ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠲᠣᠭᠤᠰᠢᠯᠠᠭᠤᠯᠣᠨ ᠨᠠᠶᠢᠳᠠᠪᠤᠷᠢᠵᠢᠭᠤᠯᠬᠤ ᠶᠢᠨ | ᠲᠥᠯᠥᠭᠡ᠂ ᠰᠢ ᠶᠢᠨ ᠫᠢᠩ ᠶᠡᠷᠦᠩᠬᠡᠢ ᠱᠦᠵᠢ ᠶᠢᠨ ︽ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠡᠯᠡᠰᠦ ᠶᠢ | ᠰᠡᠷᠭᠡᠶᠢᠯᠡᠨ ᠵᠠᠰᠠᠬᠤ ᠰᠢᠨ᠎ᠡ ᠭᠠᠶᠢᠬᠠᠮᠰᠢᠭ ᠢ ᠴᠢᠷᠮᠠᠶᠢᠨ ᠡᠭᠦᠳᠦᠶ᠎ᠡ︾ ᠭᠡᠬᠦ ᠴᠠᠭ ᠦᠶ᠎ᠡ ᠶᠢᠨ ᠤᠷᠢᠶᠠᠯᠠᠭ᠎ᠠ ᠶᠢ | ᠴᠤᠤᠷᠢᠶᠠᠲᠤᠨ ᠳᠠᠭᠠᠵᠤ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ︾ | ᠭᠡᠬᠦ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠵᠦ᠂ ᠮᠠᠨ ᠤ ᠬᠤᠳᠠ ᠮᠠᠯᠵᠢᠬᠤ ᠣᠷᠣᠨ | ᠤ ᠠᠮᠢ ᠠᠬᠤᠢ ᠶᠢ ᠬᠥᠭᠵᠢᠭᠦᠯᠦᠨ ᠮᠠᠨᠳᠤᠭᠤᠯᠬᠤ ᠪᠦᠲᠦᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ | ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠰᠦᠨᠦᠭᠡᠯᠡᠯᠲᠡ ᠶᠢᠨ ᠳᠠᠶᠢᠯᠳᠣᠭᠠᠨ ᠢ ᠦᠷᠭᠦᠯᠵᠢᠯᠡᠨ | ᠰᠠᠶᠢᠲᠤᠷ ᠬᠢᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ | ᠬᠠᠯᠬᠠᠪᠴᠢ ᠶᠢ ᠪᠠᠬᠢᠵᠢᠭᠦᠯᠬᠦ ᠪᠠᠷ ᠬᠦᠴᠤᠯᠡᠨᠡ᠃ 2024 ᠣᠨ ᠤ 8 ᠰᠠᠷ᠎ᠠ ᠶᠢᠨ 15 ᠤ ᠡᠳᠦᠷ ᠠᠴᠠ 8 | ᠰᠠᠷ᠎ᠠ ᠶᠢᠨ 16 ᠤ ᠡᠳᠦᠷ ᠪᠣᠯᠲᠠᠯ᠎ᠠ᠂ ᠰᠢᠯᠢ ᠶᠢᠨ ᠬᠤᠲᠠ ᠶᠢᠨ ᠳᠦᠷᠪᠡᠨ ᠶᠡᠭᠡ ᠪᠠᠭ ᠤᠨ ᠲᠤᠬᠠᠢ ᠶᠢᠨ | ᠲᠠᠯᠠᠪᠠᠢ ᠶᠢᠨ ᠠᠵᠢᠯ ᠤᠨ ᠬᠤᠷᠠᠯ ᠰᠢᠯᠢ ᠶᠢᠨ ᠬᠤᠲᠠ ᠳᠤ ᠬᠤᠷᠠᠯᠳᠤᠬᠤ ᠶᠢᠨ ᠬᠠᠮᠲᠤ ᠬᠤᠯᠠᠨ ᠰᠢᠷᠭ᠎ᠠ ᠳᠠᠭ᠎ᠠ ᠶᠢᠨ | ᠵᠠᠰᠠᠯᠲᠠ ᠶᠢᠨ ᠲᠣᠭᠤᠷᠢᠭ ᠲᠤ ᠭᠦᠨᠵᠡᠭᠡᠶᠢᠷᠡᠵᠦ᠂ ᠲᠤᠬᠠᠢ ᠶᠢᠨ ᠲᠠᠯᠠᠪᠠᠢ ᠳᠤ ᠣᠢ ᠰᠢᠭᠤᠢ ᠪᠠ ᠨᠣᠲᠤᠭ | ᠪᠡᠯᠴᠢᠭᠡᠷ ᠤᠨ ᠲᠣᠪᠴᠢᠶᠠᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ | 2024 ᠣᠨ ᠳᠤ ᠮᠠᠨ ᠤ ᠬᠤᠲᠠ ᠶᠢᠨ ᠡᠯᠡᠰᠦᠷᠬᠡᠭ ᠭᠠᠵᠠᠷ ᠢ ᠵᠠᠰᠠᠬᠤ ᠡᠭᠦᠷᠭᠡ ᠨᠡᠶᠢᠲᠡ 30.7 ᠲᠦᠮᠡᠨ | ᠮᠦ ᠳᠤ ᠬᠦᠷᠴᠦ᠂ ᠨᠡᠶᠢᠲᠡ 9539.23 ᠲᠦᠮᠡᠨ ᠲᠥᠭᠦᠷᠢᠭ ᠤᠨ ᠪᠡᠯᠡ ᠮᠦᠩᠭᠦ ᠣᠷᠣᠭᠤᠯᠵᠤ᠂ ᠲᠣᠣᠷ ᠬᠦᠷᠢᠶ᠎ᠡ | ᠨᠡᠶᠢᠲᠡ 54.3128 ᠲᠦᠮᠡᠨ ᠮᠧᠲᠷ᠂ ᠡᠯᠡᠰᠦᠨ ᠬᠠᠯᠬᠠᠪᠴᠢ ᠶᠢᠨ ᠮᠠᠲ᠋ᠧᠷᠢᠶᠠᠯ 143.28 ᠲᠣᠨ᠂ ᠰᠢᠷ᠎ᠠ | ᠪᠤᠷᠭᠠᠰᠤ 2604 ᠲᠦᠮᠡᠨ ᠰᠠᠭᠤᠷᠢ᠂ ᠡᠪᠡᠰᠦᠨ ᠦᠷ᠎ᠡ 240.372 ᠲᠣᠨ᠂ 2500 ᠭᠠᠷᠤᠢ ᠬᠥᠮᠥᠨ | ᠤᠳᠠᠭ᠎ᠠ᠂ ᠮᠠᠰᠢᠨ ᠲᠥᠬᠦᠭᠡᠷᠦᠮᠵᠢ 800 ᠰᠠᠤᠷᠢ ᠤᠳᠠᠭ᠎ᠠ ᠣᠷᠣᠭᠤᠯᠤᠭᠰᠠᠨ ᠪᠠᠶᠢᠨ᠎ᠠ᠃ | ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠰᠦᠨᠦᠭᠡᠯᠡᠯᠲᠡ ᠶᠢᠨ ᠳᠠᠶᠢᠯᠳᠣᠭᠠᠨ ᠡᠬᠢᠯᠡᠭᠰᠡᠨ ᠠᠴᠠ | ᠨᠠᠰᠢ᠂ ᠮᠠᠨ ᠤ ᠲᠣᠪᠴᠢᠶ᠎ᠠ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢ ᠵᠠᠰᠠᠬᠤ ᠠᠵᠢᠯ ᠢ ᠣᠳᠣᠬᠠᠨ ᠤ | ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠨᠡᠶᠢᠭᠡᠮ ᠤᠨ ᠡᠯ᠎ᠡ ᠡᠲᠡᠭᠡᠳ ᠤᠨ ᠡᠯᠡᠰᠦ ᠶᠢ | ᠰᠡᠷᠭᠡᠶᠢᠯᠡᠨ ᠵᠠᠰᠠᠬᠤ ᠠᠵᠢᠯ ᠳᠤ ᠣᠷᠣᠯᠴᠠᠬᠤ ᠢᠳᠡᠪᠬᠢᠵᠢᠯ ᠢ ᠭᠦᠢᠴᠡᠳ ᠳᠠᠶᠢᠴᠢᠯᠠᠬᠤ ᠶᠢᠨ ᠲᠥᠯᠥᠭᠡ᠂ ︽ | ᠬᠤᠷᠰᠢᠶ᠎ᠠ + ᠮᠠᠯᠵᠢᠬᠤ ᠡᠷᠦᠬᠡ︾ ᠶᠢᠨ ᠨᠢᠭᠲᠠ ᠬᠠᠮᠲᠤᠷᠠᠯᠴᠠᠬᠤ ᠵᠠᠭᠪᠤᠷ ᠢᠶᠠᠷ ᠳᠠᠮᠵᠢᠭᠤᠯᠤᠨ᠂ ᠨᠥᠬᠦᠴᠡᠯ ᠳᠤ | ᠨᠡᠶᠢᠴᠡᠬᠦ ᠬᠤᠷᠰᠢᠶ᠎ᠠ ᠶᠢ ᠤᠷᠢᠳᠠᠪᠠᠷ ᠲᠣᠬᠢᠷᠠᠭᠤᠯᠤᠨ ᠮᠠᠯᠴᠢᠳ ᠢ ᠵᠣᠬᠢᠶᠠᠨ ᠪᠠᠶᠢᠭᠤᠯᠤᠨ ᠵᠠᠰᠠᠯᠲᠠ ᠶᠢᠨ ᠲᠥᠷᠥᠯ | ᠵᠦᠢᠯ ᠳᠤ ᠣᠷᠣᠯᠴᠠᠭᠤᠯᠵᠤ᠂ ᠮᠠᠯᠴᠢᠨ ᠲᠦᠮᠡᠨ ᠤ ᠬᠠᠮᠲᠤᠪᠠᠷ ᠵᠠᠰᠠᠯᠲᠠ ᠳᠤ ᠣᠷᠣᠯᠴᠠᠬᠤ ᠢᠳᠡᠪᠬᠢᠵᠢᠯ ᠪᠠ | ᠬᠠᠷᠢᠭᠤᠴᠠᠯᠭᠠᠲᠤ ᠰᠡᠳᠬᠢᠯᠭᠡ ᠶᠢ ᠬᠥᠭᠵᠢᠭᠡᠨ᠂ ᠮᠠᠯᠴᠢᠳ ᠵᠢᠴᠢ ᠬᠠᠮᠳᠣᠷᠠᠭᠰᠠᠨ ᠵᠣᠬᠢᠶᠠᠨ ᠪᠠᠶᠢᠭᠤᠯᠣᠯᠲᠠ ᠶᠢ | ᠣᠷᠢᠶᠠᠯᠠᠵᠦ ᠲᠡᠭᠦᠨ ᠢ ᠪᠦᠲᠦᠭᠡᠨ ᠪᠠᠶᠢᠭᠤᠯᠬᠤ ᠪᠠ ᠬᠠᠮᠠᠭᠠᠯᠠᠨ ᠠᠷᠠᠴᠢᠯᠠᠬᠤ ᠭᠤᠣᠯ ᠴᠣᠭᠴᠠ ᠵᠢᠨᠦᠢᠯᠡᠳᠦᠯ ᠢ | ᠪᠠᠳᠠᠷᠠᠭᠤᠯᠣᠨ᠂ ᠡᠯᠡᠰᠦ ᠶᠢ ᠰᠡᠷᠭᠡᠶᠢᠯᠡᠨ ᠵᠠᠰᠠᠬᠤ ᠳᠤ ᠣᠷᠣᠯᠴᠠᠭᠤᠯᠵᠦ᠂ ᠮᠠᠯᠴᠢᠳ ᠤᠨ ᠣᠶᠢᠷ᠎ᠠ ᠬᠠᠪᠢ ᠠᠴᠠ | ᠠᠵᠢᠯ ᠣᠯᠬᠤ᠂ ᠣᠷᠣᠯᠭ᠎ᠠ ᠪᠠᠨ ᠨᠡᠮᠡᠭᠳᠡᠭᠦᠯᠬᠦ ᠶᠢ ᠪᠡᠶᠡᠯᠡᠭᠦᠯᠪᠡ᠃ ᠲᠥᠷᠥᠯ ᠵᠦᠢᠯ ᠤᠨ ᠬᠡᠪᠴᠢᠶᠡᠨ ᠤ ᠡᠯᠡᠰᠦᠷᠬᠡᠭ | ᠭᠠᠵᠠᠷ ᠤᠨ ᠲᠠᠷᠬᠠᠯᠲᠠ ᠶᠢᠨ ᠪᠠᠶᠢᠳᠠᠯ ᠢ ᠦᠨᠳᠦᠰᠦᠯᠡᠨ᠂ ᠬᠡᠪᠴᠢᠶᠡᠵᠢᠭᠦᠯᠦᠨ ᠵᠠᠰᠠᠬᠤ ᠶᠢ ᠬᠡᠰᠡᠭ ᠬᠤᠪᠢᠶᠠᠬᠤ᠂ | ᠡᠷᠦᠬᠡ ᠬᠤᠪᠢᠶᠠᠨ ᠵᠠᠰᠠᠬᠤ ᠯᠤᠭ᠎ᠠ ᠪᠦᠲᠦᠮᠵᠢᠲᠡᠶ ᠤᠶᠠᠯᠳᠤᠭᠤᠯᠵᠤ᠂ ᠲᠥᠷᠥᠯ ᠵᠦᠢᠯ ᠤᠨ ᠬᠡᠪᠴᠢᠶᠡᠨ ᠳᠤ ︽ | ᠡᠯᠡᠰᠦᠨ ᠬᠠᠯᠬᠠᠪᠴᠢ ᠪᠠᠶᠢᠷᠢᠯᠠᠭᠤᠯᠬᠤ + ᠨᠥᠬᠦᠵᠦ ᠳᠠᠷᠢᠵᠤ ᠪᠣᠷᠳᠣᠭᠤᠷ ᠣᠷᠣᠭᠤᠯᠬᠤ + ᠡᠯᠡᠰᠦ ᠶᠢ | ᠪᠢᠲᠡᠭᠦᠮᠵᠢᠯᠡᠨ ᠡᠪᠡᠰᠦ ᠪᠣᠶᠢᠵᠢᠭᠤᠯᠬᠤ︾ ᠵᠡᠷᠭᠡ ᠶᠡᠷᠦᠩᠬᠡᠶᠢᠯᠡᠨ ᠵᠠᠰᠠᠬᠤ ᠠᠷᠭ᠎ᠠ ᠶᠢ ᠬᠡᠷᠡᠭᠵᠢᠭᠦᠯᠪᠡ᠃ ᠮᠠᠯᠵᠢᠬᠤ | ᠡᠷᠦᠬᠡ ᠳᠤ ᠪᠡᠯᠴᠢᠭᠡᠷᠯᠡᠭᠦᠯᠬᠦ ᠶᠢ ᠴᠠᠭᠠᠵᠠᠯᠠᠵᠤ ᠬᠠᠰᠢᠶᠠᠯᠠᠨ ᠲᠡᠵᠢᠭᠡᠬᠦ ᠶᠢ ᠬᠡᠷᠡᠭᠵᠢᠭᠦᠯᠵᠦ᠂ ᠲᠥᠷᠥᠯ ᠵᠦᠢᠯ ᠤᠨ | ᠲᠣᠭᠤᠷᠢᠭ ᠳᠤ ᠪᠥᠬᠦ ᠵᠢᠯ ᠪᠠᠷ ᠢᠶᠠᠨ ᠬᠠᠰᠢᠶᠠᠯᠠᠬᠤ ᠶᠢ ᠦᠨᠡᠨᠬᠦ ᠪᠠᠲᠣᠯᠠᠨ᠎ᠠ᠃ | ᠴᠥᠬᠦᠷᠡᠰᠢ ᠦᠭᠡᠢ ᠴᠢᠷᠮᠠᠶᠢᠯᠭ᠎ᠠ ᠪᠠᠷ ᠳᠠᠮᠵᠢᠨ᠂ ᠮᠠᠨ ᠤ ᠬᠤᠲᠠ ᠶᠢᠨ ᠬᠤᠯᠠᠨ ᠰᠢᠷᠭ᠎ᠠ ᠳᠠᠭ᠎ᠠ ᠶᠢᠨ | ᠡᠯᠡᠰᠦᠷᠬᠡᠭ ᠭᠠᠵᠠᠷ ᠢ ᠵᠠᠰᠠᠬᠤ ᠢᠨᠴᠧᠨᠧᠷᠢᠭ ᠢᠯᠡᠳᠲᠡ ᠦᠷ᠎ᠡ ᠪᠦᠲᠦᠮᠵᠢ ᠣᠯᠪᠠ᠃ ᠡᠲᠡᠭᠡᠷ ᠵᠠᠰᠠᠯᠲᠠ ᠶᠢᠨ | ᠲᠥᠷᠥᠯ ᠵᠦᠢᠯ ᠢ ᠬᠡᠷᠡᠭᠵᠢᠭᠦᠯᠦᠭᠰᠡᠨ ᠨᠢ ︽ᠲᠠᠪᠤᠨ ᠶᠡᠭᠡ ᠡᠭᠦᠷᠭᠡ︾ ᠶᠢ ᠰᠠᠶᠢᠲᠤᠷ ᠪᠡᠶᠡᠯᠡᠭᠦᠯᠵᠦ᠂ ︽ᠵᠢᠷᠭᠤᠭᠠᠨ | ᠢᠨᠴᠧᠨᠧᠷᠢᠭ︾ ᠢ ᠰᠠᠶᠢᠲᠤᠷ ᠬᠡᠷᠡᠭᠵᠢᠭᠦᠯᠬᠦ ᠳᠤ ᠪᠠᠲᠤ ᠪᠠᠬᠢ ᠪᠠᠲᠤᠯᠠᠭ᠎ᠠ ᠬᠠᠩᠭᠠᠭᠰᠠᠨ ᠢᠶᠠᠷ ᠪᠠᠷᠠᠬᠤ ᠦᠭᠡᠢ ᠪᠠᠰᠠ | ᠡᠯᠡᠰᠦᠷᠬᠡᠭᠵᠢᠭᠰᠡᠨ ᠭᠠᠵᠠᠷ ᠰᠢᠷᠣᠢ ᠶᠢᠨ ᠥᠷᠭᠡᠳᠬᠦ ᠬᠠᠨᠳᠤᠰᠢ ᠶᠢ ᠪᠦᠲᠦᠮᠵᠢᠲᠡᠶ ᠬᠤᠷᠢᠭᠯᠠᠵᠤ᠂ ᠠᠮᠢ ᠠᠬᠤᠢ ᠶᠢᠨ | ᠨᠥᠬᠦᠴᠡᠯ ᠤᠨ ᠶᠠᠰᠤ ᠴᠢᠨᠠᠷ ᠢ ᠢᠯᠡᠳᠲᠡ ᠰᠠᠶᠢᠵᠢᠷᠠᠭᠤᠯᠵᠤ᠂ ᠲᠤᠬᠠᠢ ᠶᠢᠨ ᠭᠠᠵᠠᠷ ᠤᠨ ᠨᠡᠶᠢᠭᠡᠮ ᠠᠵᠤ ᠠᠬᠤᠢ ᠤᠨ | ᠦᠷᠭᠦᠯᠵᠢᠯᠡᠨ ᠬᠥᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠨ ᠥᠭᠴᠦ᠂ ᠨᠡᠶᠢᠭᠡᠮ ᠠᠵᠤ ᠠᠬᠤᠢ ᠤᠨ ᠴᠢᠨᠠᠷ | ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠭᠰᠡᠨ ᠪᠠᠶᠢᠨ᠎ᠠ᠃ | |