦᠢᠯᠡᠴᠢᠯᠡᠭᠡᠨ ᠤ ᠠᠵᠢᠯ ᠢ ᠬᠠᠷᠢᠭᠤᠴᠠᠨ᠎ᠠ᠃ | ︵ᠳᠥᠷᠪᠡ︶ ᠬᠤᠲᠠ ᠬᠥᠳᠡᠭᠡ ᠶᠢ ᠬᠠᠮᠤᠷᠤᠭᠰᠠᠨ ᠣᠯᠠᠨ ᠳᠡᠰ ᠳᠠᠪᠬᠤᠷᠭ᠎ᠠ ᠪᠦᠬᠦᠢ ᠨᠡᠶᠢᠭᠡᠮ ᠤᠨ | ᠪᠠᠲᠤᠯᠠᠭ᠎ᠠ ᠶᠢᠨ ᠰᠢᠰᠲ᠋ᠧᠮᠵᠢ ᠶᠢ ᠨᠢᠭᠡᠳᠦᠯᠲᠡᠶ ᠲᠥᠯᠥᠪᠯᠡᠨ ᠲᠦᠯᠬᠢᠨ ᠠᠬᠢᠭᠤᠯᠬᠤ ᠬᠡᠷᠡᠭᠲᠡᠶ᠃ ᠪᠦᠬᠦ ᠬᠤᠲᠠ ᠶᠢᠨ | ᠨᠠᠰᠤᠵᠢᠯ᠂ ᠠᠵᠢᠯ ᠠᠯᠳᠠᠯᠲᠠ᠂ ᠠᠵᠢᠯ ᠠᠴᠠ ᠪᠣᠯᠤᠭᠰᠠᠨ ᠭᠡᠮᠲᠦᠯ ᠵᠡᠷᠭᠡ ᠨᠡᠶᠢᠭᠡᠮ ᠤᠨ ᠳᠠᠭᠠᠳᠬᠠᠯ ᠵᠢᠴᠢ | ᠨᠥᠬᠦᠪᠥᠷᠢ ᠳᠠᠭᠠᠳᠬᠠᠯ ᠤᠨ ᠲᠥᠯᠥᠪᠵᠢᠭᠦᠯᠪᠡ ᠪᠠ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ᠨᠠᠰᠤᠵᠢᠯ ᠤᠨ ᠠᠰᠠᠷᠠᠮᠵᠢ᠂ ᠠᠵᠢᠯ ᠠᠯᠳᠠᠯᠲᠠ᠂ ᠠᠵᠢᠯ ᠠᠴᠠ ᠪᠣᠯᠤᠭᠰᠠᠨ ᠭᠡᠮᠲᠦᠯ ᠵᠡᠷᠭᠡ ᠨᠡᠶᠢᠭᠡᠮ ᠤᠨ ᠳᠠᠭᠠᠳᠬᠠᠯ | ᠵᠢᠴᠢ ᠲᠡᠭᠦᠨ ᠤ ᠨᠥᠬᠦᠪᠥᠷᠢ ᠳᠠᠭᠠᠳᠬᠠᠯ ᠤᠨ ᠰᠠᠭᠤᠷᠢ ᠮᠥᠩᠭᠦ ᠶᠢᠨ ᠬᠠᠮᠢᠶᠠᠷᠤᠯᠲᠠ ᠪᠠ ᠬᠢᠨᠠᠯᠲᠠ ᠲᠠᠯᠪᠢᠬᠤ | ᠠᠷᠭ᠎ᠠ ᠶᠢ ᠲᠤᠭᠤᠷᠪᠢᠨ ᠲᠣᠭᠲᠠᠭᠠᠵᠤ᠂ ᠪᠦᠬᠦ ᠬᠤᠲᠠ ᠶᠢᠨ ᠬᠤᠯᠪᠣᠭᠳᠠᠯ ᠪᠦᠬᠦᠢ ᠨᠡᠶᠢᠭᠡᠮ ᠤᠨ ᠳᠠᠭᠠᠳᠬᠠᠯ ᠤᠨ | ᠰᠠᠭᠤᠷᠢ ᠮᠥᠩᠭᠦ ᠶᠢᠨ ᠲᠥᠰᠦᠪ ᠪᠠ ᠲᠥᠰᠦᠪ ᠤᠨ ᠭᠦᠢᠴᠡᠳᠬᠡᠯ ᠤᠨ ᠲᠥᠰᠦᠯ ᠢ ᠨᠠᠶᠢᠷᠠᠭᠤᠯᠤᠨ ᠵᠣᠬᠢᠶᠠᠨ᠎ᠠ᠃ | ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠪᠡᠯᠡ ᠣᠷᠣᠭᠤᠯᠤᠯᠲᠠ ᠶᠢᠨ ᠲᠥᠷᠥ ᠶᠢᠨ ᠪᠣᠳᠣᠯᠭ᠎ᠠ ᠶᠢ | ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠪᠥᠬᠦ | ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠬᠡᠷᠡᠭᠵᠢᠭᠦᠯᠵᠦ᠂ ᠤᠯᠤᠰ ᠤᠨ ᠱᠠᠭᠠᠷᠳᠠᠯᠭ᠎ᠠ | ᠶᠣᠰᠣᠭᠠᠷ ᠨᠡᠶᠢᠭᠡᠮ ᠤᠨ ᠳᠠᠭᠠᠳᠬᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠨᠢᠭᠡᠳᠦᠯᠲᠡᠶ ᠲᠠᠪᠴᠠᠩ ᠢ | ᠪᠠᠶᠢᠭᠤᠯᠬᠤ ᠬᠡᠷᠡᠭᠲᠡᠶ᠃ | ︵ᠲᠠᠪᠤ︶ ᠪᠥᠬᠦ ᠬᠤᠲᠠ ᠶᠢᠨ ᠠᠵᠢᠯ ᠣᠯᠭᠤᠯᠲᠠ᠂ ᠠᠵᠢᠯ ᠠᠯᠳᠠᠯᠲᠠ ᠪᠠ ᠬᠠᠮᠢᠶ᠎ᠠ ᠪᠥᠬᠦᠶ ᠨᠡᠶᠢᠭᠡᠮ ᠤᠨ | ᠳᠠᠭᠠᠳᠬᠠᠯ ᠤᠨ ᠰᠠᠭᠤᠷᠢ ᠮᠥᠩᠭᠦ ᠶᠢᠨ ᠲᠥᠰᠦᠭᠡᠯᠡᠵᠦ ᠰᠡᠷᠡᠮᠵᠢᠯᠡᠭᠦᠯᠬᠦ ᠪᠠ ᠮᠡᠳᠡᠭᠡ ᠵᠠᠩᠭᠢ ᠪᠠᠷ ᠬᠥᠲᠥᠯᠦᠨ | ᠵᠢᠯᠣᠭᠤᠳᠬᠤ ᠶᠢ ᠬᠠᠷᠢᠭᠤᠴᠠᠵᠤ᠂ ᠠᠷᠭᠠᠴᠠᠬᠤ ᠪᠡᠯᠡᠳᠬᠡᠯ ᠲᠥᠰᠦᠯ ᠢ ᠲᠤᠭᠤᠷᠪᠢᠨ ᠲᠣᠭᠲᠠᠭᠠᠵᠤ᠂ ᠰᠡᠷᠭᠡᠶᠢᠯᠡᠬᠦ᠂ | ᠳᠣᠭᠢᠷᠠᠭᠤᠯᠬᠤ ᠪᠠ ᠡᠵᠡᠮᠳᠡᠬᠦ ᠶᠢ ᠬᠡᠷᠡᠭᠵᠢᠭᠦᠯᠵᠦ᠂ ᠠᠵᠢᠯ ᠣᠯᠭᠤᠯᠲᠠ ᠶᠢᠨ ᠪᠠᠶᠢᠳᠠᠯ ᠢ ᠲᠣᠭᠲᠠᠭᠤᠨ ᠪᠠᠶᠢᠯᠭᠠᠬᠤ | ᠪᠠ ᠬᠠᠮᠢᠶ᠎ᠠ ᠪᠥᠬᠦᠶ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠶᠡᠷᠦᠩᠬᠡᠶ ᠣᠷᠣᠯᠭ᠎ᠠ ᠵᠠᠷᠤᠯᠭ᠎ᠠ ᠶᠢᠨ | ᠲᠡᠩᠴᠡᠭᠦᠷᠢ ᠶᠢ ᠪᠠᠲᠤᠯᠠᠨ᠎ᠠ᠃ | ︵ᠵᠢᠷᠭᠤᠭ᠎ᠠ︶ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠡᠶᠡᠳᠡᠭᠦᠯᠬᠦ ᠪᠠ ᠬᠥᠨᠳᠡᠯᠡᠨ ᠠᠴᠠ | ᠲᠠᠰᠤᠯᠬᠤ ᠳᠦᠷᠢᠮ ᠪᠣᠯᠤᠨ ᠬᠥᠳᠡᠯᠮᠦᠷᠢ ᠶᠢᠨ ᠬᠠᠷᠢᠴᠠᠭ᠎ᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ | ᠬᠥᠳᠡᠯᠮᠦᠷᠢ ᠶᠢᠨ ᠬᠠᠷᠢᠴᠠᠭ᠎ᠠ ᠶᠢ ᠵᠥᠪᠳᠡᠯᠴᠡᠨ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠶ᠃ | ᠠᠵᠢᠯᠲᠠᠨ ᠠᠵᠢᠯᠴᠢᠨ ᠤ ᠠᠵᠢᠯᠯᠠᠬᠤ ᠴᠠᠭ᠂ ᠠᠮᠠᠷᠠᠯᠲᠠ ᠪᠠ ᠠᠮᠠᠷᠠᠯᠲᠠ ᠶᠢᠨ ᠬᠤᠭᠤᠴᠠᠭᠠᠨ ᠤ ᠳᠦᠷᠢᠮ ᠪᠣᠯᠤᠨ | ᠬᠡᠦᠬᠡᠳ ᠠᠵᠢᠯᠴᠢᠨ᠂ ᠡᠮᠡᠭᠲᠡᠶ ᠠᠵᠢᠯᠴᠢᠨ ᠵᠢᠴᠢ ᠨᠠᠰᠤᠨ ᠳᠤ ᠬᠦᠷᠦᠭᠡᠳᠦᠶ ᠠᠵᠢᠯᠴᠢᠨ ᠢ ᠬᠠᠤᠯᠢ ᠪᠤᠰᠤ ᠪᠠᠷ | ᠬᠡᠷᠡᠭᠯᠡᠬᠦ ᠣᠨᠴᠣᠭᠤᠶ ᠬᠥᠳᠡᠯᠮᠦᠷᠢ ᠶᠢᠨ ᠬᠠᠮᠠᠭᠠᠯᠠᠯᠲᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ | ᠬᠥᠳᠡᠯᠮᠦᠷᠢ ᠶᠢᠨ ᠬᠢᠨᠠᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠥᠳᠡᠯᠮᠦᠷᠢᠴᠢᠳ ᠤᠨ ᠡᠷᠬᠡ | ᠠᠰᠢᠭ ᠢᠶᠠᠨ ᠬᠠᠮᠠᠭᠠᠯᠠᠬᠤ ᠠᠵᠢᠯ ᠢ ᠵᠣᠬᠢᠴᠠᠭᠤᠯᠤᠨ᠂ ᠴᠢᠬᠤᠯᠠ ᠶᠡᠭᠡ ᠬᠡᠷᠡᠭ ᠢ ᠬᠠᠤᠯᠢ ᠶᠣᠰᠣᠭᠠᠷ ᠪᠠᠶᠢᠴᠠᠭᠠᠨ | ᠰᠢᠢᠳᠪᠦᠷᠢᠯᠡᠨ᠎ᠡ᠃ | ︵ᠳᠣᠯᠤᠭ᠎ᠠ︶ ᠮᠡᠷᠭᠡᠵᠢᠯ ᠤᠨ ᠴᠣᠯᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ | ᠲᠦᠷᠦᠭᠦᠯᠡᠨ ᠲᠦᠯᠬᠢᠨ ᠠᠬᠢᠭᠤᠯᠵᠤ᠂ ᠲᠤᠰᠬᠠᠶ ᠮᠡᠷᠭᠡᠵᠢᠯ ᠤᠨ ᠠᠵᠢᠯᠲᠠᠨ ᠤ ᠬᠠᠮᠢᠶᠠᠷᠤᠯᠲᠠ ᠪᠣᠯᠤᠨ | ᠦᠷᠭᠦᠯᠵᠢᠯᠡᠭᠰᠡᠨ ᠰᠤᠷᠭᠠᠨ ᠬᠥᠮᠦᠵᠢᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ᠃ ᠳᠡᠭᠡᠳᠦ | ᠳᠡᠰ ᠳᠠᠪᠬᠤᠷᠭ᠎ᠠ ᠶᠢᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠰᠢᠯᠢᠨ ᠳᠡᠪᠰᠢᠭᠦᠯᠬᠦ᠂ ᠬᠥᠮᠦᠵᠢᠭᠦᠯᠬᠦ ᠪᠠ | ᠬᠠᠮᠢᠶᠠᠷᠬᠤ ᠠᠵᠢᠯ ᠢ ᠬᠠᠷᠢᠭᠤᠴᠠᠨ᠎ᠠ᠃ ᠤᠯᠤᠰ ︵ᠬᠢᠯᠢ︶ ᠤᠨ ᠭᠠᠳᠠᠨᠠᠬᠢ ᠲᠤᠰᠬᠠᠶ ᠮᠡᠷᠭᠡᠵᠢᠯᠲᠡᠨ᠂ | ᠭᠠᠳᠠᠭᠠᠳᠤ ᠳᠤ ᠰᠤᠷᠤᠯᠴᠠᠭᠰᠠᠳ ᠤᠨ ᠠᠵᠢᠯ ᠵᠡᠷᠭᠡ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠤᠨ᠎ᠠ᠃ ᠲᠣᠭᠲᠠᠭᠠᠭᠰᠠᠨ ᠡᠷᠬᠡ ᠶᠢᠨ ᠬᠢᠵᠠᠭᠠᠷ ᠶᠣᠰᠣᠭᠠᠷ ᠬᠡᠰᠡᠭ ᠭᠠᠳᠠᠭᠠᠳᠤ ᠶᠢᠨ ᠬᠥᠮᠦᠨ ᠤ | ᠳᠤᠮᠳᠠᠳᠤ ᠤᠯᠤᠰ ᠲᠤ ᠢᠷᠡᠬᠦ ᠬᠤᠯᠪᠣᠭᠳᠠᠯ ᠪᠦᠬᠦᠢ ᠠᠵᠢᠯ ᠢ ᠬᠠᠷᠢᠭᠤᠴᠠᠨ᠎ᠠ᠃ ᠡᠷᠬᠢᠯᠡᠭᠰᠡᠨ ᠠᠵᠢᠯ ᠤᠨ ᠬᠢᠷᠢ | ᠬᠡᠮ ᠤᠨ ᠳᠦᠷᠢᠮ ᠪᠣᠯᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠡᠷᠬᠢᠯᠡᠭᠰᠡᠨ | ᠠᠵᠢᠯ ᠤᠨ ᠮᠡᠷᠭᠡᠵᠢᠯ ᠤᠨ ᠴᠢᠳᠠᠪᠤᠷᠢ ᠶᠢ ᠣᠯᠠᠨ ᠡᠰᠢᠵᠢᠭᠦᠯᠦᠨ ᠦᠨᠡᠯᠡᠬᠦ ᠲᠣᠭᠲᠠᠴᠠ ᠶᠢ ᠪᠠᠶᠢᠭᠤᠯᠬᠤ ᠬᠡᠷᠡᠭᠲᠡᠶ᠃ | ︵ᠨᠠᠢᠮᠠ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠬᠤᠲᠠ ᠶᠢᠨ ᠠᠵᠢᠯ ᠦᠢᠯᠡᠰ ᠤᠨ | ᠨᠢᠭᠡᠴᠡ ᠶᠢᠨ ᠠᠵᠢᠯᠲᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ ᠵᠢᠯᠣᠭᠤᠳᠴᠤ᠂ ᠬᠠᠮᠢᠶᠠᠷᠤᠯᠲᠠ ᠶᠢᠨ | ᠡᠷᠬᠡ ᠤᠯᠭᠤᠯᠳᠠ ᠤᠨ ᠶᠣᠰᠣᠭᠠᠷ ᠠᠵᠢᠯ ᠦᠢᠯᠡᠰ ᠤᠨ ᠨᠢᠭᠡᠴᠡ ᠶᠢᠨ ᠠᠵᠢᠯ ᠤᠨ ᠪᠠᠶᠢᠷᠢ ᠲᠣᠬᠢᠷᠠᠭᠤᠯᠬᠤ᠂ | ᠢᠯᠡ ᠪᠠᠷ ᠤᠷᠢᠬᠤ᠂ ᠤᠷᠢᠵᠤ ᠬᠡᠷᠡᠭᠯᠡᠬᠦ ᠭᠡᠷ᠎ᠡ ᠵᠡᠷᠭᠡ ᠠᠵᠢᠯᠲᠠᠨ ᠤ ᠶᠠᠪᠤᠳᠠᠯ ᠤᠨ ᠶᠡᠷᠦᠩᠬᠡᠶᠢᠯᠡᠭᠰᠡᠨ | ᠬᠠᠮᠢᠶᠠᠷᠤᠯᠲᠠ ᠶᠢᠨ ᠠᠵᠢᠯ ᠢ ᠬᠠᠷᠢᠭᠤᠴᠠᠨ ᠵᠢᠷᠤᠮᠵᠢᠭᠤᠯᠵᠤ᠂ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠪᠣᠯᠤᠨ | ᠪᠠᠶᠢᠭᠤᠯᠤᠯᠭ᠎ᠠ ᠶᠢᠨ ᠦᠢᠯᠡᠴᠢᠯᠡᠭᠡᠨ ᠤ ᠠᠵᠢᠯᠲᠠᠨ ᠤ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ | ︵ᠶᠢᠰᠦ︶ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠤᠯᠤᠰ᠂ ᠥᠪᠡᠷᠲᠡᠭᠡᠨ ᠵᠠᠰᠠᠬᠤ ᠣᠷᠣᠨ | ᠂ ᠠᠶᠢᠮᠠᠭ ᠤᠨ ᠰᠠᠶᠢᠰᠢᠶᠠᠨ ᠬᠥᠬᠢᠭᠦᠯᠵᠦ ᠱᠠᠩᠨᠠᠬᠤ ᠲᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ | ᠬᠤᠲᠠ ᠶᠢᠨ ᠰᠠᠶᠢᠰᠢᠶᠠᠨ ᠬᠥᠬᠢᠭᠦᠯᠵᠦ ᠱᠠᠩᠨᠠᠬᠤ ᠠᠵᠢᠯ ᠢ ᠶᠡᠷᠦᠩᠬᠡᠶᠢᠯᠡᠨ ᠬᠠᠮᠢᠶᠠᠷᠴᠤ᠂ ᠪᠥᠬᠦ ᠬᠤᠲᠠ ᠶᠢᠨ | ᠠᠳᠠᠯᠢᠳᠬᠠᠨ ᠰᠢᠯᠭᠠᠷᠠᠭᠤᠯᠵᠤ ᠪᠠᠷᠢᠮᠵᠢᠶ᠎ᠠ ᠳᠤ ᠬᠦᠷᠦᠭᠦᠯᠦᠨ ᠰᠠᠶᠢᠰᠢᠶᠠᠨ ᠬᠥᠬᠢᠭᠦᠯᠬᠦ ᠵᠡᠷᠭᠡ ᠠᠵᠢᠯ ᠢ ᠡᠭᠦᠷᠭᠡᠯᠡᠨ᠂ | ᠡᠷᠬᠡ ᠣᠯᠭᠤᠯᠲᠠ ᠶᠢ ᠦᠨᠳᠦᠰᠦᠯᠡᠨ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠨᠡᠷ᠎ᠡ ᠪᠠᠷ | ᠥᠷᠨᠢᠭᠦᠯᠦᠭᠰᠡᠨ ᠬᠤᠲᠠ ᠶᠢᠨ ᠲᠠᠰ ᠤᠨ ᠰᠠᠶᠢᠰᠢᠶᠠᠨ ᠬᠥᠬᠢᠭᠦᠯᠵᠦ ᠱᠠᠩᠨᠠᠬᠤ ᠠᠵᠢᠯᠯᠠᠭ᠎ᠠ ᠶᠢ ᠳᠠᠭᠠᠭᠠᠨ | ᠭᠦᠢᠴᠡᠳᠬᠡᠨ᠎ᠡ᠃ | ︵ᠠᠷᠪᠠ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠬᠤᠲᠠ ᠶᠢᠨ ᠠᠵᠢᠯ ᠦᠢᠯᠡᠰ ᠤᠨ | ᠨᠢᠭᠡᠴᠡ ᠶᠢᠨ ᠠᠵᠢᠯᠲᠠᠨ ᠤ ᠴᠠᠯᠢᠩ ᠤᠨ ᠣᠷᠣᠯᠭ᠎ᠠ ᠶᠢᠨ ᠬᠤᠪᠢᠶᠠᠷᠢᠯᠠᠯᠲᠠ ᠶᠢᠨ ᠲᠥᠷᠥ ᠶᠢᠨ ᠪᠣᠳᠣᠯᠭ᠎ᠠ ᠶᠢ | ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ | ᠴᠠᠯᠢᠩ ᠢ ᠬᠡᠪ ᠤᠨ ᠶᠣᠰᠣᠭᠠᠷ ᠨᠡᠮᠡᠭᠳᠡᠭᠦᠯᠬᠦ ᠪᠠ ᠣᠯᠭᠤᠬᠤ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ | ᠪᠦᠷᠢᠨᠰᠢᠭᠦᠯᠦᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠡ ᠶᠢᠨ ᠠᠵᠢᠯᠲᠠᠨ ᠤ ᠬᠠᠯᠠᠮᠵᠢ ᠪᠣᠯᠤᠨ ᠠᠵᠢᠯ ᠠᠴᠠ ᠪᠠᠨ ᠠᠮᠠᠷᠠᠭᠰᠠᠳ ᠪᠠᠭᠤᠭᠰᠠᠳ ᠤᠨ ᠲᠥᠷᠥ ᠶᠢᠨ | ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ | ︵ᠠᠷᠪᠠᠨ ᠨᠢᠭᠡ ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠠᠷᠢᠶᠠᠴᠢᠨ ᠮᠠᠯᠴᠢᠨ ᠬᠦᠴᠦ | ᠶᠠᠪᠤᠭᠰᠠᠳ ᠤᠨ ᠠᠵᠢᠯ ᠤᠨ ᠶᠡᠷᠦᠩᠬᠡᠶᠢᠯᠡᠭᠰᠡᠨ ᠴᠢᠨᠠᠷᠲᠠᠶ ᠲᠥᠯᠥᠪᠵᠢᠭᠦᠯᠭᠡ ᠶᠢ ᠲᠣᠭᠲᠠᠭᠠᠵᠤ᠂ ᠲᠠᠷᠢᠶᠠᠴᠢᠨ | ᠮᠠᠯᠴᠢᠨ ᠬᠦᠴᠦ ᠶᠠᠪᠤᠭᠰᠠᠳ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ | ᠲᠦᠯᠬᠢᠨ ᠠᠬᠢᠭᠤᠯᠵᠤ᠂ ᠭᠤᠤᠯᠳᠠᠯᠭ᠎ᠠ ᠲᠠᠢ ᠬᠦᠴᠢᠷ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠤ᠂ | ᠲᠠᠷᠢᠶᠠᠴᠢᠨ ᠮᠠᠯᠴᠢᠨ ᠬᠦᠴᠦ ᠶᠠᠪᠤᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠬᠡᠷᠡᠭᠲᠡᠶ᠃ | ︵ᠠᠷᠪᠠᠨ ᠬᠤᠶᠠᠷ︶ ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ | ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠦᠢᠯᠡᠳᠪᠦᠷᠢᠯᠡᠯ | ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ ᠱᠠᠭᠠᠷᠳᠠᠯᠭ᠎ᠠ ᠶᠣᠰᠣᠭᠠᠷ᠂ ᠠᠶᠤᠯ | ᠥᠬᠡᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠳᠤ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢ | ᠭᠦᠢᠴᠡᠳᠬᠡᠨ᠎ᠡ᠃ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠬᠥᠳᠡᠯᠮᠦᠷᠢ ᠠᠵᠢᠯᠴᠢᠨ ᠬᠡᠷᠡᠭᠯᠡᠬᠦ ᠦᠢᠯᠡ | ᠠᠵᠢᠯᠯᠠᠭ᠎ᠠ ᠶᠢ ᠵᠢᠷᠤᠮᠵᠢᠭᠤᠯᠬᠤ ᠶᠢ ᠬᠠᠷᠢᠭᠤᠴᠠᠵᠤ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ | ᠣᠯᠭᠤᠮᠵᠢ ᠵᠡᠷᠭᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ | ︵ᠠᠷᠪᠠᠨ ᠭᠤᠷᠪᠠ︶ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ | ᠡᠭᠦᠷᠭᠡ ᠶᠢ ᠪᠡᠶᠡᠯᠡᠭᠦᠯᠦᠨ᠎ᠡ᠃ | ︵ᠠᠷᠪᠠᠨ ᠳᠥᠷᠪᠡ︶ ᠡᠭᠦᠷᠭᠡ ᠴᠢᠳᠠᠪᠤᠷᠢ ᠶᠢ ᠬᠤᠪᠢᠷᠠᠭᠤᠯᠬᠤ᠃ ᠵᠠᠰᠠᠭ ᠢ ᠴᠣᠮᠬᠠᠳᠬᠠᠨ ᠡᠷᠬᠡ ᠶᠢ | ᠳᠣᠷᠣᠭᠰᠢ ᠪᠠᠭᠤᠯᠭᠠᠬᠤ᠂ ᠴᠢᠯᠥᠭᠡᠲᠡᠢ ᠪᠣᠯᠭᠠᠬᠤ ᠪᠠ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ | ᠰᠢᠯᠢᠳᠡᠭᠵᠢᠭᠦᠯᠬᠦ ᠥᠭᠡᠷᠡᠴᠢᠯᠡᠯᠲᠡ ᠶᠢ ᠭᠦᠨᠵᠡᠭᠡᠢ ᠲᠦᠯᠬᠢᠨ ᠠᠬᠢᠭᠤᠯᠵᠤ᠂ ᠭᠠᠳᠠᠭᠰᠢ ᠭᠦᠢᠴᠡᠳᠬᠡᠬᠦ ᠵᠦᠢᠯᠡᠰ ᠢ | ᠵᠢᠷᠤᠮᠵᠢᠭᠤᠯᠤᠨ ᠰᠢᠯᠢᠳᠡᠭᠵᠢᠭᠦᠯᠵᠦ᠂ ᠤᠯᠤᠰ ᠤᠨ ᠠᠵᠢᠯ ᠮᠡᠷᠭᠡᠵᠢᠯ ᠤᠨ ᠬᠢᠷᠢ ᠬᠡᠮ ᠤᠨ ᠲᠦᠷᠢᠮ ᠢ | ᠨᠠᠶᠢᠳᠠᠪᠤᠷᠢᠵᠢᠭᠤᠯᠵᠤ᠂ ᠤᠴᠢᠷ ᠶᠠᠪᠤᠳᠠᠯ ᠤᠨ ᠳᠤᠮᠳᠠᠬᠢ ᠪᠠ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ | ᠂ ᠠᠵᠢᠯ ᠣᠯᠭᠤᠯᠲᠠ ᠪᠠ ᠨᠡᠶᠢᠭᠡᠮ ᠤᠨ ᠪᠠᠲᠤᠯᠠᠭ᠎ᠠ ᠵᠡᠷᠭᠡ ᠤᠯᠠᠨ ᠨᠡᠶᠢᠲᠡ ᠶᠢᠨ ᠦᠢᠯᠡᠴᠢᠯᠡᠭᠡᠨ ᠤ ᠠᠷᠭ᠎ᠠ | ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠴᠢᠩᠭᠠᠳᠬᠠᠵᠤ᠂ ᠤᠯᠠᠨ | ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠳᠥᠷᠪᠡᠳᠦᠭᠡᠷ ᠵᠦᠢᠯ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ ᠳᠤᠤᠷᠠᠬᠢ ᠮᠡᠲᠦ ᠳᠣᠲᠣᠭᠠᠳᠤ ᠪᠠᠶᠢᠭᠤᠯᠤᠮᠵᠢ ᠶᠢ ᠪᠠᠶᠢᠭᠤᠯᠤᠨ᠎ᠠ᠄ | ︵ᠨᠢᠭᠡ︶ ᠠᠯᠪᠠᠨ ᠭᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠢ ᠬᠠᠷᠢᠭᠤᠴᠠᠵᠤ᠂ | ᠬᠤᠷᠠᠯ ᠤᠨ ᠶᠠᠪᠤᠳᠠᠯ᠂ ᠪᠢᠴᠢᠭ ᠬᠠᠷ᠎ᠠ ᠳᠠᠩᠰᠠ ᠡᠪᠬᠡᠮᠡᠯ᠂ ᠨᠢᠭᠤᠴᠠ ᠮᠠᠲ᠋ᠧᠷᠢᠶᠠᠯ᠂ ᠨᠢᠭᠤᠴᠠ ᠶᠢ ᠬᠠᠮᠠᠭᠠᠯᠠᠬᠤ᠂ | ᠵᠠᠰᠠᠭ ᠤᠨ ᠶᠠᠪᠤᠳᠠᠯ ᠢ ᠢᠯᠡ ᠪᠣᠯᠭᠠᠬᠤ᠂ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠭᠦᠢᠴᠡᠳᠬᠡᠬᠦ᠂ ᠬᠠᠷᠠᠯᠲᠠᠲᠤ | ᠰᠢᠯᠭᠠᠨ ᠬᠢᠨᠠᠬᠤ ᠵᠡᠷᠭᠡ ᠠᠵᠢᠯ ᠢ ᠬᠠᠷᠢᠭᠤᠴᠠᠨ᠎ᠠ᠃ ᠮᠡᠳᠡᠭᠡ ᠵᠠᠩᠭᠢᠵᠢᠯᠲᠠ ᠪᠠ ᠵᠠᠰᠠᠭ ᠤᠨ ᠶᠠᠪᠤᠳᠠᠯ ᠤᠨ | ᠦᠶ᠋ᠯᠡᠴᠢᠯᠡᠭᠡᠨ ᠤ ᠪᠠᠷᠢᠮᠵᠢᠶᠠᠵᠢᠭᠤᠯᠤᠭᠰᠠᠨ ᠪᠠᠶᠢᠭᠤᠯᠤᠯᠲᠠ ᠶᠢ ᠬᠠᠷᠢᠭᠤᠴᠠᠨ᠎ᠠ᠃ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠪᠠ 《 ᠪᠠᠭᠤᠯᠭᠠᠬᠤ ᠬᠠᠮᠢᠶᠠᠷᠬᠤ ᠦᠢᠯᠡᠴᠢᠯᠡᠬᠦ 》 ᠥᠭᠡᠷᠡᠴᠢᠯᠡᠯᠲᠡ ᠶᠢᠨ ᠬᠠᠮᠢᠶ᠎ᠠ ᠪᠥᠬᠦᠶ ᠠᠵᠢᠯ ᠢ | ᠬᠠᠷᠢᠭᠤᠴᠠᠨ᠎ᠠ᠃ ᠵᠢᠯᠣᠭᠤᠳᠬᠤ ᠰᠢᠰᠲ᠋ᠧᠮ ᠤᠨ ᠠᠵᠢᠯ ᠲᠥᠷᠥᠯ ᠤᠨ ᠰᠤᠷᠲᠠᠯ ᠤᠨ ᠪᠠᠶᠢᠭᠤᠯᠤᠯᠲᠠ᠃ | ᠪᠠᠶᠢᠭᠤᠯᠤᠯᠭ᠎ᠠ ᠪᠣᠯᠤᠨ ᠬᠠᠷᠢᠶ᠎ᠠ ᠨᠢᠭᠡᠴᠡ ᠶᠢᠨ ᠢᠶᠠᠨ ᠠᠵᠢᠯ ᠠᠴᠠ ᠪᠠᠨ ᠠᠮᠠᠷᠠᠭᠰᠠᠳ ᠪᠠᠭᠤᠭᠰᠠᠳ ᠤᠨ ᠠᠵᠢᠯ ᠢ | ᠡᠭᠦᠷᠭᠡᠯᠡᠨ᠎ᠡ᠃ ᠴᠢᠬᠤᠯᠠ ᠡᠬᠡ ᠪᠢᠴᠢᠭ ᠲᠤᠭᠤᠷᠪᠢᠬᠤ ᠠᠵᠢᠯ ᠢ ᠡᠭᠦᠷᠭᠡᠯᠡᠨ᠎ᠡ᠃ ᠬᠥᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠮᠡᠳᠡᠭᠡ ᠵᠠᠩᠭᠢ ᠶᠢᠨ ᠤᠬᠠᠭᠤᠯᠭ᠎ᠠ ᠵᠢᠴᠢ ᠪᠠᠶᠢᠳᠠᠯ ᠢ ᠬᠢᠨᠠᠨ ᠡᠵᠡᠮᠳᠡᠬᠦ | ᠠᠵᠢᠯ ᠢ ᠬᠠᠷᠢᠭᠤᠴᠠᠨ᠎ᠠ᠃ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠬᠦᠷᠢᠶᠡᠨ ᠳᠠᠬᠢ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ᠪᠠᠶᠢᠭᠤᠯᠤᠯᠭ᠎ᠠ ᠪᠣᠯᠤᠨ ᠬᠠᠷᠢᠶ᠎ᠠ ᠨᠢᠭᠡᠴᠡ ᠶᠢᠨ ᠪᠠᠶᠢᠭᠤᠯᠤᠮᠵᠢ ᠶᠢᠨ ᠣᠷᠣᠨ ᠲᠤᠭ᠎ᠠ᠂ ᠠᠵᠢᠯᠲᠠᠨ ᠤ ᠬᠠᠮᠢᠶᠠᠷᠤᠯᠲᠠ᠂ | ᠬᠥᠳᠡᠯᠮᠦᠷᠢ ᠴᠠᠯᠢᠩ ᠤᠨ ᠠᠵᠢᠯ ᠢ ᠬᠠᠷᠢᠭᠤᠴᠠᠨ᠎ᠠ᠃ ᠪᠦᠬᠦ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠺᠠᠳ᠋ᠷ ᠤᠨ ᠬᠥᠮᠦᠵᠢᠯ ᠪᠣᠯᠪᠠᠰᠤᠷᠠᠯ ᠤᠨ ᠠᠵᠢᠯ ᠢ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ᠃ ᠪᠠᠶᠢᠭᠤᠯᠭ᠎ᠠ ᠶᠢᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ | ᠶᠣᠰᠣᠴᠢ ᠴᠢᠨᠠᠷ ᠢ ᠬᠢᠨᠠᠨ ᠪᠠᠶᠢᠴᠠᠭᠠᠬᠤ ᠠᠵᠢᠯ ᠢ ᠡᠭᠦᠷᠭᠡᠯᠡᠨ᠎ᠡ᠃ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠬᠠᠤᠯᠢ ᠲᠦᠭᠡᠮᠡᠯᠵᠢᠭᠦᠯᠬᠦ ᠠᠵᠢᠯ ᠢ ᠡᠭᠦᠷᠭᠡᠯᠡᠨ᠎ᠡ᠃ ᠪᠠᠶᠢᠭᠤᠯᠭ᠎ᠠ ᠶᠢᠨ | ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠬᠠᠷᠢᠭᠤᠴᠠᠨ᠎ᠠ᠃ | ︵ᠬᠤᠶᠠᠷ︶ ᠡᠳ᠋ ᠤᠨ ᠶᠠᠪᠤᠳᠠᠯ ᠤᠨ ᠲᠥᠯᠥᠪᠵᠢᠭᠦᠯᠭᠡ ᠪᠠ ᠰᠠᠭᠤᠷᠢ ᠮᠥᠩᠭᠦ ᠶᠢᠨ ᠬᠢᠨᠠᠯᠲᠠ ᠲᠠᠯᠪᠢᠬᠤ | ᠲᠠᠰᠤᠭ᠃ ᠪᠦᠬᠦ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠦᠢᠯᠡᠰ ᠤᠨ ᠬᠥᠭᠵᠢᠯᠲᠡ ᠶᠢᠨ ᠲᠥᠯᠥᠪᠵᠢᠭᠦᠯᠪᠡ ᠪᠠ ᠣᠨ ᠤ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ | ᠬᠠᠮᠲᠤ ᠳᠠᠭᠠᠭᠤᠯᠤᠨ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠠᠵᠢᠯ ᠣᠯᠭᠤᠯᠲᠠ᠂ ᠬᠤᠯᠪᠣᠭᠳᠠᠯ ᠪᠦᠬᠦᠢ | ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ︵ᠪᠡᠯᠡ ᠮᠥᠩᠭᠦ︶ ᠶᠢᠨ ᠲᠥᠰᠦᠪ ᠪᠠ ᠲᠥᠰᠦᠪ ᠤᠨ | ᠭᠦᠢᠴᠡᠳᠬᠡᠯ ᠤᠨ ᠲᠥᠰᠦᠯ ᠵᠢᠴᠢ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠳᠦᠷᠢᠮ ᠢ ᠨᠠᠶᠢᠷᠠᠭᠤᠯᠤᠨ ᠵᠣᠬᠢᠶᠠᠨ᠎ᠠ | ᠃ ᠮᠡᠳᠡᠭᠡ ᠵᠠᠩᠭᠢ ᠶᠢᠨ ᠲᠥᠯᠥᠪᠵᠢᠭᠦᠯᠭᠡ ᠪᠠ ᠲᠤᠭ᠎ᠠ ᠪᠦᠷᠢᠳᠬᠡᠯ ᠤᠨ ᠬᠠᠮᠢᠶᠠᠷᠤᠯᠲᠠ ᠶᠢ ᠬᠠᠷᠢᠭᠤᠴᠠᠨ᠎ᠠ᠃ | ᠪᠠᠶᠢᠭᠤᠯᠭ᠎ᠠ ᠶᠢᠨ ᠡᠳ᠋ ᠤᠨ ᠶᠠᠪᠤᠳᠠᠯ᠂ ᠡᠳ᠋ ᠬᠥᠷᠥᠩᠭᠡ ᠶᠢᠨ ᠬᠠᠮᠢᠶᠠᠷᠤᠯᠲᠠ ᠵᠡᠷᠭᠡ ᠠᠵᠢᠯ ᠢ ᠡᠭᠦᠷᠭᠡᠯᠡᠵᠦ᠂ ᠬᠠᠷᠢᠶ᠎ᠠ | ᠨᠢᠭᠡᠴᠡ ᠶᠢᠨ ᠬᠠᠮᠢᠶ᠎ᠠ ᠪᠥᠬᠦᠶ ᠠᠵᠢᠯ ᠢ ᠵᠢᠯᠣᠭᠤᠳᠤᠨ᠎ᠠ᠃ ᠣᠯᠠᠨ ᠤᠯᠤᠰ ᠠᠴᠠ ᠲᠤᠰᠠᠯᠠᠮᠵᠢ ᠶᠢᠨ ᠵᠢᠭᠡᠯᠡᠯᠭᠡ ᠶᠢᠨ | ᠬᠤᠯᠪᠣᠭᠳᠠᠯ ᠪᠦᠬᠦᠢ ᠲᠥᠷᠥᠯ ᠵᠦᠢᠯ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠨᠠᠰᠤᠵᠢᠯ ᠤᠨ ᠦᠨᠳᠦᠰᠦᠨ | ᠠᠰᠠᠷᠠᠮᠵᠢ᠂ ᠠᠵᠢᠯ ᠠᠯᠳᠠᠯᠲᠠ᠂ ᠠᠵᠢᠯ ᠤᠨ ᠬᠠᠷᠠᠭ᠎ᠠ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠠᠭᠤᠷᠢ | ᠮᠥᠩᠭᠦ ᠳᠤ ᠬᠢᠨᠠᠯᠲᠠ ᠲᠠᠯᠪᠢᠬᠤ ᠲᠦᠷᠢᠮ ᠢ ᠲᠣᠭᠲᠠᠭᠠᠨ᠎ᠠ᠃ ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ | ᠮᠥᠩᠭᠦ᠂ ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ ᠮᠥᠩᠭᠦ᠂ ᠠᠵᠢᠯ ᠠᠴᠠ ᠪᠣᠯᠤᠭᠰᠠᠨ ᠭᠡᠮᠲᠦᠯ ᠤᠨ | ᠳᠠᠭᠠᠳᠬᠠᠯ ᠤᠨ ᠰᠠᠭᠤᠷᠢ ᠮᠥᠩᠭᠦ᠂ ᠠᠵᠢᠯ ᠣᠯᠭᠤᠯᠲᠠ ᠶᠢᠨ ᠲᠤᠰᠬᠠᠶ ᠵᠦᠢᠯ ᠤᠨ ᠪᠡᠯᠡ ᠮᠥᠩᠭᠦ᠂ | ᠴᠢᠳᠠᠪᠤᠷᠢᠲᠠᠨ ᠤ ᠨᠡᠭᠡᠭᠡᠯᠲᠡ ᠶᠢᠨ ᠪᠡᠯᠡ ᠮᠥᠩᠭᠦ ᠵᠢᠴᠢ ᠪᠠᠶᠢᠭᠤᠯᠤᠯᠭ᠎ᠠ ᠪᠣᠯᠤᠨ ᠬᠠᠷᠢᠶ᠎ᠠ ᠨᠢᠭᠡᠴᠡ ᠶᠢᠨ ᠲᠥᠰᠦᠪ ᠤᠨ | ᠪᠡᠯᠡ ᠮᠥᠩᠭᠦ ᠳᠤ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠥᠷᠨᠢᠭᠦᠯᠦᠨ᠎ᠡ᠃ ᠰᠠᠭᠤᠷᠢ ᠮᠥᠩᠭᠦ ᠶᠢᠨ | ᠲᠥᠰᠦᠭᠡᠯᠡᠵᠦ ᠰᠡᠷᠡᠮᠵᠢᠯᠡᠭᠦᠯᠬᠦ ᠠᠵᠢᠯ ᠢ ᠬᠠᠷᠢᠭᠤᠴᠠᠨ᠎ᠠ᠃ ᠠᠵᠤ ᠠᠬᠤᠶᠢᠯᠠᠯ ︵ᠠᠵᠢᠯ ᠮᠡᠷᠭᠡᠵᠢᠯ︶ ᠤᠨ ᠵᠢᠯ ᠤᠨ | ᠮᠥᠩᠭᠦ᠂ ᠬᠤᠪᠢ ᠬᠥᠮᠦᠨ ᠤ ᠬᠠᠳᠠᠭᠠᠯᠠᠮᠵᠢ ᠶᠢᠨ ᠴᠢᠨᠠᠷᠲᠠᠶ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ ᠶᠢᠨ | ᠬᠠᠮᠢᠶᠠᠷᠤᠯᠲᠠ ᠡᠵᠡᠩᠨᠡᠯᠲᠡ ᠳᠤ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠎ᠡ᠃ | ︵ᠭᠤᠷᠪᠠ︶ ᠠᠵᠢᠯ ᠣᠯᠭᠤᠯᠲᠠ ᠶᠢ ᠠᠬᠢᠭᠤᠯᠬᠤ ᠪᠠ ᠠᠵᠢᠯ ᠮᠡᠷᠭᠡᠵᠢᠯ ᠤᠨ ᠴᠢᠳᠠᠪᠤᠷᠢ ᠶᠢᠨ | ᠪᠠᠶᠢᠭᠤᠯᠤᠯᠲᠠ ᠶᠢᠨ ᠲᠠᠰᠤᠭ᠃ ᠪᠦᠬᠦ ᠬᠤᠲᠠ ᠶᠢᠨ ᠠᠵᠢᠯ ᠣᠯᠭᠤᠯᠲᠠ ᠶᠢᠨ ᠲᠥᠯᠥᠪᠵᠢᠭᠦᠯᠪᠡ᠂ ᠲᠥᠯᠥᠪᠯᠡᠭᠡ ᠶᠢ | ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠣᠯᠠᠨ ᠨᠡᠶᠢᠲᠡ ᠶᠢᠨ ᠠᠵᠢᠯ | ᠣᠯᠭᠤᠬᠤ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠣᠭᠤᠳᠤᠨ᠂ ᠣᠯᠠᠨ ᠨᠡᠶᠢᠲᠡ ᠶᠢᠨ ᠠᠵᠢᠯ | ᠣᠯᠭᠤᠬᠤ ᠦᠢᠯᠡᠴᠢᠯᠡᠭᠡᠨ ᠤ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠪᠦᠬᠦ ᠬᠤᠲᠠ ᠶᠢᠨ ᠳᠡᠭᠡᠳᠦ ᠰᠤᠷᠭᠠᠭᠤᠯᠢ | ᠲᠡᠭᠦᠰᠦᠭᠰᠡᠳ ᠲᠤ ᠠᠵᠢᠯ ᠣᠯᠭᠤᠬᠤ ᠲᠥᠷᠦ ᠶᠢᠨ ᠪᠣᠳᠣᠯᠭ᠎ᠠ ᠪᠠ ᠳᠡᠭᠡᠳᠦ ᠰᠤᠷᠭᠠᠭᠤᠯᠢ ᠲᠡᠭᠦᠰᠦᠭᠰᠡᠳ ᠤᠨ | ᠦᠨᠳᠦᠰᠦᠨ ᠱᠠᠲᠤᠨ ᠳᠤ ᠦᠢᠯᠡᠴᠢᠯᠡᠬᠦ ᠲᠥᠷᠦᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠵᠢᠯ | ᠣᠯᠭᠤᠬᠤ ᠲᠤᠰᠠᠯᠠᠮᠵᠢ ᠶᠢᠨ ᠳᠦᠷᠢᠮ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠠᠵᠢᠯ ᠠᠯᠳᠠᠯᠲᠠ ᠶᠢᠨ | ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠲᠠᠷᠢᠶᠠᠴᠢᠨ ᠮᠠᠯᠴᠢᠨ | ᠬᠦᠴᠦ ᠶᠠᠪᠤᠭᠰᠠᠳ ᠤᠨ ᠠᠵᠢᠯ ᠤᠨ ᠶᠡᠷᠦᠩᠬᠡᠶᠢᠯᠡᠭᠰᠡᠨ ᠴᠢᠨᠠᠷᠲᠠᠶ ᠲᠥᠯᠥᠪᠵᠢᠭᠦᠯᠭᠡ ᠶᠢ ᠲᠦᠷᠦᠭᠦᠯᠡᠨ | ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ᠃ ᠮᠠᠯᠵᠢᠬᠤ ᠲᠠᠷᠢᠶᠠᠯᠠᠬᠤ ᠣᠷᠣᠨ ᠤ | ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ | ᠲᠠᠷᠢᠶᠠᠴᠢᠨ ᠮᠠᠯᠴᠢᠨ ᠬᠦᠴᠦ ᠶᠠᠪᠤᠭᠰᠠᠳ ᠲᠤ ᠬᠤᠯᠪᠣᠭᠳᠠᠬᠤ ᠴᠢᠬᠤᠯᠠ ᠶᠡᠭᠡ ᠬᠡᠷᠡᠭ ᠢ ᠵᠣᠬᠢᠴᠠᠭᠤᠯᠤᠨ | ᠰᠢᠢᠳᠪᠦᠷᠢᠯᠡᠬᠦ ᠬᠡᠷᠡᠭᠲᠡᠶ᠃ ᠲᠠᠷᠢᠶᠠᠴᠢᠨ ᠮᠠᠯᠴᠢᠨ ᠬᠦᠴᠦ ᠶᠠᠪᠤᠭᠰᠠᠳ ᠤᠨ ᠮᠡᠳᠡᠭᠡ ᠵᠠᠩᠭᠢ ᠶᠢᠨ ᠠᠵᠢᠯ ᠢ | ᠵᠢᠯᠣᠭᠤᠳᠤᠨ ᠵᠣᠬᠢᠴᠠᠭᠤᠯᠬᠤ ᠬᠡᠷᠡᠭᠲᠡᠶ᠃ ᠪᠦᠬᠦ ᠬᠤᠲᠠ ᠶᠢᠨ ᠬᠤᠲᠠ ᠬᠥᠳᠡᠭᠡ ᠶᠢᠨ ᠬᠥᠳᠡᠯᠮᠦᠷᠢᠴᠢᠳ ᠤᠨ ᠠᠵᠢᠯ | ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠲᠥᠯᠥᠪᠵᠢᠭᠦᠯᠭᠡ ᠶᠢ ᠲᠣᠭᠲᠠᠭᠠᠨ᠎ᠠ᠃ ᠨᠠᠰᠤᠨ | ᠲᠤᠷᠰᠢᠳᠠ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠳᠦᠷᠢᠮ ᠢ ᠪᠠᠶᠢᠭᠤᠯᠤᠨ | ᠲᠡᠭᠦᠯᠳᠡᠷᠵᠢᠭᠦᠯᠬᠦ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠮᠡᠷᠭᠡᠵᠢᠯ ᠤᠨ ᠴᠢᠳᠠᠪᠤᠷᠢᠲᠠᠨ ᠢ | ᠬᠥᠮᠦᠵᠢᠭᠦᠯᠬᠦ᠂ ᠦᠨᠡᠯᠡᠬᠦ᠂ ᠤᠷᠮᠠᠰᠢᠭᠤᠯᠬᠤ ᠲᠥᠯᠥᠪᠯᠡᠭᠡ ᠪᠣᠯᠤᠨ ᠠᠷᠭ᠎ᠠ ᠬᠡᠮᠵᠢᠶ᠎ᠡ ᠶᠢ ᠲᠣᠭᠲᠠᠭᠠᠬᠤ ᠶᠢᠨ ᠬᠠᠮᠲᠤ | ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠷᠬᠢᠯᠡᠭᠰᠡᠨ ᠠᠵᠢᠯ ᠤᠨ ᠬᠢᠷᠢ ᠬᠡᠮ ᠤᠨ ᠳᠦᠷᠢᠮ ᠢ ᠨᠠᠶᠢᠳᠠᠪᠤᠷᠢᠵᠢᠭᠤᠯᠬᠤ | ᠬᠠᠮᠢᠶ᠎ᠠ ᠪᠦᠬᠦᠢ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ ᠮᠡᠷᠭᠡᠵᠢᠯ ᠤᠨ ᠠᠵᠢᠯᠴᠢᠨ ᠤ ᠳᠡᠭᠡᠳᠦ ᠰᠤᠷᠭᠠᠭᠤᠯᠢ᠂ ᠳᠡᠭᠡᠳᠦ ᠮᠡᠷᠭᠡᠵᠢᠯ ᠤᠨ ᠴᠢᠳᠠᠪᠤᠷᠢᠲᠠᠨ ᠢ | ᠪᠣᠯᠪᠠᠰᠤᠷᠠᠭᠤᠯᠬᠤ ᠰᠠᠭᠤᠷᠢᠨ ᠭᠠᠵᠠᠷ᠂ ᠮᠠᠰᠲ᠋ᠧᠷ ᠤᠨ ᠠᠵᠢᠯᠯᠠᠬᠤ ᠭᠡᠷ ᠪᠣᠯᠤᠨ ᠣᠯᠠᠨ ᠨᠡᠶᠢᠲᠡ ᠶᠢᠨ ᠳᠠᠳᠤᠯᠭ᠎ᠠ | ᠪᠣᠯᠪᠠᠰᠤᠷᠠᠭᠤᠯᠤᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠵᠢᠯᠣᠭᠤᠳᠤᠨ᠎ᠠ᠃ | ︵ᠳᠥᠷᠪᠡ︶ ᠬᠥᠮᠦᠨ ᠤ ᠬᠦᠴᠦᠨ ᠤ ᠡᠬᠢ ᠪᠠᠶᠠᠯᠢᠭ ᠤᠨ ᠨᠡᠭᠡᠭᠡᠯᠲᠡ ᠬᠢᠭᠡᠳ ᠵᠠᠬ᠎ᠠ ᠳᠡᠯᠭᠡᠭᠦᠷ ᠤᠨ | ᠬᠠᠮᠢᠶᠠᠷᠤᠯᠲᠠ ᠶᠢᠨ ᠲᠠᠰᠤᠭ᠃ ᠪᠦᠬᠦ ᠬᠤᠲᠠ ᠶᠢᠨ ᠴᠢᠳᠠᠪᠤᠷᠢᠲᠠᠨ ᠢ ᠨᠡᠭᠡᠭᠡᠨ ᠬᠥᠭᠵᠢᠭᠦᠯᠬᠦ ᠲᠥᠯᠥᠪᠯᠡᠭᠡ ᠶᠢ | ᠲᠤᠭᠤᠷᠪᠢᠨ ᠲᠣᠭᠲᠠᠭᠠᠵᠤ᠂ ᠴᠢᠳᠠᠪᠤᠷᠢᠲᠠᠨ ᠢ ᠨᠡᠭᠡᠭᠡᠨ ᠬᠥᠭᠵᠢᠭᠦᠯᠬᠦ ᠭᠠᠷᠴᠠᠭ ᠢ ᠨᠠᠶᠢᠷᠠᠭᠤᠯᠤᠨ ᠵᠣᠬᠢᠶᠠᠵᠤ᠂ | ᠳᠡᠭᠡᠳᠦ ᠳᠡᠰ ᠳᠠᠪᠬᠤᠷᠭ᠎ᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠴᠢᠬᠤᠯᠠ ᠶᠡᠭᠡ ᠴᠢᠳᠠᠪᠤᠷᠢᠲᠠᠨ ᠤ | ᠵᠦᠢᠯᠡᠰ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠣᠯᠠᠨ ᠤᠯᠤᠰ ᠠᠴᠠ ᠪᠠ ᠣᠷᠣᠨ | ᠪᠦᠰᠡ ᠶᠢᠨ ᠴᠢᠳᠠᠪᠤᠷᠢᠲᠠᠨ ᠤ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠥᠷᠨᠢᠭᠦᠯᠦᠨ᠎ᠡ᠃ ᠬᠥᠮᠦᠨ ᠤ ᠬᠦᠴᠦᠨ ᠤ | ᠡᠬᠢ ᠪᠠᠶᠠᠯᠢᠭ ᠤᠨ ᠵᠠᠬ᠎ᠠ ᠳᠡᠯᠭᠡᠭᠦᠷ᠂ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠤᠨ | ᠬᠥᠭᠵᠢᠯᠲᠡ᠂ ᠬᠥᠮᠦᠨ ᠤ ᠬᠦᠴᠦᠨ ᠤ ᠡᠬᠢ ᠪᠠᠶᠠᠯᠢᠭ ᠤᠨ ᠰᠢᠯᠵᠢᠯᠲᠡ ᠶᠢᠨ ᠲᠥᠯᠥᠪᠵᠢᠭᠦᠯᠭᠡ ᠲᠣᠭᠲᠠᠭᠠᠵᠤ᠂ | ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠪᠠ ᠠᠵᠢᠯ ᠮᠡᠷᠭᠡᠵᠢᠯ ᠤᠨ ᠵᠠᠭᠤᠴᠢ ᠪᠠᠶᠢᠭᠤᠯᠤᠮᠵᠢ ᠶᠢᠨ | ᠲᠤᠬᠠᠶᠢᠯᠠᠭᠰᠠᠨ ᠠᠵᠢᠯ ᠤᠨ ᠠᠵᠢᠯᠯᠠᠭ᠎ᠠ ᠶᠢ ᠵᠢᠯᠣᠭᠤᠳᠤᠨ ᠵᠢᠷᠤᠮᠵᠢᠭᠤᠯᠵᠤ᠂ ᠬᠥᠮᠦᠨ ᠤ ᠬᠦᠴᠦᠨ ᠤ ᠡᠬᠢ | ᠪᠠᠶᠠᠯᠢᠭ ᠤᠨ ᠵᠠᠬ᠎ᠠ ᠳᠡᠯᠭᠡᠭᠦᠷ ᠤᠨ ᠮᠡᠳᠡᠭᠡ ᠵᠠᠩᠭᠢ ᠶᠢᠨ ᠬᠠᠮᠢᠶ᠎ᠠ ᠪᠥᠬᠦᠶ ᠠᠵᠢᠯ ᠢ ᠬᠠᠷᠢᠭᠤᠴᠠᠨ᠎ᠠ᠃ ᠪᠦᠬᠦ | ᠬᠤᠲᠠ ᠶᠢᠨ ᠴᠢᠳᠠᠪᠤᠷᠢᠲᠠᠨ ᠤ ᠨᠡᠭᠡᠭᠡᠯᠲᠡ ᠶᠢᠨ ᠪᠡᠯᠡ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢ ᠬᠠᠷᠢᠭᠤᠴᠠᠨ᠎ᠠ᠃ | ᠳᠡᠭᠡᠳᠦ ᠳᠡᠰ ᠳᠠᠪᠬᠤᠷᠭ᠎ᠠ ᠶᠢᠨ ᠴᠢᠳᠠᠪᠤᠷᠢᠲᠠᠨ ᠢ ᠰᠢᠯᠢᠨ ᠳᠡᠪᠰᠢᠭᠦᠯᠵᠦ ᠰᠤᠩᠭᠤᠨ ᠲᠠᠨᠢᠯᠴᠠᠭᠤᠯᠬᠤ᠂ | ᠬᠥᠮᠦᠵᠢᠭᠦᠯᠬᠦ ᠵᠢᠴᠢ ᠭᠠᠳᠠᠭᠠᠳᠤ ᠳᠤ ᠰᠤᠷᠤᠯᠴᠠᠭᠰᠠᠳ ᠤᠨ ᠬᠠᠮᠢᠶᠠᠷᠤᠯᠲᠠ ᠦᠢᠯᠡᠴᠢᠯᠡᠭᠡᠨ ᠤ ᠠᠵᠢᠯ ᠢ ᠡᠭᠦᠷᠭᠡᠯᠡᠨ᠎ᠡ | ᠃ | ︵ᠲᠠᠪᠤ︶ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠶᠠᠪᠤᠳᠠᠯ ᠪᠠ ᠲᠤᠰᠬᠠᠶ ᠮᠡᠷᠭᠡᠵᠢᠯ ᠤᠨ | ᠠᠵᠢᠯᠲᠠᠨ ᠤ ᠬᠠᠮᠢᠶᠠᠷᠤᠯᠲᠠ ᠶᠢᠨ ᠲᠠᠰᠤᠭ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠬᠦ | ᠬᠤᠲᠠ ᠶᠢᠨ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ | ᠵᠢᠯᠣᠭᠤᠳᠴᠤ᠂ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠪᠠ ᠠᠯᠪᠠᠨ ᠪᠠᠶᠢᠭᠤᠯᠭ᠎ᠠ ᠶᠢᠨ ᠦᠢᠯᠡᠴᠢᠯᠡᠭᠡᠨ ᠤ | ᠠᠵᠢᠯᠲᠠᠨ ᠤ ᠬᠠᠮᠢᠶᠠᠷᠤᠯᠲᠠ ᠶᠢᠨ ᠲᠥᠷᠦ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠦᠬᠦ | ᠬᠤᠲᠠ ᠶᠢᠨ ᠵᠠᠰᠠᠭ ᠤᠨ ᠣᠷᠳᠣᠨ ᠤ ᠰᠢᠰᠲ᠋ᠧᠮ ᠤᠨ ᠠᠵᠢᠯ ᠦᠢᠯᠡᠰ ᠤᠨ ᠨᠢᠭᠡᠴᠡ ᠶᠢᠨ ᠢᠯᠡ ᠪᠠᠷ ᠠᠵᠢᠯᠲᠠᠨ | ᠡᠯᠰᠡᠬᠦ ᠠᠵᠢᠯ ᠢ ᠡᠭᠦᠷᠭᠡᠯᠡᠵᠦ᠂ ᠬᠤᠲᠠ ᠶᠢᠨ ᠲᠣᠰ ᠱᠠᠲᠤᠨ ᠤ ᠵᠠᠰᠠᠭ ᠤᠨ ᠣᠷᠳᠣᠨ ᠤ ᠰᠢᠰᠲ᠋ᠧᠮ ᠤᠨ ᠠᠵᠢᠯ | ᠦᠢᠯᠡᠰ ᠤᠨ ᠨᠢᠭᠡᠴᠡ ᠶᠢᠨ ᠠᠵᠢᠯ ᠤᠨ ᠪᠠᠶᠢᠷᠢ ᠶᠢᠨ ᠲᠣᠬᠢᠷᠠᠭᠤᠯᠤᠯᠲᠠ᠂ ᠲᠠᠰᠤᠭ ᠤᠨ ᠲᠡᠰ ᠤᠨ ᠺᠠᠳ᠋ᠷ ᠢ | ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠶᠢ ᠳᠠᠩᠰᠠᠯᠠᠬᠤ ᠠᠵᠢᠯ ᠢ ᠳᠠᠭᠠᠭᠠᠨ ᠭᠦᠢᠴᠡᠳᠬᠡᠨ᠎ᠡ᠃ | ᠠᠵᠢᠯ ᠦᠶ᠋ᠯᠡᠰ ᠤᠨ ᠨᠢᠭᠡᠴᠡ ᠶᠢᠨ ᠠᠵᠢᠯᠲᠠᠨ᠂ ᠪᠠᠶᠢᠭᠤᠯᠭ᠎ᠠ ᠶᠢᠨ ᠦᠢᠯᠡᠴᠢᠯᠡᠭᠡᠨ ᠤ ᠠᠵᠢᠯᠲᠠᠨ ᠤ ᠪᠡᠶ᠎ᠡ ᠶᠢᠨ | ᠭᠠᠷᠤᠯ ᠢ ᠮᠠᠭᠠᠳᠯᠠᠨ ᠲᠣᠭᠲᠠᠭᠠᠬᠤ ᠠᠵᠢᠯ ᠢ ᠡᠭᠦᠷᠭᠡᠯᠡᠨ᠎ᠡ᠃ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ | ᠶᠣᠰᠣᠭᠠᠷ ᠬᠤᠲᠠ ᠶᠢᠨ ᠲᠣᠰ ᠱᠠᠲᠤᠨ ᠤ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠢ ᠰᠢᠯᠵᠢᠭᠦᠯᠦᠨ | ᠲᠣᠬᠢᠷᠠᠭᠤᠯᠬᠤ ᠠᠵᠢᠯ ᠢ ᠡᠭᠦᠷᠭᠡᠯᠡᠨ᠎ᠡ᠃ ᠲᠤᠰᠬᠠᠶ ᠮᠡᠷᠭᠡᠵᠢᠯ ᠤᠨ ᠴᠢᠳᠠᠪᠤᠷᠢᠲᠠᠨ ᠤ ᠬᠠᠮᠢᠶᠠᠷᠤᠯᠲᠠ ᠪᠠ | ᠦᠷᠭᠦᠯᠵᠢᠯᠡᠭᠰᠡᠨ ᠰᠤᠷᠭᠠᠨ ᠬᠥᠮᠦᠵᠢᠯ ᠤᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ | ᠮᠡᠷᠭᠡᠵᠢᠯ ᠤᠨ ᠴᠣᠯᠠ ᠶᠢᠨ ᠲᠦᠷᠢᠮ ᠤᠨ ᠥᠭᠡᠷᠡᠴᠢᠯᠡᠯᠲᠡ ᠪᠠ ᠬᠢᠨᠠᠨ ᠲᠣᠭᠲᠠᠭᠠᠬᠤ ᠠᠵᠢᠯ ᠢ ᠵᠣᠬᠢᠶᠠᠨ ᠪᠠᠶᠢᠭᠤᠯᠵᠤ | ᠬᠡᠷᠡᠭᠵᠢᠭᠦᠯᠦᠨ᠎ᠡ᠃ ᠲᠤᠰᠬᠠᠢ ᠮᠡᠷᠭᠡᠵᠢᠯ ᠤᠨ ᠲᠤᠰᠢᠶᠠᠯ ᠳᠤ ᠤᠷᠢᠵᠤ ᠲᠣᠮᠢᠯᠠᠬᠤ ᠠᠵᠢᠯ ᠢ ᠵᠣᠬᠢᠶᠠᠨ ᠪᠠᠶᠢᠭᠤᠯᠵᠤ | ᠬᠡᠷᠡᠭᠵᠢᠭᠦᠯᠦᠨ᠎ᠡ᠃ ᠲᠤᠰᠬᠠᠶ ᠮᠡᠷᠭᠡᠵᠢᠯ ᠤᠨ ᠬᠢᠷᠢ ᠬᠡᠮ ᠤᠨ ᠰᠢᠯᠭᠠᠯᠲᠠ ᠶᠢᠨ ᠳᠦᠷᠢᠮ ᠢ ᠨᠠᠶᠢᠳᠠᠪᠤᠷᠢᠵᠢᠭᠤᠯᠬᠤ ᠶᠢᠨ | ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠬᠤ ᠬᠡᠷᠡᠭᠲᠡᠶ᠃ | ︵ᠵᠢᠷᠭᠤᠭ᠎ᠠ︶ ᠴᠠᠯᠢᠩ ᠠᠰᠠᠷᠠᠮᠵᠢ ᠶᠢᠨ ᠲᠠᠰᠤᠭ ︵ᠬᠥᠬᠢᠭᠦᠯᠦᠨ ᠱᠠᠩᠨᠠᠬᠤ ᠠᠯᠪᠠᠨ ᠬᠡᠷ︶᠃ ᠠᠵᠢᠯ | ᠦᠢᠯᠡᠰ ᠤᠨ ᠨᠢᠭᠡᠴᠡ ᠶᠢᠨ ᠠᠵᠢᠯᠲᠠᠨ᠂ ᠪᠠᠶᠢᠭᠤᠯᠤᠯᠭ᠎ᠠ ᠶᠢᠨ ᠦᠢᠯᠡᠴᠢᠯᠡᠭᠡᠨ ᠤ ᠠᠵᠢᠯᠲᠠᠨ ᠤ ᠴᠠᠯᠢᠩ ᠤᠨ | ᠣᠷᠣᠯᠭ᠎ᠠ ᠶᠢᠨ ᠬᠤᠪᠢᠶᠠᠷᠢᠯᠠᠯᠲᠠ᠂ ᠠᠰᠠᠷᠠᠮᠵᠢ ᠪᠣᠯᠤᠨ ᠠᠵᠢᠯ ᠠᠴᠠ ᠪᠠᠨ ᠠᠮᠠᠷᠠᠭᠰᠠᠳ ᠪᠠᠭᠤᠭᠰᠠᠳ ᠤᠨ | ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠤᠲᠠ ᠶᠢᠨ ᠰᠢᠭᠤᠳ ᠬᠠᠷᠢᠶ᠎ᠠ ᠠᠵᠢᠯ | ᠦᠢᠯᠡᠰ ᠤᠨ ᠨᠢᠭᠡᠴᠡ ᠶᠢᠨ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠢ ᠬᠡᠮᠵᠢᠶ᠎ᠡ ᠶᠢ ᠬᠢᠨᠠᠨ | ᠲᠣᠭᠲᠠᠭᠠᠬᠤ᠂ ᠴᠠᠯᠢᠩ ᠤᠨ ᠰᠠᠭᠤᠷᠢ ᠮᠥᠩᠭᠦ ᠶᠢ ᠬᠢᠨᠠᠨ ᠲᠣᠭᠲᠠᠭᠠᠬᠤ᠂ ᠨᠠᠰᠤ ᠵᠢᠯ ᠠᠵᠢᠯᠯᠠᠭᠰᠠᠨ ᠣᠨ ᠵᠢᠯ ᠪᠠ | ᠰᠤᠷᠤᠯᠴᠠᠭᠰᠠᠨ ᠨᠠᠮᠲᠠᠷ ᠢ ᠮᠠᠭᠠᠳᠯᠠᠨ ᠲᠣᠭᠲᠠᠭᠠᠬᠤ ᠵᠢᠴᠢ ᠴᠠᠯᠢᠩ ᠢ ᠲᠣᠭᠲᠠᠭᠠᠬᠤ᠂ ᠬᠢᠨᠠᠨ ᠬᠠᠷᠭᠤᠭᠤᠯᠬᠤ᠂ | ᠳᠠᠩᠰᠠᠯᠠᠬᠤ ᠠᠵᠢᠯ ᠢ ᠬᠠᠷᠢᠭᠤᠴᠠᠨ᠎ᠠ᠃ ᠬᠥᠬᠢᠭᠦᠯᠦᠨ ᠱᠠᠩᠨᠠᠬᠤ ᠳᠦᠷᠢᠮ ᠢ ᠨᠠᠶᠢᠳᠠᠪᠤᠷᠢᠵᠢᠭᠤᠯᠬᠤ᠂ | ᠬᠠᠮᠢᠶᠠᠷᠤᠯᠲᠠ ᠶᠢᠨ ᠡᠷᠬᠡ ᠶᠢᠨ ᠬᠢᠵᠠᠭᠠᠷ ᠶᠣᠰᠣᠭᠠᠷ ᠠᠵᠢᠯ ᠢᠶᠠᠨ ᠥᠷᠨᠢᠭᠦᠯᠵᠦ᠂ ᠪᠦᠬᠦ ᠬᠤᠲᠠ ᠶᠢᠨ ᠠᠳᠠᠯᠢᠳᠬᠠᠨ | ᠰᠢᠯᠭᠠᠷᠠᠭᠤᠯᠬᠤ ᠪᠠᠷᠢᠮᠵᠢᠶ᠎ᠠ ᠳᠤ ᠬᠦᠷᠬᠦ ᠬᠥᠬᠢᠭᠦᠯᠦᠨ ᠱᠠᠩᠨᠠᠬᠤ ᠠᠵᠢᠯ ᠢ ᠶᠡᠷᠦᠩᠬᠡᠶᠢᠯᠡᠨ ᠬᠠᠮᠢᠶᠠᠷᠤᠨ᠎ᠠ᠃ | ︵ᠳᠣᠯᠤᠭ᠎ᠠ︶ ᠬᠥᠳᠡᠯᠮᠦᠷᠢ ᠶᠢᠨ ᠬᠠᠷᠢᠴᠠᠭ᠎ᠠ ᠪᠠ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ | ᠲᠠᠰᠤᠭ᠃ ᠬᠥᠳᠡᠯᠮᠦᠷᠢ ᠶᠢᠨ ᠪᠠᠷᠢᠮᠵᠢᠶ᠎ᠠ ᠪᠣᠯᠤᠨ ᠣᠨᠴᠣᠭᠤᠶ ᠠᠵᠢᠯᠯᠠᠬᠤ ᠴᠠᠭ ᠤᠨ ᠳᠦᠷᠢᠮ ᠢ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠠᠵᠢᠯᠴᠢᠨ ᠬᠡᠷᠡᠭᠯᠡᠬᠦ ᠬᠠᠮᠢᠶᠠᠷᠤᠯᠲᠠ ᠶᠢ ᠵᠢᠷᠤᠮᠵᠢᠭᠤᠯᠤᠨ᠂ ᠡᠶ᠎ᠡ ᠵᠣᠬᠢᠴᠠᠯ ᠲᠠᠢ | ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠤᠨ᠎ᠠ᠃ ᠠᠵᠢᠯᠴᠢᠨ ᠤ ᠠᠵᠢᠯᠯᠠᠬᠤ ᠴᠠᠭ᠂ ᠠᠮᠠᠷᠠᠯᠲᠠ ᠪᠠ | ᠠᠮᠠᠷᠠᠯᠲᠠ ᠶᠢᠨ ᠬᠤᠭᠤᠴᠠᠭᠠᠨ ᠤ ᠳᠦᠷᠢᠮ ᠪᠣᠯᠤᠨ ᠬᠡᠦᠬᠡᠳ ᠠᠵᠢᠯᠴᠢᠨ᠂ ᠡᠮᠡᠭᠲᠡᠶ ᠠᠵᠢᠯᠴᠢᠨ ᠵᠢᠴᠢ ᠨᠠᠰᠤᠨ ᠳᠤ | ᠬᠦᠷᠦᠭᠡᠳᠦᠶ ᠠᠵᠢᠯᠴᠢᠨ ᠢ ᠬᠠᠤᠯᠢ ᠪᠤᠰᠤ ᠪᠠᠷ ᠬᠡᠷᠡᠭᠯᠡᠬᠦ ᠣᠨᠴᠣᠭᠤᠶ ᠬᠥᠳᠡᠯᠮᠦᠷᠢ ᠶᠢᠨ ᠬᠠᠮᠠᠭᠠᠯᠠᠯᠲᠠ ᠶᠢᠨ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠠᠵᠤ ᠠᠬᠤᠶᠢᠯᠠᠯ ᠤᠨ ᠴᠠᠯᠢᠩ ᠬᠥᠯᠥᠰᠥ ᠶᠢ ᠪᠠᠶᠢᠴᠠᠭᠠᠬᠤ | ᠪᠠ ᠨᠡᠶᠢᠲᠡᠯᠡᠬᠦ ᠳᠦᠷᠢᠮ ᠢ ᠪᠠᠶᠢᠭᠤᠯᠤᠨ᠎ᠠ᠃ ᠠᠵᠤ ᠠᠬᠤᠶᠢᠯᠠᠯ ᠤᠨ ᠴᠠᠯᠢᠩ ᠤᠨ ᠣᠷᠣᠯᠭ᠎ᠠ ᠶᠢᠨ | ᠬᠤᠪᠢᠶᠠᠷᠢᠯᠠᠯᠲᠠ ᠶᠢᠨ ᠬᠤᠷᠸ᠎ᠠ ᠵᠢᠯᠣᠭᠤᠳᠤᠯᠭ᠎ᠠ᠂ ᠲᠣᠬᠢᠷᠠᠭᠤᠯᠭ᠎ᠠ ᠪᠣᠯᠤᠨ ᠲᠤᠭᠠᠴᠠᠭ᠎ᠠ ᠬᠢᠬᠦ ᠲᠥᠷᠥ ᠶᠢᠨ | ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ᠃ ᠤᠯᠤᠰ ᠤᠨ ᠥᠮᠴᠢᠯᠡᠯ ᠤᠨ ᠠᠵᠤ | ᠠᠬᠤᠶᠢᠯᠠᠯ ᠤᠨ ᠬᠠᠷᠢᠭᠤᠴᠠᠯᠭᠠᠲᠠᠨ ᠤ ᠴᠠᠯᠢᠩ ᠬᠥᠯᠥᠰᠥ ᠪᠠ ᠴᠠᠯᠢᠩ ᠢ ᠲᠣᠭᠲᠠᠭᠠᠬᠤ ᠲᠣᠭᠲᠠᠴᠠ ᠶᠢᠨ ᠲᠦᠷᠦ ᠶᠢᠨ | ᠪᠤᠳᠤᠯᠭ᠎ᠠ ᠶᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠵᠢᠴᠢ | ᠨᠥᠬᠦᠪᠥᠷᠢᠯᠡᠬᠦ ᠲᠥᠷᠥ ᠶᠢᠨ ᠪᠣᠳᠣᠯᠭ᠎ᠠ᠂ ᠠᠵᠢᠯ ᠠᠴᠠ ᠪᠣᠯᠤᠭᠰᠠᠨ ᠭᠡᠮᠲᠦᠯ ᠤᠨ ᠵᠥᠪᠯᠡᠯᠴᠡᠭᠡᠷ ᠤᠨ | ᠪᠠᠶᠢᠭᠤᠯᠤᠮᠵᠢ ᠶᠢᠨ ᠬᠠᠮᠢᠶᠠᠷᠤᠯᠲᠠ᠂ ᠠᠵᠢᠯ ᠠᠴᠠ ᠪᠣᠯᠤᠭᠰᠠᠨ ᠭᠡᠮᠲᠦᠯ ᠢ ᠤᠷᠢᠳᠴᠢᠯᠠᠨ ᠰᠡᠷᠭᠡᠶᠢᠯᠡᠬᠦ᠂ | ᠡᠷᠡᠭᠦᠯᠵᠢᠭᠦᠯᠬᠦ᠂ ᠦᠨᠡᠮᠰᠢᠬᠦ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ | ᠲᠡᠭᠦᠯᠳᠡᠷᠵᠢᠭᠦᠯᠦᠨ ᠬᠡᠷᠡᠭᠵᠢᠭᠦᠯᠬᠦ ᠲᠥᠷᠥ ᠶᠢᠨ ᠪᠣᠳᠣᠯᠭ᠎ᠠ ᠶᠢ ᠲᠣᠭᠲᠠᠭᠠᠨ᠎ᠠ᠃ ᠠᠵᠢᠯ ᠠᠴᠠ ᠪᠣᠯᠤᠭᠰᠠᠨ ᠭᠡᠮᠲᠦᠯ ᠢ | ᠬᠢᠨᠠᠨ ᠲᠣᠭᠲᠠᠭᠠᠭᠰᠠᠨ ᠮᠠᠲ᠋ᠧᠷᠢᠶᠠᠯ ᠢ ᠬᠢᠨᠠᠨ ᠬᠠᠷᠭᠤᠭᠤᠯᠵᠤ ᠳᠡᠭᠡᠭᠰᠢ ᠮᠡᠳᠡᠭᠦᠯᠬᠦ ᠠᠵᠢᠯ ᠢ ᠵᠣᠬᠢᠶᠠᠨ | ᠪᠠᠶᠢᠭᠤᠯᠤᠨ᠎ᠠ᠃ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠡᠮ ᠤᠨ ᠵᠦᠢᠯ᠂ ᠣᠨᠣᠰᠢᠯᠠᠨ ᠡᠮᠨᠡᠬᠦ | ᠲᠥᠷᠥᠯ ᠵᠦᠢᠯ ᠤᠨ ᠭᠠᠷᠴᠠᠭ᠂ ᠡᠮᠨᠡᠯᠭᠡ ᠳᠤ ᠰᠠᠭᠤᠬᠤ ᠦᠢᠯᠡᠴᠢᠯᠡᠭᠡᠨ ᠤ ᠪᠠᠷᠢᠮᠵᠢᠶ᠎ᠠ ᠶᠢ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ | ︵ᠨᠠᠢᠮᠠ︶ ᠨᠠᠰᠤᠵᠢᠯ ᠤᠨ ᠳᠠᠭᠠᠳᠬᠠᠯ ᠤᠨ ᠲᠠᠰᠤᠭ᠃ ᠠᠯᠪᠠᠨ ᠪᠠᠶᠢᠭᠤᠯᠭ᠎ᠠ ᠠᠵᠢᠯ ᠦᠢᠯᠡᠰ ᠤᠨ | ᠨᠢᠭᠡᠴᠡ ᠶᠢᠨ ᠠᠵᠢᠯᠲᠠᠨ᠂ ᠠᠵᠤ ᠠᠬᠤᠶᠢᠯᠠᠯ ᠤᠨ ᠠᠵᠢᠯᠲᠠᠨ ᠤ ᠦᠨᠳᠦᠰᠦᠨ ᠨᠠᠰᠤᠵᠢᠯ ᠤᠨ ᠳᠠᠭᠠᠳᠬᠠᠯ᠂ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠪᠠ ᠠᠵᠤ ᠠᠬᠤᠶᠢᠯᠠᠯ ︵ᠠᠵᠢᠯ ᠮᠡᠷᠭᠡᠵᠢᠯ︶ | ᠤᠨ ᠵᠢᠯ ᠤᠨ ᠮᠥᠩᠭᠦ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢᠨ ᠬᠠᠮᠲᠤ ᠬᠡᠷᠡᠭᠵᠢᠭᠦᠯᠬᠦ ᠠᠷᠭ᠎ᠠ | ᠲᠣᠭᠲᠠᠭᠠᠨ᠎ᠠ᠃ ᠦᠨᠳᠦᠰᠦᠨ ᠨᠠᠰᠤᠵᠢᠯ ᠤᠨ ᠮᠥᠩᠭᠦ ᠳᠤ ᠲᠣᠬᠢᠷᠠᠭᠤᠯᠤᠯᠲᠠ ᠬᠢᠬᠦ ᠲᠥᠷᠥ ᠶᠢᠨ ᠪᠣᠳᠣᠯᠭ᠎ᠠ ᠶᠢ | ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠤᠪᠢ ᠬᠥᠮᠦᠨ ᠤ ᠬᠠᠳᠠᠭᠠᠯᠠᠮᠵᠢ ᠶᠢᠨ ᠴᠢᠨᠠᠷᠲᠠᠶ ᠨᠠᠰᠤᠵᠢᠯ ᠤᠨ | ᠳᠠᠭᠠᠳᠬᠠᠯ ᠤᠨ ᠲᠥᠷᠥ ᠶᠢᠨ ᠪᠣᠳᠣᠯᠭ᠎ᠠ ᠪᠠ ᠪᠠᠷᠢᠮᠵᠢᠶ᠎ᠠ ᠶᠢ ᠨᠠᠶᠢᠳᠠᠪᠤᠷᠢᠵᠢᠭᠤᠯᠤᠨ᠎ᠠ᠃ ᠬᠤᠲᠠ ᠶᠢᠨ ᠲᠣᠰ | ᠱᠠᠲᠤᠨ ᠤ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠬᠤ ᠶᠢ ᠬᠢᠨᠠᠨ ᠵᠥᠪᠰᠢᠶᠡᠷᠡᠬᠦ ᠠᠵᠢᠯ ᠢ ᠬᠠᠷᠢᠭᠤᠴᠠᠨ᠎ᠠ᠃ | ᠠᠵᠤ ᠠᠬᠤᠶᠢᠯᠠᠯ ᠤᠨ ᠠᠵᠢᠯᠴᠢᠨ ᠤ ᠠᠵᠢᠯᠯᠠᠭᠰᠠᠨ ᠣᠨ ᠵᠢᠯ ᠢ ᠮᠠᠭᠠᠳᠯᠠᠨ ᠲᠣᠭᠲᠠᠭᠠᠬᠤ ᠠᠵᠢᠯ ᠢ ᠬᠠᠷᠢᠭᠤᠴᠠᠨ᠎ᠠ᠃ | ᠬᠤᠲᠠ ᠬᠥᠳᠡᠭᠡ ᠶᠢᠨ ᠨᠠᠰᠤᠵᠢᠯ ᠤᠨ ᠳᠠᠭᠠᠳᠬᠠᠯ ᠪᠣᠯᠤᠨ ᠭᠠᠵᠠᠷ ᠢᠶᠠᠨ ᠲᠠᠲᠠᠪᠤᠷᠢᠯᠠᠭᠤᠯᠤᠭᠰᠠᠨ ᠲᠠᠷᠢᠶᠠᠴᠢᠨ | ᠮᠠᠯᠴᠢᠳ ᠤᠨ ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ᠂ ᠲᠥᠯᠥᠪᠵᠢᠭᠦᠯᠭᠡ ᠪᠣᠯᠤᠨ ᠪᠠᠷᠢᠮᠵᠢᠶ᠎ᠠ ᠶᠢ | ᠨᠠᠶᠢᠳᠠᠪᠤᠷᠢᠵᠢᠭᠤᠯᠬᠤ ᠬᠡᠷᠡᠭᠲᠡᠶ᠃ ᠭᠠᠵᠠᠷ ᠰᠢᠷᠣᠶ ᠲᠠᠲᠠᠪᠤᠷᠢᠯᠠᠬᠤ ᠲᠥᠰᠦᠯ ᠳᠠᠬᠢ ᠭᠠᠵᠠᠷ ᠢᠶᠠᠨ | ᠲᠠᠲᠠᠪᠤᠷᠢᠯᠠᠭᠤᠯᠤᠭᠰᠠᠨ ᠲᠠᠷᠢᠶᠠᠴᠢᠨ ᠮᠠᠯᠴᠢᠳ ᠤᠨ ᠨᠡᠶᠢᠭᠡᠮ ᠤᠨ ᠪᠠᠲᠤᠯᠠᠭ᠎ᠠ ᠶᠢᠨ ᠬᠤᠯᠪᠣᠭᠳᠠᠯ ᠪᠦᠬᠦᠢ ᠠᠷᠭ᠎ᠠ | ᠬᠡᠮᠵᠢᠶ᠎ᠡ ᠶᠢ ᠬᠢᠨᠠᠨ ᠬᠠᠷᠭᠤᠭᠤᠯᠬᠤ ᠬᠡᠷᠡᠭᠲᠡᠶ᠃ | ︵ᠶᠢᠰᠦ︶ ᠬᠥᠳᠡᠯᠮᠦᠷᠢ ᠶᠢᠨ ᠬᠢᠨᠠᠨ ᠪᠠᠶᠢᠴᠠᠭᠠᠯᠲᠠ ᠪᠠ ᠡᠶᠡᠳᠡᠭᠦᠯᠭᠡ ᠶᠢᠨ ᠬᠥᠨᠳᠡᠯᠡᠨ ᠠᠴᠠ ᠲᠠᠰᠤᠯᠬᠤ | ᠲᠠᠰᠤᠭ᠃ ᠪᠦᠬᠦ ᠬᠤᠲᠠ ᠶᠢᠨ ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠬᠤ ᠠᠵᠢᠯ ᠤᠨ ᠳᠦᠷᠢᠮ ᠢ | ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠥᠳᠡᠯᠮᠦᠷᠢᠯᠡᠭᠴᠢᠳ ᠤᠨ ᠡᠷᠬᠡ | ᠠᠰᠢᠭ ᠢᠶᠠᠨ ᠬᠠᠮᠠᠭᠠᠯᠠᠬᠤ ᠠᠵᠢᠯ ᠢ ᠵᠣᠬᠢᠴᠠᠭᠤᠯᠤᠨ᠂ ᠬᠥᠳᠡᠯᠮᠦᠷᠢ ᠶᠢᠨ ᠬᠢᠨᠠᠨ ᠪᠠᠶᠢᠴᠠᠭᠠᠯᠲᠠ ᠶᠢ ᠵᠣᠬᠢᠶᠠᠨ | ᠪᠠᠶᠢᠭᠤᠯᠤᠨ ᠥᠷᠨᠢᠭᠦᠯᠵᠦ᠂ ᠬᠤᠯᠪᠣᠭᠳᠠᠯ ᠪᠦᠬᠦᠢ ᠭᠡᠨᠡᠳᠲᠡ ᠶᠢᠨ ᠬᠡᠷᠡᠭ ᠢ ᠰᠢᠢᠳᠪᠦᠷᠢᠯᠡᠨ᠂ ᠬᠦᠨᠳᠦ ᠶᠡᠭᠡ | ᠬᠡᠷᠡᠭ ᠢ ᠪᠠᠶᠢᠴᠠᠭᠠᠨ ᠰᠢᠢᠳᠪᠦᠷᠢᠯᠡᠵᠤ ᠰᠢᠮᠳᠠᠭᠤᠯᠤᠨ ᠰᠢᠢᠳᠪᠦᠷᠢᠯᠡᠬᠦ ᠬᠡᠷᠡᠭᠲᠡᠶ᠃ ᠪᠦᠬᠦ ᠬᠤᠲᠠ ᠶᠢᠨ | ᠬᠥᠳᠡᠯᠮᠦᠷᠢ ᠶᠢᠨ ᠬᠢᠨᠠᠨ ᠪᠠᠶᠢᠴᠠᠭᠠᠬᠤ ᠠᠵᠢᠯ ᠢ ᠵᠢᠯᠣᠭᠤᠳᠤᠨ᠎ᠠ᠃ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ | ᠪᠠᠶᠢᠭᠤᠯᠤᠯᠲᠠ ᠶᠢᠨ ᠠᠵᠢᠯ ᠢ ᠬᠠᠮᠵᠢᠯᠴᠠᠨ ᠠᠬᠢᠭᠤᠯᠤᠨ᠎ᠠ᠃ ᠪᠦᠬᠦ ᠬᠤᠲᠠ ᠶᠢᠨ ᠬᠥᠳᠡᠯᠮᠦᠷᠢ ᠠᠵᠢᠯᠲᠠᠨ ᠤ | ᠶᠠᠪᠤᠳᠠᠯ ᠤᠨ ᠮᠠᠷᠭᠤᠯᠳᠤᠭᠠᠨ ᠢ ᠡᠶᠡᠳᠡᠭᠦᠯᠬᠦ ᠬᠥᠨᠳᠡᠯᠡᠨ ᠠᠴᠠ ᠲᠠᠰᠤᠯᠬᠤ ᠠᠵᠢᠯ ᠢ ᠬᠠᠷᠢᠭᠤᠴᠠᠬᠤ ᠶᠢᠨ ᠬᠠᠮᠲᠤ | ᠵᠢᠯᠣᠭᠤᠳᠤᠨ ᠬᠢᠨᠠᠯᠲᠠ ᠲᠠᠯᠪᠢᠨ᠎ᠠ᠃ ᠬᠦᠨᠳᠦ ᠶᠡᠭᠡ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠤ | ᠬᠡᠷᠡᠭ ᠢ ᠵᠣᠬᠢᠴᠠᠭᠤᠯᠤᠨ ᠰᠢᠢᠳᠪᠦᠷᠢᠯᠡᠬᠦ᠃ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠵᠠᠷᠭᠤ ᠬᠦᠯᠢᠶᠡᠬᠦ ᠵᠡᠷᠭᠡ ᠠᠵᠢᠯ ᠢ | ᠡᠭᠦᠷᠭᠡᠯᠡᠨ᠎ᠡ᠃ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ | ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠬᠡᠷᠡᠭ ᠶᠠᠪᠤᠳᠠᠯ ᠤᠨ ᠠᠵᠢᠯ ᠢ ᠡᠭᠦᠷᠭᠡᠯᠡᠨ᠎ᠡ᠃ ᠠᠵᠢᠯᠯᠠᠬᠤ ᠭᠠᠵᠠᠷ᠄ | ᠴᠦᠩᠴᠢᠩ ᠵᠠᠮ ᠪᠣᠯᠤᠨ ᠰᠢᠩ ᠰᠢᠩ ᠵᠡᠭᠡᠯᠢ ᠶᠢᠨ ᠠᠭᠤᠯᠵᠠᠷ ᠤᠨ ᠡᠮᠦᠨ᠎ᠡ 500 ᠮᠧᠲᠷ ᠃ ᠬᠠᠷᠢᠯᠴᠠᠬᠤ ᠤᠳᠠᠰᠤ | ᠄ 0479 - 8222573 ᠠᠵᠢᠯᠯᠠᠬᠤ ᠴᠠᠭ᠄ 8᠄ 3012᠄ 0014᠄ 3017᠄ 30 |