ᠪᠠᠶᠠᠨᠪᠤᠯᠠᠭ ᠰᠤᠮᠤᠨ ᠠᠴᠠ ᠵᠠᠮ ᠢ ᠲᠦᠷᠭᠡᠯᠡᠨ ᠵᠠᠰᠠᠵᠤ ᠮᠠᠯᠴᠢᠨ ᠲᠦᠮᠡᠨ ᠤ ᠦᠶᠡᠷ ᠤᠨ ᠤᠰᠤᠨ ᠤ ᠬᠤᠭᠤᠴᠠᠭ᠎ᠠ ᠶᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠪᠠᠲᠤᠯᠠᠪᠠ
ᠨᠡᠶᠢᠲᠡᠯᠡᠭᠰᠡᠨ ᠴᠠᠭ᠄
2024/7/25
     ᠰᠢᠷᠦᠭᠦᠨ ᠪᠣᠷᠣᠭᠠᠨ ᠤ ᠨᠥᠯᠥᠭᠡ ᠠᠴᠠ ᠪᠣᠯᠵᠣ᠂ ᠭᠠᠴᠠᠭᠠᠨ ᠤ ᠬᠡᠰᠡᠭ ᠵᠠᠮ ᠡᠪᠳᠡᠭᠳᠡᠵᠦ᠂ ᠳᠣᠷᠣᠭᠰᠢ ᠰᠠᠭᠤᠭᠳᠠᠵᠤ᠂ ᠵᠠᠮ ᠤᠨ ᠭᠠᠳᠠᠷᠭᠤ ᠴᠥᠮᠥᠷᠡᠵᠦ᠂ ᠮᠠᠯᠴᠢᠨ ᠲᠦᠮᠡᠨ ᠤ ᠶᠠᠪᠤᠵᠤ ᠰᠠᠭᠤᠬᠤ ᠳᠤ ᠠᠮᠤᠷ ᠲᠦᠪᠰᠢᠨ ᠤ ᠬᠡᠮ ᠰᠣᠭᠤᠭ ᠠᠪᠴᠢᠷᠠᠪᠠ᠃ 7 ᠳ᠋ᠤᠭᠠᠷ ᠰᠠᠷ᠎ᠠ ᠶᠢᠨ 24 ᠤ ᠡᠳᠦᠷ᠂ ᠪᠠᠶᠠᠨᠪᠤᠯᠠᠭ ᠰᠤᠮᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠠᠴᠠ ᠠᠵᠢᠯᠲᠠᠨ ᠪᠠ ᠮᠠᠰᠢᠨ ᠮᠧᠬᠠᠨᠢᠭ ᠵᠣᠬᠢᠶᠠᠨ ᠪᠠᠶᠢᠭᠤᠯᠵᠤ᠂ 3 ᠬᠡᠰᠡᠭ ᠡᠪᠳᠡᠷᠡᠭᠰᠡᠨ ᠪᠠ ᠴᠥᠮᠥᠷᠡᠭᠰᠡᠨ ᠵᠠᠮ ᠢ ᠵᠠᠰᠠᠨ ᠲᠡᠭᠰᠢᠯᠡᠵᠦ᠂ ᠮᠠᠯᠴᠢᠳ ᠤᠨ ᠠᠮᠤᠷ ᠲᠦᠪᠰᠢᠨ ᠢᠶᠠᠷ ᠨᠡᠪᠲᠡᠷᠡᠬᠦ ᠶᠢ ᠦᠨᠡᠨ ᠬᠦ ᠪᠠᠲᠤᠯᠠᠪᠠ᠃      ᠰᠤᠮᠤᠨ ᠠᠴᠠ ᠦᠷᠭᠦᠯᠵᠢᠯᠡᠨ ᠤᠰᠤ ᠥᠩᠭᠡᠷᠡᠬᠦ ᠴᠢᠬᠤᠯᠠ ᠬᠡᠰᠡᠭ᠂ ᠠᠭᠤᠯᠠᠨ ᠦᠶᠡᠷ ᠤᠨ ᠬᠡᠮ ᠰᠣᠭᠤᠭ ᠤᠨ ᠭᠠᠵᠠᠷ ᠢ ᠲᠣᠭᠤᠷᠢᠨ ᠪᠠᠶᠢᠴᠠᠭᠠᠵᠤ ᠰᠡᠷᠭᠡᠶᠢᠯᠡᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠣᠨᠴᠠᠭᠠᠶ ᠴᠠᠭ ᠠᠭᠤᠷ ᠢ ᠤᠷᠢᠳᠴᠢᠯᠠᠨ ᠰᠡᠷᠡᠮᠵᠢᠯᠡᠭᠦᠯᠬᠦ᠂ ᠬᠡᠮ ᠰᠣᠭᠤᠭ ᠢ ᠪᠠᠶᠢᠴᠠᠭᠠᠬᠤ᠂ ᠲᠦᠭᠰᠢᠭᠦᠷᠢᠲᠦ ᠪᠠᠶᠢᠳᠠᠯ ᠢ ᠰᠢᠢᠳᠪᠤᠷᠢᠯᠡᠬᠦ ᠵᠡᠷᠭᠡ ᠠᠵᠢᠯ ᠢ ᠰᠠᠶᠢᠲᠤᠷ ᠬᠢᠵᠦ᠂ ᠮᠠᠯᠴᠢᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠨ᠎ᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号