ᠯᠠᠯᠤ ᠶᠢᠨ ᠢᠳᠡᠭᠡᠨ ᠤ ᠬᠠᠮᠢᠶᠠᠷᠣᠯᠲᠠ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠯᠠᠯᠣ ᠶᠢᠨ ᠲᠡᠮᠳᠡᠭ ᠢ | ᠵᠥᠪ ᠬᠡᠷᠡᠭᠯᠡᠨ᠂ ᠬᠡᠳᠦ ᠳᠡᠯᠭᠡᠭᠦᠷ ᠤᠨ ᠯᠠᠯᠣ ᠶᠢᠨ ᠢᠳᠡᠭᠡᠨ ᠤ ᠪᠣᠷᠣᠯᠠᠭᠤᠯᠣᠯᠲᠠ ᠶᠢᠨ ᠡᠵᠡᠩᠨᠡᠯᠲᠡ ᠶᠢᠨ | ᠠᠵᠢᠯᠯᠠᠭ᠎ᠠ ᠶᠢ ᠲᠦᠷᠢᠮᠵᠢᠭᠦᠯᠬᠦ ᠶᠢᠨ ᠲᠤᠰᠠᠳᠠ᠂ 2014 ᠣᠨ᠋ ᠤ 8 ᠰᠠᠷ᠎ᠠ ᠶᠢᠨ 12 ᠤ ᠡᠳᠦᠷ᠂ ᠴᠤᠬᠠᠠᠭᠤᠯᠠ | ᠰᠤᠮᠤᠨ᠋ ᠤ ᠱᠠᠰᠢᠨ ᠰᠤᠷᠲᠠᠬᠤᠨ᠋ ᠤ ᠠᠵᠢᠯ ᠤᠨ ᠬᠠᠷᠢᠭᠤᠴᠠᠯᠭᠠᠲᠠᠨ ᠬᠠᠷᠢᠶ᠎ᠠ ᠲᠣᠭᠤᠷᠢᠭ᠋ ᠲᠤ ᠭᠦᠨᠵᠡᠭᠡᠶᠢᠷᠡᠵᠦ᠂ ︽ | ᠯᠠᠯᠣ︾ ᠶᠢᠨ ᠤᠬᠠᠭᠳᠠᠬᠤᠨ᠋ ᠤ ᠴᠢᠳᠠᠪᠬᠢ ᠶᠢ ᠵᠢᠭᠰᠠᠭᠠᠨ ᠪᠠᠶᠢᠴᠠᠭᠠᠬᠤ ᠠᠵᠢᠯᠯᠠᠭ᠎ᠠ ᠥᠷᠨᠢᠭᠦᠯᠪᠡ᠃ ᠲᠤᠰ | ᠣᠳᠠᠭᠠᠨ ᠤ ᠪᠠᠶᠢᠴᠠᠭᠠᠯᠲᠠ ᠶᠢᠨ ᠠᠵᠢᠯᠲᠠᠳ ᠬᠠᠮᠢᠶᠠᠲᠠᠢ ᠡᠵᠡᠩᠨᠡᠯᠲᠡᠶᠢᠨ ᠭᠡᠷᠡᠴᠢ ᠲᠡᠮᠳᠡᠭ᠂ ᠢᠳᠡᠭᠡᠨ᠋ ᠤ | ᠪᠣᠭᠤᠳᠠᠯ ᠤᠨ ᠲᠡᠮᠳᠡᠭ ᠢ ᠲᠣᠳᠣᠷᠬᠠᠶᠢᠯᠠᠬᠤ᠂ ᠢᠳᠡᠭᠡᠨ ᠪᠣᠷᠣᠯᠠᠭᠤᠯᠬᠤ ᠵᠡᠷᠭᠡ ᠲᠠᠯ᠎ᠠ ᠪᠠᠷ ᠪᠠᠶᠢᠴᠠᠭᠠᠯᠲᠠ ᠬᠢᠭᠰᠡᠨ | ᠪᠠᠶᠢᠨ᠎ᠠ᠃ ᠳᠠᠷᠠᠭᠠᠯᠠᠨ ᠪᠠᠶᠢᠴᠠᠭᠠᠯᠲᠠ ᠪᠠᠷ ᠳᠠᠮᠵᠢᠨ ︽ᠯᠠᠯᠤ︾ ᠭᠡᠳᠡᠭ ᠤᠬᠠᠭᠳᠠᠬᠤᠨ᠋ ᠤ᠊ ᠨᠠᠷᠮᠠᠢ ᠦᠵᠡᠭᠳᠡᠯ | ᠦᠯᠦ ᠢᠯᠡᠷᠡᠭᠰᠡᠨ᠃ | ᠲᠤᠰ ᠤᠳᠠᠭᠠᠨ᠋ ᠤ᠊ ᠠᠵᠢᠯᠯᠠᠭ᠎ᠠ ᠪᠠᠷ ᠳᠠᠮᠵᠢᠨ᠂ ᠡᠯ᠎ᠡ ᠬᠤᠳᠠᠯᠳᠤᠭᠠᠴᠢᠨ᠋ ᠤᠨ ᠦᠨᠡᠨ ᠪᠣᠳᠠᠲᠠᠢ | ᠤᠬᠠᠭᠳᠠᠬᠤᠨᠴᠢᠯᠠᠭᠰᠠᠨ ᠠᠰᠠᠭᠤᠳᠠᠯ ᠤᠨ ᠲᠤᠬᠠᠢ ᠵᠥᠪ ᠲᠠᠨᠢᠯᠲᠠ ᠪᠠ ᠣᠶᠢᠯᠠᠭᠠᠯᠴᠠᠭ᠎ᠠ ᠶᠢ ᠤᠯᠠᠮ ᠨᠢᠭᠡ ᠠᠯᠬᠤᠮ | ᠨᠡᠮᠡᠭᠳᠡᠭᠦᠯᠵᠦ᠂ ᠰᠤᠮᠤ ᠭᠠᠴᠠᠭᠠᠨ᠋ ᠤ ᠮᠠᠯᠴᠢᠨ ᠣᠯᠠᠨ ᠲᠦᠮᠡᠨ ᠪᠠ ᠬᠤᠳᠠᠯᠳᠤᠭᠠᠴᠢᠨ᠋ ᠢ ᠢᠳᠡᠪᠬᠢᠲᠠᠢ ᠪᠠᠷ | ᠬᠥᠲᠥᠯᠦᠨ ᠵᠢᠯᠣᠭᠤᠳᠴᠤ ᠪᠠᠶᠢᠭᠠᠳ ᠨᠠᠷᠢᠨ ᠲᠣᠳᠣᠷᠬᠠᠢ ᠢᠳᠡᠭᠡᠨ᠋ ᠤ ᠵᠥᠪ ᠣᠨᠣᠪᠴᠢᠲᠠᠢ ᠲᠣᠳᠣᠷᠬᠠᠶᠢᠯᠠᠯᠲᠠ ᠶᠢ | ᠲᠠᠨᠢᠭᠤᠯᠵᠣ᠂ ᠢᠳᠡᠭᠡᠨ᠋ ᠤ ᠵᠦᠢᠯ ᠠᠴᠠ ᠭᠠᠳᠠᠨᠠᠬᠢ ᠬᠦᠷᠢᠶ᠎ᠡ ᠬᠡᠪᠴᠢᠶ᠎ᠡ ᠶᠢ ᠰᠡᠷᠭᠡᠶᠢᠯᠡᠬᠦ᠂ ᠡᠯ᠎ᠡ ᠦᠨᠳᠦᠰᠦᠲᠡᠨ | ᠬᠠᠷᠢᠯᠴᠠᠨ ᠣᠶᠢᠯᠠᠭᠠᠯᠴᠠᠬᠤ᠂ ᠬᠠᠷᠢᠯᠴᠠᠨ ᠬᠦᠨᠳᠦᠳᠬᠡᠬᠦ᠂ ᠬᠠᠷᠢᠯᠴᠠᠨ ᠰᠤᠷᠤᠯᠴᠠᠬᠤ ᠰᠠᠶᠢᠨ ᠰᠠᠶᠢᠬᠠᠨ ᠠᠭᠤᠷ | ᠠᠮᠢᠰᠬᠤᠯ ᠢ ᠴᠢᠷᠮᠠᠶᠢᠨ ᠪᠣᠢ ᠪᠣᠯᠭᠠᠨ᠎ᠠ᠃ |