ᠰᠢᠯᠢ ᠶᠢᠨ ᠬᠤᠲᠠ ᠶᠢᠨ ᠱᠧᠩ ᠯᠢ ᠴᠠᠭᠢᠯᠭᠠᠨ ᠦᠢᠯᠡᠳᠪᠦᠷᠢ ᠶᠢᠨ ᠦᠢᠯᠡᠳᠪᠦᠷᠢ ᠲᠣᠭᠤᠷᠢᠭ ᠳᠣᠲᠤᠷᠠᠬᠢ ᠲᠠᠷᠠᠬᠠᠢ ᠬᠡᠯᠪᠡᠷᠢ ᠶᠢᠨ ᠭᠡᠷᠡᠯ ᠴᠡᠨᠡᠭ ᠤᠨ ᠲᠥᠷᠥᠯ ᠵᠦᠢᠯ ᠵᠢᠩᠬᠢᠨᠢ ᠪᠠᠷ ᠠᠵᠢᠯ ᠳᠠᠭᠤᠰᠪᠠ
ᠨᠡᠶᠢᠲᠡᠯᠡᠭᠰᠡᠨ ᠴᠠᠭ᠄
2024/8/2
     ᠰᠢᠯᠢ ᠶᠢᠨ ᠬᠤᠲᠠ ᠶᠢᠨ ᠱᠧᠩ ᠯᠢ ᠴᠠᠭᠢᠯᠭᠠᠨ ᠦᠢᠯᠡᠳᠪᠦᠷᠢ ᠶᠢᠨ ᠦᠢᠯᠡᠳᠪᠦᠷᠢ ᠲᠣᠭᠤᠷᠢᠭ ᠳᠣᠲᠤᠷᠠᠬᠢ ᠲᠠᠷᠠᠬᠠᠢ ᠬᠡᠯᠪᠡᠷᠢ ᠶᠢᠨ ᠭᠡᠷᠡᠯ ᠴᠡᠨᠡᠭ ᠤᠨ ᠲᠥᠷᠥᠯ ᠵᠦᠢᠯ ᠪᠦᠭᠦ ᠪᠠᠭᠲᠠᠭᠠᠮᠵᠢ ᠪᠠᠷ ᠲᠣᠣᠷ ᠳᠤ ᠬᠤᠯᠪᠣᠭᠳᠠᠨ ᠴᠠᠭᠢᠯᠭᠠᠨ ᠦᠢᠯᠡᠳᠪᠦᠷᠢᠯᠡᠵᠦ ᠪᠠᠶᠢᠨ᠎ᠠ᠃ ᠲᠤᠰ ᠲᠥᠷᠥᠯ ᠵᠦᠢᠯ 10 ᠰᠠᠶ᠎ᠠ ᠲᠥᠭᠦᠷᠢᠭ ᠤᠨ ᠬᠥᠷᠥᠩᠭᠡ ᠣᠷᠣᠭᠤᠯᠤᠯᠲᠠ ᠬᠢᠵᠦ᠂ ᠪᠠᠶᠢᠰᠢᠩ ᠤᠨ ᠣᠷᠤᠢ ᠪᠣᠯᠣᠨ ᠰᠤᠯᠠ ᠭᠠᠵᠠᠷ ᠰᠢᠷᠤᠢ ᠶᠢ ᠠᠰᠢᠭᠯᠠᠵᠣ᠂ 3.7MW ᠲᠠᠷᠠᠬᠠᠢ ᠬᠡᠯᠪᠡᠷᠢ ᠎ ᠶᠢᠨ ᠭᠡᠷᠡᠯ ᠴᠡᠨᠡᠭ ᠤᠨ ᠲᠥᠷᠥᠯ ᠵᠦᠢᠯ ᠢ ᠪᠦᠲᠦᠭᠡᠨ ᠪᠠᠶᠢᠭᠤᠯᠤᠨ᠎ᠠ᠃ ᠵᠢᠯ ᠪᠦᠷᠢ ᠳᠤᠮᠳᠠᠴᠢ ᠪᠠᠷ 546.63 ᠲᠦᠮᠡᠨ kWh ᠴᠠᠭᠢᠯᠭᠠᠨ ᠭᠠᠷᠭᠠᠵᠤ᠂ ᠵᠢᠯ ᠪᠦᠷᠢ ᠪᠠᠷᠤᠭ 1676.4 ᠲᠤᠨ ᠪᠠᠷᠢᠮᠵᠢᠶᠠᠲᠤ ᠨᠡᠭᠦᠷᠡᠰᠦ ᠠᠷᠪᠢᠯᠠᠵᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ 4392.2 ᠲᠤᠨ ᠪᠠᠭᠠᠰᠬᠠᠨ᠎ᠠ᠃ ᠮᠠᠨ ᠤ ᠬᠤᠲᠠ ᠶᠢᠨ ᠡᠨᠧᠷᠭᠢ ᠶᠢᠨ ᠪᠦᠲᠦᠴᠡ ᠶᠢ ᠰᠢᠯᠢᠳᠡᠭᠵᠢᠭᠦᠯᠵᠦ᠂ ᠠᠷᠢᠭᠤᠨ ᠴᠡᠪᠡᠷ ᠳᠣᠣᠷ᠎ᠠ ᠨᠡᠭᠦᠷᠡᠰᠦᠲᠥ᠋ᠷᠥᠭᠴᠢᠲᠦ᠂ ᠠᠮᠤᠷ ᠲᠦᠪᠰᠢᠨ ᠥᠨᠳᠥᠷ ᠪᠦᠲᠦᠮᠵᠢᠲᠡᠢ ᠣᠳᠣ ᠦᠶ᠎ᠡ ᠶᠢᠨ ᠡᠨᠧᠷᠭᠢ ᠶᠢᠨ ᠰᠢᠰᠲ᠋ᠧᠮ ᠢ ᠪᠠᠶᠢᠭᠤᠯᠬᠤ ᠳᠤ ᠬᠤᠪᠢ ᠨᠡᠮᠡᠷᠢ ᠦᠵᠡᠭᠦᠯᠦᠨ᠎ᠡ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号