ᠰᠢᠯᠢ ᠶᠢᠨ ᠬᠤᠲᠠ ᠬᠡᠷᠡᠭᠯᠡᠭᠡᠨ ᠤ ᠲᠡᠮᠳᠡᠭᠲᠦ ᠲᠠᠷᠬᠠᠭᠠᠵᠤ ᠬᠡᠷᠡᠭᠯᠡᠭᠡ ᠶᠢ ᠳᠠᠶᠢᠴᠢᠯᠠᠬᠰᠠᠨ ᠢᠶᠠᠷ ᠳᠡᠭᠡᠷ᠎ᠡ | ᠵᠢᠯ ᠤᠨ ᠠᠳᠠᠯᠢ ᠬᠤᠭᠤᠴᠠᠭᠠᠨ ᠤ ᠬᠢ ᠠᠴᠠ 14 ᠳᠠᠭᠢᠨ ᠨᠡᠮᠡᠭᠳᠡᠪᠡ᠃ 5 ᠰᠠᠷ᠎ᠠ ᠶᠢᠨ 1 ᠤ ᠡᠳᠦᠷ ᠠᠴᠠ᠂ | ᠰᠢᠯᠢ ᠶᠢᠨ ᠬᠤᠲᠠ ᠬᠤᠳᠠᠯᠳᠤᠭᠠᠨ ᠤ ᠲᠠᠯᠠᠪᠠᠢ ᠭᠡᠳᠦ ᠳᠡᠯᠭᠡᠭᠦᠷ ᠢᠳᠡᠭᠡᠨ ᠤᠮᠳᠠᠭᠠᠨ᠂ ᠭᠡᠷ ᠤᠨ ᠴᠠᠭᠢᠯᠭᠠᠨ | ᠬᠡᠷᠡᠭᠰᠡᠯ᠂ ᠭᠡᠷ ᠤᠨ ᠡᠳ᠋ᠯᠡᠯ ᠬᠡᠷᠡᠭᠰᠡᠯ᠂ ᠮᠠᠰᠢᠨ ᠲᠡᠷᠭᠡᠨ ᠬᠤᠳᠠᠯᠳᠤᠨ ᠠᠪᠬᠤ ᠳᠤ ᠠᠷᠠᠳ ᠲᠤ ᠬᠠᠷᠠᠭᠠᠯᠵᠠᠯ | ᠦᠵᠡᠭᠦᠯᠭᠦ ᠬᠡᠷᠡᠭᠯᠡᠭᠡᠨ ᠤ ᠲᠡᠮᠳᠡᠭᠲᠦ ᠲᠠᠷᠬᠠᠭᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠣᠳᠣᠬᠠᠨ ᠪᠤᠯᠲᠠᠯ᠎ᠠ᠂ | ᠲᠦᠷᠦᠭᠦᠦ ᠭᠤᠷᠪᠠᠨ ᠪᠦᠯᠦᠭ ᠬᠡᠷᠡᠭᠯᠡᠭᠡᠨ ᠤ ᠲᠡᠮᠳᠡᠭᠲᠦ ᠲᠠᠷᠬᠠᠭᠠᠬᠤ ᠠᠵᠢᠯᠯᠠᠭ᠎ᠠ ᠤᠷᠤᠭᠰᠢᠲᠠᠢ ᠶᠠᠪᠤᠭᠳᠠᠵᠤ ᠪᠤᠢ᠃ | ᠨᠡᠶᠢᠲᠡ 850 ᠲᠦᠮᠡᠨ ᠲᠥᠭᠦᠷᠢᠭ ᠤᠨ ᠬᠡᠷᠡᠭᠯᠡᠭᠡᠨ ᠤ ᠲᠡᠮᠳᠡᠭᠲᠦ ᠶᠢ ᠲᠠᠷᠬᠠᠭᠠᠵᠤ᠂ 6376 ᠲᠦᠮᠡᠨ | ᠲᠥᠭᠦᠷᠢᠭ ᠤᠨ ᠬᠡᠷᠡᠭᠯᠡᠭᠡ ᠶᠢ ᠳᠠᠶᠢᠴᠢᠯᠠᠵᠤ᠂ ᠬᠡᠷᠡᠭᠯᠡᠭᠡᠨ ᠤ ᠲᠡᠮᠳᠡᠭᠲᠦ ᠪᠠᠷ ᠬᠡᠷᠡᠭᠯᠡᠭᠡ ᠶᠢ ᠳᠠᠶᠢᠴᠢᠯᠠᠭᠰᠠᠨ ᠬᠠᠷᠢᠴᠠᠯ | 1406.6 % ᠬᠦᠷᠪᠡ᠃ ᠡᠭᠦᠨ ᠳᠤ᠂ ᠬᠤᠳᠠᠯᠳᠤᠭᠠᠨ ᠤ ᠲᠠᠯᠠᠪᠠᠢ ᠭᠡᠳᠦ ᠳᠡᠯᠭᠡᠭᠦᠷ ᠢᠳᠡᠭᠡᠨ ᠤᠮᠳᠠᠭᠠᠨ ᠤ | ᠬᠡᠷᠡᠭᠯᠡᠭᠡᠨ ᠤ ᠲᠡᠮᠳᠡᠭᠲᠦ ᠶᠢ ᠨᠡᠶᠢᠲᠡ 250 ᠲᠦᠮᠡᠨ ᠲᠥᠭᠦᠷᠢᠭ ᠲᠠᠷᠬᠠᠭᠠᠵᠤ᠂ 916.6 ᠲᠦᠮᠡᠨ ᠲᠥᠭᠦᠷᠢᠭ | ᠬᠡᠷᠡᠭᠯᠡᠭᠡ ᠶᠢ ᠳᠠᠶᠢᠴᠢᠯᠠᠨ᠂ ᠬᠡᠷᠡᠭᠯᠡᠭᠡᠨ ᠤ ᠲᠡᠮᠳᠡᠭᠲᠦ ᠪᠠᠷ ᠬᠡᠷᠡᠭᠯᠡᠭᠡ ᠶᠢ ᠳᠠᠶᠢᠴᠢᠯᠠᠭᠰᠠᠨ ᠬᠠᠷᠢᠴᠠᠯ 411.5 %︔ | ᠭᠡᠷ ᠤᠨ ᠴᠠᠭᠢᠯᠭᠠᠨ ᠬᠡᠷᠡᠭᠰᠡᠯ᠂ ᠭᠡᠷ ᠤᠨ ᠡᠳ᠋ᠯᠡᠯ ᠬᠡᠷᠡᠭᠰᠡᠯ ᠤᠨ ᠬᠡᠷᠡᠭᠯᠡᠭᠡᠨ ᠤ ᠲᠡᠮᠳᠡᠭᠲᠦ ᠶᠢ 270 ᠲᠦᠮᠡᠨ | ᠲᠥᠭᠦᠷᠢᠭ ᠲᠠᠷᠬᠠᠭᠠᠵᠤ᠂ 1635.3 ᠲᠦᠮᠡᠨ ᠲᠥᠭᠦᠷᠢᠭ ᠬᠡᠷᠡᠭᠯᠡᠭᠡ ᠶᠢ ᠳᠠᠶᠢᠴᠢᠯᠠᠨ᠂ ᠬᠡᠷᠡᠭᠯᠡᠭᠡ ᠶᠢ | ᠳᠠᠶᠢᠴᠢᠯᠠᠭᠰᠠᠨ ᠬᠠᠷᠢᠴᠠᠯ ᠨᠢ 1023.2 % ᠲᠤ ᠭᠦᠷᠪᠡ︔ ᠨᠢᠭᠡᠳᠦᠭᠡᠷ᠂ ᠬᠤᠶᠠᠳᠤᠭᠠᠷ ᠪᠦᠯᠦᠭ ᠤᠳᠠᠭ᠎ᠠ | ᠮᠠᠰᠢᠨ ᠲᠡᠷᠭᠡᠨ ᠤ ᠬᠡᠷᠡᠭᠯᠡᠭᠡᠨ ᠤ ᠲᠡᠮᠳᠡᠭᠲᠦ ᠶᠢ ᠨᠡᠶᠢᠲᠠ 330 ᠲᠦᠮᠡᠨ ᠲᠥᠭᠦᠷᠢᠭ ᠲᠠᠷᠬᠠᠭᠠᠵᠤ᠂ 3824.2 | ᠲᠦᠮᠡᠨ ᠲᠥᠭᠦᠷᠢᠭ ᠬᠡᠷᠡᠭᠯᠡᠭᠡ ᠶᠢ ᠳᠠᠶᠢᠴᠢᠯᠠᠵᠤ᠂ ᠬᠡᠷᠡᠭᠯᠡᠭᠡᠨ ᠤ ᠲᠡᠮᠳᠡᠭᠲᠦ ᠪᠠᠷ ᠬᠡᠷᠡᠭᠯᠡᠭᠡ ᠶᠢ ᠳᠠᠶᠢᠴᠢᠯᠠᠭᠰᠠᠨ | ᠬᠠᠷᠢᠴᠠᠯ 3770.6 %᠃ ︵ᠰᠢᠯᠢ ᠶᠢᠨ ᠬᠤᠲᠠ ᠶᠢᠨ ᠵᠠᠰᠠᠭ ᠤᠨ ᠣᠷᠳᠣᠨ︶ | |