ᠰᠢᠯᠢ ᠶᠢᠨ ᠬᠤᠲᠠ ᠶᠢᠨ ᠨᠢᠰᠬᠡᠯ ᠤᠨ ᠪᠠᠭᠤᠳᠠᠯ ᠤᠨ ᠡᠳᠦᠷ ᠤᠨ ᠠᠶᠠᠨᠴᠢᠳ ᠭᠥᠯᠢᠶᠡᠨ‌ᠠᠪᠤᠭᠰᠠᠨ ᠬᠡᠮᠵᠢᠶ᠎ᠡ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠦ᠂ ᠵᠤᠨ ᠤ ᠠᠮᠠᠷᠠᠯᠲᠠ ᠶᠢᠨ ᠬᠤᠭᠤᠴᠠᠭᠠᠨ ᠤ ︽ᠰᠠᠶᠢᠨ ᠡᠭᠢᠯᠡᠯᠲᠡ︾᠎ ᠶᠢ ᠤᠭᠲᠤᠨ ᠠᠪᠴᠢᠷᠠᠭᠰᠠᠨ
ᠨᠡᠶᠢᠲᠡᠯᠡᠭᠰᠡᠨ ᠴᠠᠭ᠄
2024/7/28
     ᠡᠨᠡ ᠵᠢᠯ ᠠᠴᠠ ᠨᠠᠰᠢ᠂ ᠰᠢᠯᠢ ᠶᠢᠨ ᠬᠤᠲᠠ ᠶᠢᠨ ᠨᠢᠰᠬᠡᠯ ᠤᠨ ᠪᠠᠭᠤᠳᠠᠯ ᠨᠡᠶᠢᠲᠡ 8875 ᠨᠢᠰᠭᠡᠯ ᠤᠳᠠᠭ᠎ᠠ ᠶᠢᠨ ᠲᠡᠭᠡᠭᠡᠪᠦᠷᠢ ᠶᠢᠨ ᠨᠢᠰᠴᠦ ᠪᠠᠭᠤᠬᠤ ᠶᠢ ᠪᠠᠲᠤᠯᠠᠵᠤ᠂ ᠠᠶᠠᠨᠴᠢᠳ ᠤᠨ ᠣᠷᠣᠭᠤᠯᠵᠤ ᠭᠠᠷᠭᠠᠭᠰᠠᠨ ᠬᠡᠮᠵᠢᠶ᠎ᠡ ᠶᠢ 625039 ᠬᠥᠮᠥᠨ ᠤᠳᠠᠭ᠎ᠠ ᠪᠡᠶᠡᠯᠡᠭᠦᠯᠵᠦ᠂ ᠰᠢᠤᠳᠠᠨ ᠢᠶᠠᠷ ᠣᠷᠣᠭᠤᠯᠵᠤ ᠭᠠᠷᠭᠠᠬᠤ ᠪᠠᠷᠠᠭᠠᠨ ᠤ ᠬᠡᠮᠵᠢᠶ᠎ᠡ ᠶᠢ 487.1 ᠲᠤᠨ ᠪᠡᠶᠡᠯᠡᠭᠦᠯᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠲᠤᠰ ᠲᠤᠰ 17.1 %᠂ 19.8 %᠂ 84.7 % ᠨᠡᠮᠡᠭᠳᠡᠵᠦ᠂ ᠭᠠᠷᠠᠮ ᠠᠴᠠ ᠭᠠᠷᠬᠤ ᠠᠶᠠᠨᠴᠢᠳ ᠤᠨ ᠳᠤᠮᠳᠠᠴᠢ ᠨᠣᠷᠮ᠎ᠠ 73 % ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 7.2 % ᠬᠤᠪᠢ ᠨᠡᠮᠡᠭᠳᠡᠵᠡᠢ᠃ ᠨᠡᠶᠢᠲᠡ 11 ᠠᠭᠠᠷ ᠤᠨ ᠠᠶᠠᠯᠠᠯ ᠤᠨ ᠺᠤᠮᠫᠠᠨᠢ᠂ 33 ᠠᠶᠠᠯᠠᠯ ᠤᠨ ᠱᠤᠭᠤᠮ ᠡᠵᠡᠩᠨᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠎ ᠬᠢ ᠠᠴᠠ 11 ᠠᠶᠠᠯᠠᠯ ᠤᠨ ᠱᠤᠭᠤᠮ ᠨᠡᠮᠡᠭᠳᠡᠪᠠ᠃ ᠵᠤᠨ ᠤ ᠵᠥᠭᠡᠭᠡᠪᠦᠷᠢ ᠶᠢᠨ ᠬᠥᠭᠵᠢᠶᠡᠨ ᠲᠠᠢ ᠤᠯᠠᠷᠢᠯ ᠠᠴᠠ ᠨᠠᠰᠢ᠂ ᠰᠢᠯᠢ ᠶᠢᠨ ᠬᠤᠲᠠ ᠶᠢᠨ ᠨᠢᠰᠬᠡᠯ ᠤᠨ ᠪᠠᠭᠤᠳᠠᠯ ᠠᠶᠠᠨᠴᠢᠳ ᠤᠨ ᠭᠠᠳᠠᠭᠰᠢ ᠭᠠᠷᠬᠤ ᠬᠡᠷᠡᠭᠴᠡᠭᠡ ᠶᠢ ᠪᠠᠲᠤᠯᠠᠬᠤ ᠶᠢᠨ ᠲᠥᠯᠥᠭᠡ ᠠᠭᠠᠷ ᠠᠶᠠᠯᠠᠯ ᠤᠨ ᠺᠤᠮᠫᠠᠨᠢ ᠶᠢᠨ ᠲᠣᠬᠢᠷᠠᠭᠤᠯᠤᠨ ᠵᠥᠭᠡᠭᠡᠪᠦᠷᠢᠯᠡᠬᠦ ᠬᠦᠴᠦᠨ ᠢ ᠢᠳᠡᠪᠬᠢᠲᠡᠢ ᠵᠣᠬᠢᠴᠠᠭᠤᠯᠵᠤ᠂ ᠰᠢᠯᠢ ᠶᠢᠨ ᠬᠤᠲᠠ ︱ ᠱᠠᠩᠬᠠᠢ ᠶᠢᠨ ᠰᠢᠭᠤᠳ ᠨᠢᠰᠬᠦ ᠠᠭᠠᠷ ᠤᠨ ᠠᠶᠠᠯᠠᠯ ᠤᠨ ᠱᠤᠭᠤᠮ ᠢ ᠰᠢᠨ᠎ᠡ ᠪᠠᠷ ᠨᠡᠮᠡᠭᠳᠡᠭᠦᠯᠵᠦ᠂ ᠲᠦᠩᠯᠢᠶᠣᠣ ︱ ᠰᠢᠯᠢ ᠶᠢᠨ ᠬᠤᠲᠠ ︱ ᠱᠢ ᠵᠢᠶᠠ ᠵᠤᠸᠠᠩ ᠤᠨ ︽ᠰᠠᠯᠪᠤᠷᠢ ᠱᠤᠭᠤᠮ︾᠎ ᠤᠨ ᠠᠭᠠᠷ ᠤᠨ ᠵᠠᠮ ᠢ ᠰᠢᠯᠢᠳᠡᠭᠵᠢᠭᠦᠯᠵᠦ᠂ ᠰᠢᠯᠢ ᠶᠢᠨ ᠬᠤᠲᠠ ᠠᠴᠠ ᠪᠡᠭᠡᠵᠢᠩ᠂ ᠭᠦᠭᠡᠬᠤᠲᠠ ᠵᠡᠷᠭᠡ ᠭᠤᠣᠯᠳᠠᠯᠭ᠎ᠠ ᠲᠠᠢ ᠠᠶᠠᠨᠴᠢᠨ ᠤ ᠢᠷᠡᠯᠲᠡ ᠶᠢᠨ ᠬᠤᠲᠠ ᠪᠣᠯᠬᠤ ᠠᠭᠠᠷ ᠤᠨ ᠠᠶᠠᠯᠠᠯ ᠤᠨ ᠱᠤᠭᠤᠮ ᠢ ᠨᠢᠭᠤᠴᠠᠯᠠᠨ ᠨᠡᠪᠲᠡᠷᠡᠭᠦᠯᠪᠡ᠃ 2014 ᠣᠨ ᠤ 7 ᠰᠠᠷ᠎ᠠ ᠶᠢᠨ 25᠎ ᠤ ᠡᠳᠦᠷ᠂ ᠰᠢᠯᠢ ᠶᠢᠨ ᠬᠤᠲᠠ ᠶᠢᠨ ᠨᠢᠰᠬᠡᠯ ᠤᠨ ᠪᠠᠭᠤᠳᠠᠯ ᠨᠢ ᠭᠠᠭᠴᠠ ᠡᠳᠦᠷ ᠤᠨ ᠠᠶᠠᠨᠴᠢᠳ ᠤᠨ ᠣᠷᠣᠭᠤᠯᠵᠤ ᠭᠠᠷᠭᠠᠭᠰᠠᠨ ᠬᠡᠮᠵᠢᠶ᠎ᠡ ᠎ ᠶᠢ 4452 ᠬᠥᠮᠥᠨ ᠤᠳᠠᠭ᠎ᠠ ᠪᠡᠶᠡᠯᠡᠭᠦᠯᠵᠦ᠂ ᠠᠶᠠᠯᠠᠯ ᠨᠡᠪᠲᠡᠷᠡᠭᠰᠡᠨ ᠠᠴᠠ ᠨᠠᠰᠢᠬᠢ ᠲᠡᠦᠬᠡᠨ ᠲᠡᠮᠳᠡᠭᠯᠡᠯ ᠢ ᠳᠠᠬᠢᠨ ᠰᠢᠨᠡᠳᠬᠡᠵᠡᠢ᠃  
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号