ᠳ᠋ᠠ ᠳᠠᠩ ᠱᠧᠩ ᠯᠢ ᠵᠡᠭᠦᠨ ᠬᠤᠶᠠᠳᠤᠭᠠᠷ ᠨᠡᠷᠡᠮᠵᠢᠲᠦ ᠵᠠᠳᠠᠭᠠᠢ ᠨᠡᠭᠦᠷᠡᠰᠦᠨ ᠠᠭᠤᠷᠬᠠᠢ ᠵᠢᠯ ᠳᠤ 3000 ᠲᠦᠮᠡᠨ ᠲᠤᠨ ᠠᠭᠤᠷᠬᠠᠢ ᠮᠠᠯᠲᠠᠬᠤ ᠵᠥᠪᠰᠢᠶᠡᠷᠡᠯ ᠤᠨ ᠦᠨᠡᠮᠯᠡᠯ ᠬᠦᠷᠲᠡᠪᠡ
ᠨᠡᠶᠢᠲᠡᠯᠡᠭᠰᠡᠨ ᠴᠠᠭ᠄
2024/8/18
     ᠰᠢᠯᠢ ᠶᠢᠨ ᠬᠤᠲᠠ ᠶᠢᠨ ᠳ᠋ᠠ ᠳᠠᠩ ᠱᠣᠩ ᠯᠢ ᠵᠡᠭᠦᠨ ᠬᠤᠶᠠᠳᠤᠭᠠᠷ ᠨᠣᠮᠧᠷᠲᠤ ᠵᠠᠳᠠᠭᠠᠢ ᠨᠡᠭᠦᠷᠡᠰᠦᠨ ᠠᠭᠤᠷᠬᠠᠢ 2024 ᠣᠨ ᠤ 8 ᠰᠠᠷ᠎ᠠ ᠶᠢᠨ 9᠎ ᠤ ᠡᠳᠦᠷ ᠠᠭᠤᠷᠬᠠᠢ ᠮᠠᠯᠲᠠᠬᠤ ᠡᠷᠬᠡ ᠪᠠᠨ ᠰᠢᠯᠵᠢᠭᠦᠯᠵᠦ ᠥᠭᠬᠦ ᠡᠭᠦᠷᠭᠡ ᠪᠠᠨ ᠠᠮᠵᠢᠯᠲᠠ ᠲᠠᠢ ᠪᠡᠶᠡᠯᠡᠭᠦᠯᠦᠭᠰᠡᠨ ᠤ ᠬᠠᠮᠲᠤ᠂ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠠᠴᠠ ᠲᠠᠷᠬᠠᠭᠠᠭᠰᠠᠨ ᠵᠢᠯ ᠳᠤ 3000 ᠲᠦᠮᠡᠨ ᠲᠤᠨ ᠠᠭᠤᠷᠬᠠᠢ ᠮᠠᠯᠲᠠᠬᠤ ᠵᠥᠪᠰᠢᠶᠡᠷᠡᠯ ᠤᠨ ᠦᠨᠡᠮᠯᠡᠯ ᠢ ᠬᠦᠷᠲᠡᠪᠡ᠃ ᠠᠭᠤᠷᠬᠠᠢ ᠮᠠᠯᠲᠠᠬᠤ ᠵᠥᠪᠰᠢᠶᠡᠷᠡᠯ ᠤᠨ ᠦᠨᠡᠮᠯᠡᠯ ᠢ ᠠᠮᠵᠢᠯᠲᠠ ᠲᠠᠢ ᠣᠯᠣᠭᠰᠠᠨ ᠨᠢ ᠲᠤᠰ ᠠᠭᠤᠷᠬᠠᠢ ᠶᠢᠨ ᠵᠢᠯ ᠳᠤ 3000 ᠲᠦᠮᠡᠨ ᠲᠤᠨ ᠦᠢᠯᠡᠳᠪᠦᠷᠢᠯᠡᠯ ᠤᠨ ᠬᠡᠪᠴᠢᠶ᠎ᠡ ᠳᠤ ᠰᠠᠭᠤᠷᠢ ᠲᠠᠯᠪᠢᠵᠤ᠂ ᠮᠠᠨ ᠤ ᠬᠤᠲᠠ ᠶᠢᠨ ᠨᠡᠭᠦᠷᠡᠰᠦᠨ ᠤ ᠬᠠᠩᠭᠠᠯᠭ᠎ᠠ ᠶᠢᠨ ᠦᠨᠳᠦᠰᠦᠨ ᠰᠠᠭᠤᠷᠢ ᠶᠢ ᠤᠯᠠᠮ ᠨᠢᠭᠡ ᠠᠯᠬᠤᠮ ᠪᠠᠲᠤᠳᠬᠠᠵᠤ᠂ ᠨᠡᠭᠦᠷᠡᠰᠦᠨ ᠤ ᠬᠠᠩᠭᠠᠯᠭ᠎ᠠ ᠶᠢᠨ ᠪᠠᠲᠤᠯᠠᠭ᠎ᠠ ᠶᠢᠨ ᠴᠢᠳᠠᠪᠤᠷᠢ ᠶᠢ ᠴᠢᠩᠭᠠᠷᠠᠭᠤᠯᠬᠤ ᠳᠤ ᠬᠦᠴᠦᠲᠡᠢ ᠪᠠᠲᠤᠯᠠᠭ᠎ᠠ ᠬᠠᠩᠭᠠᠬᠤ ᠪᠣᠯᠣᠨ᠎ᠠ᠃ ᠳᠠᠷᠠᠭ᠎ᠠ ᠠᠯᠬᠤᠮ ᠳᠤ᠂ ᠰᠢᠯᠢ ᠶᠢᠨ ᠬᠤᠲᠠ ᠵᠣᠬᠢᠴᠠᠭᠤᠯᠤᠨ ᠦᠢᠯᠡᠴᠢᠯᠡᠬᠦ ᠠᠵᠢᠯ ᠢ ᠰᠠᠶᠢᠲᠤᠷ ᠬᠢᠵᠦ᠂ ᠲᠤᠰ ᠠᠭᠤᠷᠬᠠᠢ ᠶᠢ ᠬᠠᠮᠵᠢᠨ ᠦᠢᠯᠡᠳᠪᠦᠷᠢᠯᠡᠯ ᠤᠨ ᠤᠷ᠎ᠠ ᠮᠡᠷᠭᠡᠰᠢᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠦᠢᠯᠡᠳᠪᠦᠷᠢᠯᠡᠯ ᠤᠨ ᠴᠢᠳᠠᠪᠬᠢ ᠶᠢ ᠥᠷᠭᠡᠳᠬᠡᠨ ᠨᠡᠮᠡᠭᠳᠡᠭᠦᠯᠬᠦ ᠬᠠᠷᠠᠯᠲᠠ ᠳᠤ ᠠᠯᠢ ᠲᠦᠷᠭᠡᠨ ᠢᠶᠠᠷ ᠦᠢᠯᠡᠳᠪᠦᠷᠢᠯᠡᠯ ᠤᠨ ᠴᠢᠳᠠᠪᠬᠢ ᠶᠢ ᠪᠠᠳᠠᠷᠠᠭᠤᠯᠬᠤ ᠬᠡᠷᠡᠭᠲᠡᠢ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号