ᠰᠥᠨᠢᠳ ᠵᠡᠭᠦᠨ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠰᠠᠭᠤᠷᠢᠨ ᠤ ᠦᠵᠡᠰᠬᠦᠯᠡᠩ ᠤᠨ ᠣᠷᠳᠣᠨ ᠳᠤ ︽ᠤᠯᠤᠰ ᠤᠨ ᠬᠡᠦᠬᠡᠳ︾᠎ ᠤᠨ ᠭᠤᠣᠯ ᠰᠡᠳᠦᠪᠲᠦ ᠦᠵᠡᠭᠦᠯᠭᠡ ᠶᠠᠪᠤᠭᠳᠠᠪᠠ
ᠨᠡᠶᠢᠲᠡᠯᠡᠭᠰᠡᠨ ᠴᠠᠭ᠄
2024/8/20
     ᠲᠤᠰ ᠰᠣᠨᠢᠨ ᠤ ᠮᠡᠳᠡᠭᠡ ︵ᠰᠤᠷᠪᠤᠯᠵᠢᠯᠠᠭᠴᠢ ᠸᠧᠢ ᠽᠢ ᠸᠧᠢ︶ 8 ᠰᠠᠷ᠎ᠠ ᠶᠢᠨ 13᠎ ᠤ ᠡᠳᠦᠷ᠂ ᠰᠥᠨᠢᠳ ᠵᠡᠭᠦᠨ ᠬᠤᠰᠢᠭᠤᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠤᠨ ᠰᠠᠭᠤᠷᠢᠨ ᠵᠢᠩᠬᠢᠨᠢ ᠪᠠᠷ ᠠᠰᠢᠭᠯᠠᠯᠳᠠ ᠳᠤ ᠤᠷᠤᠬᠰᠠᠨ ᠪᠦᠬᠡᠳ ︽ᠪᠦᠬᠦ ᠠᠶᠢᠮᠠᠭ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠤᠨ ᠰᠠᠭᠤᠷᠢᠨ︾ ᠎ ᠤ ᠴᠣᠯᠠ ᠬᠦᠷᠲᠡᠵᠦ᠂ ︽ᠤᠯᠤᠰ ᠤᠨ ᠬᠡᠦᠬᠡᠳ︾᠎ ᠤᠨ ᠭᠤᠣᠯ ᠰᠡᠳᠦᠪᠲᠦ ᠦᠵᠡᠭᠦᠯᠭᠡ ᠶᠢ ᠶᠠᠪᠤᠭᠳᠠᠭᠤᠯᠪᠠ᠃      ︽ᠤᠯᠤᠰ ᠤᠨ ᠬᠡᠦᠬᠡᠳ︾ ᠎ ᠢ ᠬᠠᠮᠤᠭ ᠡᠷᠲᠡ ᠬᠦᠯᠢᠶᠡᠨ ᠠᠪᠤᠭᠰᠠᠨ ᠭᠠᠵᠠᠷ ᠣᠷᠣᠨ ᠤ ᠨᠢᠭᠡ ᠪᠣᠯᠤᠭᠰᠠᠨ ᠤ ᠬᠤᠪᠢ ᠳᠤ᠂ ᠰᠥᠨᠢᠳ ᠵᠡᠭᠦᠨ ᠬᠤᠰᠢᠭᠤ ︽ᠤᠯᠤᠰ ᠤᠨ ᠬᠡᠦᠬᠡᠳ︾᠎ ᠢᠶᠠᠷ ᠭᠤᠣᠯ ᠰᠡᠳᠦᠪ ᠪᠣᠯᠭᠠᠨ᠂ ᠥᠪᠡᠷᠲᠡᠭᠡᠨ ᠪᠡᠯᠡ ᠮᠥᠩᠭᠦ ᠴᠤᠭᠯᠠᠭᠤᠯᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠰᠠᠭᠤᠷᠢᠨ ᠭᠠᠵᠠᠷ ᠢ ᠪᠠᠶᠢᠭᠤᠯᠵᠤ᠂ ᠲᠡᠷᠡ ᠨᠢ 1.48 ᠲᠦᠮᠡᠨ ᠬᠠᠪᠳᠠᠭᠠᠢ ᠳᠥᠷᠪᠡᠯᠵᠢᠨ ᠮ᠊ ᠮᠧᠲᠷ ᠲᠠᠯᠠᠪᠠᠶ ᠲᠠᠢ᠂ ᠭᠤᠣᠯ ᠰᠡᠳᠦᠪᠲᠦ ᠦᠵᠡᠭᠦᠯᠭᠡ ᠶᠢᠨ ᠭᠠᠵᠠᠷ ᠤᠨ ᠲᠠᠯᠠᠪᠠᠶ ᠨᠢ 880 ᠬᠠᠪᠳᠠᠭᠠᠢ ᠳᠥᠷᠪᠡᠯᠵᠢᠨ ᠮᠧᠲᠷ ᠪᠠᠶᠢᠵᠦ᠂ ︽ᠤᠯᠤᠰ ᠤᠨ ᠬᠡᠦᠬᠡᠳ︾ ᠎ ᠤᠨ ᠰᠡᠳᠦᠪ ᠪᠦᠬᠦᠢ ᠭᠡᠷᠡᠯ ᠵᠢᠷᠤᠭ ᠵᠢᠴᠢ ᠬᠠᠮᠢᠶ᠎ᠠ ᠪᠦᠬᠦᠢ ᠮᠠᠲ᠋ᠧᠷᠢᠶᠠᠯ ᠢ 1000 ᠭᠠᠷᠤᠢ ᠬᠤᠪᠢ ᠳᠡᠯᠭᠡᠨ ᠦᠵᠡᠭᠦᠯᠵᠦ᠂ ᠲᠡᠦᠬᠡ ᠶᠢᠨ ᠳᠤᠷᠠᠰᠬᠠᠯᠲᠤ ᠵᠦᠢᠯᠡᠰ ᠢ 234 ᠬᠤᠪᠢ ᠳᠡᠯᠭᠡᠨ ᠦᠵᠡᠭᠦᠯᠵᠦ᠂ ᠤᠬᠠᠭᠤᠯᠭ᠎ᠠ ᠬᠥᠮᠦᠵᠢᠯ᠂ ᠳᠡᠯᠭᠡᠨ ᠦᠵᠡᠭᠦᠯᠭᠡ᠂ ᠦᠢᠯᠡᠳᠦᠯᠴᠡᠨ ᠣᠶᠢᠯᠠᠭᠠᠬᠤ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠢ ᠣᠷᠳᠣᠨ ᠪᠣᠯᠣᠨ᠎ᠠ᠃      ᠣᠶᠢᠷ᠎ᠠ ᠶᠢᠨ ᠵᠢᠯ ᠳᠤ᠂ ᠮᠠᠨ ᠤ ᠠᠶᠢᠮᠠᠭ ︽ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠬᠠᠮᠲᠤᠪᠠᠷ ᠡᠷᠡᠯᠬᠡᠭᠯᠡᠨ ᠤᠷᠤᠭᠰᠢᠯᠠᠵᠤ᠂ ᠪᠠᠳᠠᠷᠠᠨ ᠲᠡᠯᠭᠡᠷᠡᠬᠦ ᠠᠨᠠᠷ ᠤᠨ ᠴᠡᠴᠡᠭ ᠰᠢᠯᠢ ᠶᠢᠨ ᠭᠤᠣᠯ ᠢ ᠭᠡᠶᠢᠬᠦᠯᠦᠨ᠎ᠠ︾᠎ ᠪᠠᠷ ᠡᠭᠦᠳᠦᠨ ᠪᠠᠶᠢᠭᠤᠯᠬᠤ ᠭᠤᠣᠯ ᠰᠡᠳᠦᠪ ᠪᠣᠯᠭᠠᠵᠤ᠂ ︽ᠨᠢᠭᠡ ᠬᠤᠩᠭᠢᠯ ᠨᠢᠭᠡ ᠪᠦᠰᠡ ᠳᠥᠷᠪᠡᠨ ᠰᠠᠭᠤᠷᠢᠨ︾ ᠢ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠪᠠᠶᠢᠷᠢᠰᠢᠯ ᠢ ᠪᠠᠶᠢᠭᠤᠯᠤᠨ᠂ ᠮᠠᠨ ᠤ ᠠᠶᠢᠮᠠᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ︽ᠨᠡᠷᠡᠲᠤ ᠳᠡᠮᠳᠡᠭ︾ ᠢ ᠡᠬᠦᠳᠴᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠵᠦ ᠪᠠᠶᠢᠨ᠎ᠠ᠃ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ︾᠂ ︽ᠲᠠᠯ᠎ᠠ ᠨᠤᠲᠤᠭ ᠤᠨ ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾᠂ ︽ᠲᠢᠩ · ᠪᠠᠭᠠᠲᠤᠷ ᠤᠨ ᠲᠡᠷᠢᠭᠦᠨ ᠤ ᠦᠢᠯᠡ ᠠᠵᠢᠯᠯᠠᠭ᠎ᠠ︾᠂ ︽ᠤᠯᠤᠰ ᠤᠨ ᠬᠡᠥᠬᠡᠳ︾ ᠵᠡᠷᠭᠡ ᠪᠠᠷ ᠭᠤᠣᠯ ᠰᠡᠳᠦᠪ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ 4᠎ ᠶᠢ ᠪᠠᠶᠢᠭᠤᠯᠵᠤ᠂ ᠪᠦᠬᠦ ᠤᠯᠤᠰ ᠤᠨ ᠡᠯ᠎ᠡ ᠭᠠᠵᠠᠷ ᠤᠨ ᠰᠤᠷᠤᠯᠴᠠᠬᠤ ᠪᠦᠯᠬᠦᠮ᠂ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠨᠡᠶᠢᠲᠡ 11 ᠲᠦᠮᠡ ᠭᠠᠷᠤᠢ ᠬᠥᠮᠥᠨ ᠤᠳᠠᠭ᠎ᠠ ᠬᠦᠯᠢᠶᠡᠨ ᠠᠪᠴᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠢ ᠬᠥᠮᠥᠵᠢᠭᠦᠯᠦᠨ ᠵᠢᠯᠤᠭᠤᠳᠴᠤ ᠪᠠᠶᠢᠭᠠᠳ ᠦᠨᠳᠦᠰᠦᠲᠡᠨ ᠤ ᠪᠦᠯᠬᠦᠮᠳᠡᠯ ᠤᠨ ᠭᠧᠨ ᠢ ᠤᠯᠠᠮᠵᠢᠯᠠᠨ ᠵᠠᠯᠭᠠᠮᠵᠢᠯᠠᠵᠤ ᠂ ᠦᠨᠳᠦᠰᠦᠲᠡᠨ ᠤ ᠪᠦᠯᠬᠦᠮᠳᠡᠯ ᠪᠠ ᠬᠢᠯᠢ ᠬᠢᠵᠠᠭᠠᠷ ᠤᠨ ᠲᠣᠭᠲᠠᠭᠤᠨ ᠪᠠᠶᠢᠳᠠᠯ ᠢ ᠤᠬᠠᠮᠰᠠᠷ ᠠᠴᠠ ᠪᠠᠨ ᠬᠠᠮᠠᠭᠠᠯᠠᠪᠠ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号