ᠲᠡᠭᠡᠷ᠎ᠠ ᠬᠠᠭᠠᠰ ᠵᠢᠯ ᠳᠤ ᠮᠠᠨ ᠤ ᠠᠶᠢᠮᠠᠭ ᠤᠨ ᠭᠠᠲᠠᠭᠠᠲᠤ ᠠᠷᠠᠯᠵᠢᠶ᠎ᠠ ᠬᠤᠤᠰ ᠨᠡᠮᠡᠭᠲᠡᠯ ᠢ ᠪᠡᠶᠡᠯᠡᠬᠦᠯᠪᠡ
ᠨᠡᠶᠢᠲᠡᠯᠡᠭᠰᠡᠨ ᠴᠠᠭ᠄
2024/8/20
     ᠰᠢᠯᠢ ᠶᠢᠨ ᠬᠤᠲᠠ ᠶᠢᠨ ᠮᠡᠲᠡᠭᠡ ᠪᠥᠷᠢᠳᠭᠡᠯ ᠢ ᠥᠨᠲᠤᠰᠤᠯᠡᠪᠡᠯ᠂ ᠲᠡᠭᠡᠷ᠎ᠠ ᠬᠠᠭᠠᠰ ᠵᠢᠯ ᠮᠠᠨ ᠤ ᠠᠶᠢᠮᠠᠭ ︵ᠡᠷᠢᠶᠠᠨ ᠬᠤᠲᠠ ᠶᠢ ᠪᠠᠭᠲᠠᠭᠠᠬᠤ ᠥᠭᠡᠢ︶ ᠎ ᠤᠨ ᠭᠠᠲᠠᠭᠠᠲᠤ ᠠᠷᠠᠯᠵᠢᠶᠠᠨ ᠤ ᠥᠷᠲᠡᠭ 5.18 ᠳ᠋ᠥᠡᠭᠰᠢᠭᠤᠷ ᠲᠥᠭᠦᠷᠢᠭ ᠬᠥᠷᠴᠥ᠂ ᠠᠲᠠᠯᠢ ᠬᠤᠭᠤᠴᠠᠭᠠᠨ ᠤ ᠬᠢ ᠠᠴᠠ 33.8%᠎ ᠪᠠᠷ ᠨᠡᠮᠡᠭᠲᠡᠪᠠ᠃ ᠡᠬᠦᠨ ᠳᠤ ᠭᠠᠲᠠᠭᠠᠲᠤ ᠳᠤ ᠭᠠᠷᠭᠠᠭᠰᠠᠨ ᠠᠷᠠᠯᠵᠢᠶᠠᠨ ᠤ ᠥᠷᠲᠡᠭ 1.44 ᠳ᠋ᠥᠡᠭᠰᠢᠭᠤᠷ ᠲᠥᠬᠦᠷᠢᠭ ᠬᠥᠷᠴᠥ᠂ 33.4%᠎ ᠪᠠᠷ ᠨᠡᠮᠡᠭᠲᠡᠵᠥ᠂ ᠭᠠᠲᠠᠭᠠᠲᠤ ᠠᠴᠠ ᠤᠷᠤᠭᠤᠯᠤᠭᠰᠠᠨ ᠠᠷᠠᠯᠵᠢᠶᠠᠨ ᠤ ᠥᠷᠲᠡᠭ 3.74 ᠳ᠋ᠥᠡᠭᠰᠢᠭᠤᠷ ᠲᠥᠭᠦᠷᠢᠭ ᠬᠥᠷᠴᠥ᠂ 34%᠎ ᠪᠠᠷ ᠨᠡᠮᠡᠭᠲᠡᠪᠡ᠃      ᠠᠷᠠᠯᠵᠢᠶᠠᠨ ᠤ ᠬᠠᠨᠢᠲᠠᠨ ᠤ ᠲᠠᠯ᠎ᠠ ᠠᠴᠠ ᠥᠵᠡᠪᠡᠯ᠂ ᠲᠡᠭᠡᠷ᠎ᠠ ᠬᠠᠭᠠᠰ ᠵᠢᠯ ᠳᠤ ︽ᠨᠢᠭᠡ ᠪᠥᠰᠡ ᠨᠢᠭᠡ ᠵᠠᠮ︾ ᠎ ᠢ ᠬᠠᠮᠲᠤᠪᠠᠷ ᠪᠠᠶᠢᠭᠤᠯᠬᠤ ᠤᠯᠤᠰ ᠤᠳ ᠯᠤᠭ᠎ᠠ ᠶᠢᠨ ᠭᠠᠲᠠᠭᠠᠲᠤ ᠠᠷᠠᠯᠵᠢᠶᠠᠨ ᠤ ᠥᠷᠲᠡᠭ 5.13 ᠳ᠋ᠥᠡᠭᠰᠢᠭᠤᠷ ᠲᠥᠭᠦᠷᠢᠭ ᠬᠥᠷᠴᠥ᠂ ᠠᠲᠠᠯᠢ ᠬᠤᠭᠤᠴᠠᠭᠠᠨ ᠤ ᠬᠢ ᠠᠴᠠ 32.5%᠎ ᠪᠠᠷ ᠨᠡᠮᠡᠭᠲᠡᠵᠥ᠂ RCEP᠎ ᠤ ᠬᠡᠰᠢᠬᠦᠨ ᠤᠯᠤᠰ ᠤᠳ ᠯᠤᠭ᠎ᠠ 147 ᠲᠥᠮᠡᠨ ᠲᠥᠭᠦᠷᠢᠭ ᠤᠨ ᠠᠷᠠᠯᠵᠢᠶ᠎ᠠ ᠬᠢᠪᠡ᠃ ᠮᠤᠩᠭᠤᠯ ᠤᠯᠤᠰ᠂ ᠢᠨᠲᠤᠨᠤᠰᠢᠶ᠎ᠠ ᠨᠢ ᠡᠮᠥᠨ᠎ᠠ ᠬᠤᠶᠠᠷ ᠨᠡᠷ᠎ᠠ ᠲᠤ ᠵᠢᠭᠰᠠᠭᠠᠭᠲᠠᠬᠤ ᠲᠤᠮᠤ ᠠᠷᠠᠯᠵᠢᠶᠠᠨ ᠤ ᠤᠯᠤᠰ ᠪᠤᠯᠵᠥ᠂ ᠡᠬᠦᠨ ᠳᠤ ᠮᠤᠩᠭᠤᠯ ᠤᠯᠤᠰ ᠯᠤᠭ᠎ᠠ 5.12 ᠳ᠋ᠥᠡᠭᠰᠢᠭᠤᠷ ᠲᠥᠭᠦᠷᠢᠭ ᠤᠨ ᠠᠷᠠᠯᠵᠢᠶ᠎ᠠ ᠬᠢᠵᠥ᠂ 32.1%᠎ ᠪᠠᠷ ᠨᠡᠮᠡᠭᠲᠡᠵᠥ᠂ ᠬᠠᠷᠢᠶᠠᠲᠤ ᠤᠷᠤᠨ ᠤ ᠭᠠᠲᠠᠭᠠᠲᠤ ᠠᠷᠠᠯᠵᠢᠶᠠᠨ ᠤ ᠶᠡᠷᠥᠩᠭᠡᠢ ᠥᠷᠲᠡᠭ ᠤᠨ 98.8%᠎ ᠶᠢ ᠡᠵᠡᠯᠡᠪᠡ᠃ ᠢᠨᠲᠤᠨᠤᠰᠢᠶ᠎ᠠ ᠯᠤᠭ᠎ᠠ ᠶᠢᠨ ᠭᠠᠲᠠᠭᠠᠲᠤ ᠠᠷᠠᠯᠵᠢᠶᠠᠨ ᠤ ᠥᠷᠲᠡᠭ 147 ᠲᠥᠮᠡᠨ ᠲᠥᠭᠦᠷᠢᠭ ᠬᠥᠷᠴᠥ᠂ ᠭᠤᠤᠯᠲᠠᠭᠤ ᠬᠥᠯᠲᠡᠭᠡᠮᠡᠯ ᠲᠥᠮᠥᠰᠥᠨ ᠵᠢᠰᠥᠮ ᠢ ᠲᠤᠬᠠᠢ ᠶᠢᠨ ᠤᠯᠤᠰ ᠲᠤ ᠭᠠᠷᠭᠠᠵᠠᠢ᠃      ᠠᠷᠠᠯᠵᠢᠶᠠᠨ ᠤ ᠠᠷᠭ᠎ᠠ ᠬᠡᠯᠪᠡᠷᠢ ᠠᠴᠠ ᠥᠵᠡᠪᠡᠯ᠂ ᠡᠩ ᠤᠨ ᠠᠷᠠᠯᠵᠢᠶ᠎ᠠ ᠪᠤᠯᠤᠨ ᠬᠢᠯᠢ ᠶᠢᠨ ᠪᠠᠭ᠎ᠠ ᠬᠡᠮᠵᠢᠶᠡᠨ ᠤ ᠠᠷᠠᠯᠵᠢᠶ᠎ᠠ ᠪᠤᠯᠤᠨ᠎ᠠ᠃ ᠲᠡᠭᠡᠷ᠎ᠠ ᠬᠠᠭᠠᠰ ᠵᠢᠯ ᠳᠤ ᠡᠩ ᠤᠨ ᠠᠷᠠᠯᠵᠢᠶᠠᠨ ᠤ ᠬᠡᠯᠪᠡᠷᠢ ᠶᠢᠨ ᠭᠠᠲᠠᠭᠠᠲᠤ ᠠᠷᠠᠯᠵᠢᠶᠠᠨ ᠤ ᠥᠷᠲᠡᠭ 5.09 ᠳ᠋ᠥᠡᠭᠰᠢᠭᠤᠷ ᠲᠥᠭᠦᠷᠢᠭ ᠬᠥᠷᠴᠥ᠂ ᠬᠢᠯᠢ ᠶᠢᠨ ᠪᠠᠭ᠎ᠠ ᠬᠡᠮᠵᠢᠶᠡᠨ ᠤ ᠠᠷᠠᠯᠵᠢᠶᠠᠨ ᠤ ᠬᠡᠯᠪᠡᠷᠢ ᠶᠢᠨ ᠭᠠᠲᠠᠭᠠᠲᠤ ᠠᠷᠠᠯᠵᠢᠶᠠᠨ ᠤ ᠥᠷᠲᠡᠭ 918 ᠲᠥᠮᠡᠨ ᠲᠥᠭᠦᠷᠢᠭ ᠬᠥᠷᠴᠥ᠂ ᠠᠷᠠᠯᠵᠢᠶᠠᠨ ᠤ ᠪᠤᠲᠠᠰ ᠨᠢ ᠭᠤᠤᠯᠲᠠᠭᠤ ᠲᠡᠮᠥᠷ ᠤᠨ ᠬᠥᠲᠡᠷ ᠵᠢᠴᠢ ᠨᠠᠷᠢᠯᠢᠭ ᠬᠥᠲᠡᠷ ᠪᠤᠯᠤᠨ᠎ᠠ᠃ ᠭᠠᠲᠠᠭᠠᠲᠤ ᠳᠤ ᠭᠠᠷᠭᠠᠬᠤ ᠲᠠᠯ᠎ᠠ ᠪᠠᠷ᠂ ᠭᠤᠤᠯᠲᠠᠭᠤ ᠵᠠᠭᠠᠲᠠᠰᠥ ᠥᠭᠡᠢ ᠪᠤᠯᠤᠳ ᠬᠤᠭᠤᠯᠠᠢ ᠪᠤᠯᠤᠨ ᠴᠢᠷᠭᠡᠥᠯ ᠲᠡᠷᠭᠡ ᠪᠠᠶᠢᠵᠥ᠂ ᠲᠡᠭᠡᠷ᠎ᠠ ᠬᠠᠭᠠᠰ ᠵᠢᠯ 4071 ᠲᠥᠮᠡᠨ ᠲᠥᠭᠦᠷᠢᠭ ᠤᠨ ᠵᠠᠭᠠᠲᠠᠰᠤ ᠥᠭᠡᠢ ᠪᠤᠯᠤᠳ ᠬᠤᠭᠤᠯᠠᠢ ᠪᠤᠯᠤᠨ 2969 ᠲᠥᠮᠡᠨ ᠲᠥᠭᠦᠷᠢᠭ ᠤᠨ ᠴᠢᠷᠭᠡᠥᠯ ᠲᠡᠷᠭᠡ ᠶᠢ ᠭᠠᠷᠭᠠᠪᠠ᠃ ᠭᠠᠲᠠᠭᠠᠲᠤ ᠠᠴᠠ ᠤᠷᠤᠭᠤᠯᠬᠤ ᠲᠠᠯ᠎ᠠ ᠪᠠᠷ᠂ ᠬᠥᠷᠡᠩ ᠨᠡᠬᠦᠷᠡᠰᠥ ᠪᠤᠯᠤᠨ ᠴᠠᠶᠢᠷ ᠤᠨ ᠨᠠᠷᠢᠯᠢᠭ ᠬᠥᠲᠡᠷ ᠢᠶᠠᠷ ᠭᠤᠤᠯ ᠪᠤᠯᠭᠠᠵᠥ᠂ ᠲᠡᠭᠡᠷ᠎ᠠ ᠬᠠᠭᠠᠰ ᠵᠢᠯ 2.31 ᠳ᠋ᠥᠡᠭᠰᠢᠭᠤᠷ ᠲᠥᠭᠦᠷᠢᠭ ᠤᠨ ᠬᠥᠷᠡᠩ ᠨᠡᠬᠦᠷᠡᠰᠥ ᠪᠤᠯᠤᠨ 1.28 ᠳ᠋ᠥᠡᠭᠰᠢᠭᠤᠷ ᠲᠥᠭᠦᠷᠢᠭ ᠤᠨ ᠴᠠᠶᠢᠷ ᠤᠨ ᠨᠠᠷᠢᠯᠢᠭ ᠬᠥᠲᠡᠷ ᠢ ᠭᠠᠲᠠᠭᠠᠲᠤ ᠠᠴᠠ ᠤᠷᠤᠭᠤᠯᠤᠭᠰᠠᠨ ᠪᠠᠶᠢᠨ᠎ᠠ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号
ᙀõ