ᠠᠪᠠᠭ᠎ᠠ ᠬᠤᠰᠢᠭᠤ ᠠᠳᠤᠭᠤᠨ ᠤ ᠠᠵᠤ ᠦᠢᠯᠡᠰ ᠢᠶᠠᠷ ᠮᠠᠯᠴᠢᠳ ᠤᠨ ᠴᠢᠨᠡᠭᠡᠯᠢᠭᠵᠢᠯ ᠢ ᠠᠬᠢᠭᠤᠯᠤᠨ᠎ᠠ
ᠨᠡᠶᠢᠲᠡᠯᠡᠭᠰᠡᠨ ᠴᠠᠭ᠄
2024/8/20
     ᠪᠡᠯᠭᠦᠳᠡᠢ ᠶᠢᠨ ᠮᠡᠳᠡᠭᠡ ᠠᠪᠠᠭ᠎ᠠ ᠬᠠᠷ᠎ᠠ ᠠᠳᠤᠭᠤ ᠪᠣᠯ ᠥᠪᠥᠷ ᠮᠣᠩᠭᠤᠯ ᠤᠨ ᠲᠠᠯ᠎ᠠ ᠨᠤᠲᠤᠭ ᠤᠨ ᠲᠥᠷᠪᠡᠨ ᠶᠡᠭᠡ ᠨᠡᠷᠡᠲᠥ ᠠᠳᠤᠭᠤᠨ ᠤ ᠨᠢᠭᠡ ᠪᠠᠶᠢᠵᠤ᠂ ᠰᠠᠯᠬᠢᠨ ᠮᠡᠲᠦ ᠲᠦᠷᠭᠡᠨ ᠭᠦᠶᠦᠳᠡᠯ ᠵᠢᠴᠢ ᠭᠠᠩᠭᠠᠩ ᠲᠥᠷᠬᠦ᠂ ᠲᠡᠰᠪᠦᠷᠢ ᠳᠠᠭᠠᠭᠠᠴᠠ ᠪᠠᠷ ᠢᠶᠠᠨ ᠠᠯᠳᠠᠷᠰᠢᠵᠠᠢ᠃ ᠣᠶᠢᠷ᠎ᠠ ᠶᠢᠨ ᠵᠢᠯ ᠠᠴᠠ ᠨᠠᠭᠠᠰᠢ᠂ ᠠᠪᠠᠭ᠎ᠠ ᠬᠤᠰᠢᠭᠤ ︽ ᠨᠠᠮ ᠤᠨ ᠵᠣᠬᠢᠶᠠᠨ ᠪᠠᠶᠢᠭᠤᠯᠤᠯᠲᠠ ᠪᠠᠷ ᠬᠥᠲᠥᠯᠥᠨ ᠵᠢᠯᠤᠭᠤᠳᠬᠤ + ᠮᠠᠯᠴᠢᠳ ᠤᠨ ᠬᠤᠷᠰᠢᠶᠠᠵᠢᠯ ᠢᠶᠠᠷ ᠭᠤᠣᠯᠯᠠᠬᠤ + ᠠᠵᠤ ᠠᠬᠤᠶᠢᠯᠠᠯ ᠬᠠᠮᠵᠢᠯᠴᠠᠬᠤ + ᠮᠠᠯᠴᠢᠳ ᠣᠷᠤᠯᠴᠠᠬᠤ︾ ᠬᠥᠭᠵᠢᠯᠲᠡ ᠶᠢᠨ ᠠᠷᠭ᠎ᠠ ᠬᠡᠯᠪᠡᠷᠢ ᠶᠢ ᠬᠡᠷᠡᠭᠯᠡᠨ ᠠᠵᠤ ᠦᠢᠯᠡᠰ ᠤᠨ ᠬᠡᠯᠬᠢᠶᠡᠰᠦ ᠪᠠᠷ ᠨᠢᠭᠲᠠ ᠵᠣᠯᠭᠠᠭᠤᠯᠬᠤ᠂ ᠰᠤᠳᠤᠯᠤᠨ ᠨᠡᠭᠡᠭᠡᠬᠦ ᠬᠡᠯᠬᠢᠶᠡᠰᠦ ᠪᠠᠷ ᠨᠠᠷᠢᠯᠢᠭ ᠣᠨᠣᠴᠢᠲᠠᠢ ᠱᠤᠭᠤᠬᠤ ᠪᠣᠯᠣᠨ ᠡᠵᠡᠩᠨᠡᠨ ᠪᠣᠷᠣᠯᠠᠭᠤᠯᠬᠤ ᠬᠡᠯᠬᠢᠶᠡᠰᠦ ᠪᠠᠷ ᠤᠷᠲᠤᠳᠬᠠᠬᠤ ᠪᠠᠷ ᠳᠠᠮᠵᠢᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ  ᠢ ᠮᠠᠯᠵᠢᠬᠤ ᠣᠷᠣᠨ ᠤ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠤᠯᠭᠠᠵᠥ ᠪᠠᠶᠢᠨ᠎ᠠ᠃ ᠠᠵᠤ ᠦᠢᠯᠡᠰ ᠤᠨ ᠬᠡᠯᠬᠢᠶᠡᠰᠦ ᠪᠠᠷ ᠵᠣᠯᠭᠠᠭᠤᠯᠬᠤ ᠲᠠᠯ᠎ᠠ ᠪᠠᠷ ᠨᠢᠮᠪᠠᠢ ᠵᠣᠬᠢᠶᠠᠨ ᠪᠠᠶᠢᠭᠤᠯᠤᠯᠲᠠ ᠬᠢᠵᠦ᠂ ᠬᠠᠷ᠎ᠠ ᠠᠳᠤᠭᠤᠨ ᠤ ᠠᠵᠤ ᠦᠢᠯᠡᠰ ᠤᠨ ᠬᠥᠳᠡᠯᠭᠡᠬᠦ ᠬᠦᠴᠦᠨ ᠢ ᠬᠥᠭᠵᠢᠭᠡᠵᠦ ᠪᠤᠢ᠃ ︽ᠪᠢ ᠪᠣᠯ ᠨᠢᠭᠡᠨ ᠨᠠᠮ ᠤᠨ ᠭᠡᠰᠢᠭᠦᠨ ᠪᠣᠯᠣᠨ᠎ᠠ᠃ ᠭᠠᠴᠠᠭᠠᠨ ᠤ ᠨᠠᠮ ᠤᠨ ᠡᠭᠦᠷ ᠤᠨ ᠱᠦᠵᠢ ᠠᠴᠠ ᠬᠠᠷ᠎ᠠ ᠠᠳᠤᠭᠤ ᠮᠠᠯᠵᠢᠵᠤ ᠪᠠᠶᠢᠭ᠎ᠠ ᠡᠷᠥᠭᠡ ᠶᠢ ᠳᠠᠭᠠᠭᠤᠯᠤᠨ ᠬᠠᠷ᠎ᠠ ᠠᠳᠤᠭᠤᠨ ᠤ ᠴᠡᠭᠡ ᠶᠢᠨ ᠬᠤᠷᠰᠢᠶᠠᠵᠢᠯ ᠪᠠᠶᠢᠭᠤᠯᠤᠨ ᠠᠵᠤ ᠠᠬᠤᠶᠢᠯᠠᠯ ᠳᠤ ᠰᠢᠯᠢᠳᠡᠭ ᠴᠡᠭᠡ ᠬᠠᠩᠭᠠᠬᠤ ᠶᠢᠨ ᠵᠡᠷᠭᠡᠪᠡᠷ ᠮᠠᠨᠤᠰ ᠢ ᠳᠠᠭᠠᠭᠤᠯᠤᠨ ᠴᠢᠨᠡᠭᠡᠯᠢᠭᠵᠢᠯ ᠤᠨ ᠵᠠᠮ ᠢᠶᠠᠷ ᠵᠠᠮᠨᠠᠯ᠎ᠠ︾ ᠭᠡᠵᠦ ᠬᠠᠷ᠎ᠠ ᠠᠳᠤᠭᠤ ᠮᠠᠯᠵᠢᠵᠤ ᠪᠠᠶᠢᠭ᠎ᠠ ᠲᠣᠮᠣ ᠡᠷᠥᠭᠡ ᠬᠥᠭᠵᠢᠯ ᠶᠠᠷᠢᠨ᠎ᠠ᠃ ᠣᠳᠣᠬᠠᠨ ᠲᠤᠰ ᠬᠤᠰᠢᠭᠤᠨ ᠳᠤ ᠨᠡᠶᠢᠲᠡ 857 ᠡᠷᠥᠭᠡ ᠬᠠᠷ᠎ᠠ ᠠᠳᠤᠭᠤ ᠮᠠᠯᠵᠢᠵᠤ᠂ ᠬᠠᠷ᠎ᠠ ᠠᠳᠤᠭᠤᠨ ᠤ ᠶᠡᠷᠦᠩᠬᠡᠢ ᠲᠤᠭ᠎ᠠ 8400 ᠬᠦᠷᠴᠦ᠂ 2023 ᠣᠨ ᠤ ᠬᠠᠷ᠎ᠠ ᠠᠳᠤᠭᠤᠨ ᠤ ᠠᠰᠢᠭ ᠤᠷᠤᠯᠭ᠎ᠠ 7375 ᠲᠦᠮᠡᠨ ᠲᠥᠭᠦᠷᠢᠭ ᠬᠥᠷᠪᠡ᠃ ᠲᠤᠰ ᠬᠤᠰᠢᠭᠤ ᠮᠠᠯᠵᠢᠬᠤ ᠡᠷᠥᠭᠡ᠂ ᠬᠤᠷᠰᠢᠶᠠᠵᠢᠯ᠂ ᠠᠵᠤ ᠠᠬᠤᠶᠢᠯᠠᠯ  ᠢ ᠲᠥᠪᠯᠡᠷᠡᠭᠦᠯᠦᠨ ᠬᠠᠷ᠎ᠠ ᠠᠳᠤᠭᠤᠨ ᠤ ᠠᠵᠤ ᠦᠢᠯᠡᠰ ᠤᠨ ᠡᠯ᠎ᠡ ᠭᠤᠭᠴᠤᠭ᠎ᠠ ᠳᠤ ᠪᠦᠷ ᠨᠠᠮ ᠤᠨ ᠵᠣᠬᠢᠶᠠᠨ ᠪᠠᠶᠢᠭᠤᠯᠤᠯᠲᠠ ᠪᠠᠶᠢᠭᠤᠯᠵᠤ᠂ ︽ᠨᠠᠮ ᠤᠨ ᠡᠭᠦᠷ + ᠬᠤᠷᠰᠢᠶᠠᠵᠢᠯ + ᠠᠵᠤ ᠠᠬᠤᠶᠢᠯᠠᠯ + ᠠᠳᠤᠭᠤ ᠮᠠᠯᠵᠢᠬᠤ ᠡᠷᠥᠭᠡ︾ ᠶᠢᠨ ᠵᠠᠭᠪᠤᠷ ᠢ ᠳᠡᠯᠭᠡᠷᠡᠭᠦᠯᠵᠦ᠂ ᠮᠠᠯᠵᠢᠬᠤ ᠡᠷᠥᠭᠡ ᠪᠣᠯᠣᠨ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠣᠭᠠᠲᠤ ᠲᠣᠭᠲᠠᠴᠠ ᠶᠢ ᠪᠠᠶᠢᠭᠤᠯᠵᠤ᠂ ᠮᠠᠯᠴᠢᠳ ᠤᠨ ᠤᠷᠤᠯᠭ᠎ᠠ ᠶᠢᠨ ᠨᠡᠮᠡᠭᠳᠡᠯ ᠢ ᠠᠬᠢᠭᠤᠯᠵᠤ ᠪᠤᠢ᠃ 2023 ᠣᠨ ᠳᠤ᠂ ᠪᠥᠬᠦ ᠬᠤᠰᠢᠭᠤ ᠪᠠᠷ ᠢᠶᠠᠨ 100 ᠲᠤᠨ ᠴᠡᠭᠡ ᠢᠰᠬᠡᠵᠦ᠂ ᠠᠳᠤᠭᠤ ᠮᠠᠯᠵᠢᠵᠤ ᠪᠠᠶᠢᠭ᠎ᠠ ᠡᠷᠥᠭᠡ ᠳᠤᠮᠳᠠᠴᠢ ᠪᠠᠷ ᠨᠢᠭᠡ ᠠᠳᠤᠭᠤᠨ ᠠᠴᠠ 7200 ᠲᠥᠭᠦᠷᠢᠭ ᠤᠨ ᠤᠷᠤᠯᠭ᠎ᠠ ᠶᠢᠨ ᠨᠡᠮᠡᠭᠳᠡᠯ ᠢ ᠪᠡᠶᠡᠯᠡᠭᠦᠯᠦᠭᠰᠡᠨ ᠪᠠᠶᠢᠨ᠎ᠠ᠃ ᠰᠤᠳᠤᠯᠤᠨ ᠨᠡᠭᠡᠭᠡᠬᠦ ᠬᠡᠯᠬᠢᠶᠡᠰᠦ ᠳᠡᠭᠡᠷ᠎ᠡ ᠴᠢᠳᠠᠪᠤᠷᠢᠲᠠᠨ ᠤ ᠬᠦᠴᠦᠨ ᠢ ᠲᠥᠪᠯᠡᠷᠡᠭᠦᠯᠵᠦ᠂ ᠬᠠᠷ᠎ᠠ ᠠᠳᠤᠭᠤᠨ ᠤ ᠠᠵᠤ ᠦᠢᠯᠡᠰ ᠲᠤ ᠪᠦᠲᠦᠭᠡᠯᠴᠢ ᠬᠦᠴᠦᠨ ᠢ ᠪᠠᠳᠠᠷᠠᠭᠤᠯᠵᠤ ᠪᠤᠢ᠃ ︽ᠮᠠᠨ ᠤ ᠠᠵᠤ ᠠᠬᠤᠶᠢᠯᠠᠯ ᠨᠢ ᠨᠠᠮ ᠤᠨ ᠪᠠᠶᠢᠭᠤᠯᠤᠯᠲᠠ ᠶᠢᠨ ᠵᠢᠯᠣᠭᠤᠳᠤᠯᠭ᠎ᠠ ᠳᠣᠣᠷ᠎ᠠ ᠮᠡᠷᠭᠡᠵᠢᠯ ᠤᠨ ᠴᠢᠳᠠᠪᠤᠷᠢᠲᠠᠨ ᠢ ᠤᠷᠢᠨ ᠡᠯ᠎ᠡ ᠲᠥᠷᠥᠯ ᠤᠨ ᠴᠡᠭᠡᠨ ᠤ ᠪᠦᠲᠦᠭᠡᠭᠳᠡᠬᠦᠨ ᠰᠤᠳᠤᠯᠤᠨ ᠨᠡᠭᠡᠭᠡᠵᠦ᠂ ᠤᠯᠤᠰ ᠤᠨ ᠳᠣᠲᠣᠭᠠᠳᠤ ᠶᠢᠨ ᠡᠯ᠎ᠡ ᠲᠣᠮᠣ ᠳᠤᠮᠳᠠ ᠬᠤᠲᠠ ᠪᠠᠷ ᠪᠣᠷᠣᠯᠠᠭᠤᠯᠵᠤ᠂ ᠬᠡᠷᠡᠭᠯᠡᠭᠴᠢᠳ ᠤᠨ ᠥᠷᠭᠡᠨ ᠶᠡᠭᠡ ᠦᠨᠡᠯᠡᠯᠲᠡ ᠶᠢ ᠬᠦᠷᠲᠡᠵᠦ᠂ ᠬᠥᠳᠡᠭᠡ ᠲᠤᠰᠬᠤᠨ ᠤ ᠬᠥᠭᠵᠢᠯᠲᠡ ᠪᠣᠯᠣᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ ᠦᠵᠡᠭᠦᠯᠵᠦ ᠪᠠᠶᠢᠨ᠎ᠠ︾ ᠭᠡᠵᠦ ᠲᠤᠰ ᠬᠤᠰᠢᠭᠤᠨ ᠤ ᠵᠤᠤ ᠹᠦ ᠠᠵᠤ ᠠᠬᠤᠢ ᠠᠷᠠᠯᠵᠢᠶᠠᠨ ᠤ ᠬᠢᠵᠠᠭᠠᠷᠲᠤ ᠺᠤᠮᠫᠠᠨᠢ ᠶᠢᠨ ᠨᠠᠮ ᠤᠨ ᠡᠭᠦᠷ ᠤᠨ ᠱᠦᠵᠢ ᠵᠤᠤ ᠵᠢᠶᠠᠨ ᠵᠢᠶᠦ᠋ᠨ ᠶᠠᠷᠢᠨ᠎ᠠ᠃ ᠲᠤᠰ ᠺᠤᠮᠫᠠᠨᠢ ᠶᠢᠨ ᠨᠠᠮ ᠤᠨ ᠡᠭᠦᠷ ᠨᠢ ᠮᠡᠷᠭᠡᠵᠢᠯ ᠤᠨ ᠰᠤᠳᠤᠯᠤᠨ ᠨᠡᠭᠡᠭᠡᠯᠲᠡ ᠳᠡᠭᠡᠷ᠎ᠡ ᠬᠦᠴᠦ ᠲᠠᠯᠪᠢᠨ᠂ ᠨᠠᠮ ᠤᠨ ᠭᠡᠰᠢᠭᠦᠳ ᠵᠢᠱᠢᠶᠡᠴᠢ ᠳᠠᠭᠤᠷᠢᠶᠠᠯ ᠦᠢᠯᠡᠳᠦᠯ ᠢᠶᠠᠨ ᠪᠠᠳᠠᠷᠠᠭᠤᠯᠵᠤ᠂ ᠲᠤᠮᠲᠠᠲᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠮᠢᠺᠷᠣᠪ ᠰᠤᠳᠤᠯᠬᠤ ᠭᠠᠵᠠᠷ ᠲᠠᠢ ᠬᠠᠮᠵᠢᠯᠴᠠᠵᠤ᠂ 8 ᠵᠦᠢᠯ ᠤᠨ ᠬᠡᠷᠡᠭᠯᠡᠭᠡᠨ ᠤ ᠰᠢᠨ᠎ᠡ ᠬᠡᠯᠪᠡᠷᠢ ᠶᠢᠨ ᠲᠤᠰᠬᠠᠢ ᠠᠰᠢᠭ᠂ 2 ᠵᠦᠢᠯ ᠤᠨ ᠡᠭᠦᠳᠦᠯᠲᠡ ᠶᠢᠨ ᠲᠤᠰᠬᠠᠢ ᠠᠰᠢᠭ ᠢ ᠠᠮᠵᠢᠯᠲᠠᠲᠠᠢ ᠡᠷᠡᠮᠡᠯᠵᠡᠵᠦ᠂ 5 ᠵᠦᠢᠯ ᠤᠨ ᠬᠠᠷ᠎ᠠ ᠠᠳᠤᠭᠤᠨ ᠤ ᠠᠵᠤ ᠦᠢᠯᠡᠰ ᠤᠨ ᠪᠠᠷᠢᠮᠵᠢᠶ᠎ᠠ ᠶᠢ ᠲᠣᠭᠲᠠᠭᠠᠪᠠ᠃ ᠡᠭᠦᠨ ᠤ ᠬᠠᠮᠲᠤ ᠵᠠᠬ᠎ᠠ ᠳᠡᠯᠭᠡᠭᠦᠷ ᠤᠨ ᠱᠠᠭᠠᠷᠳᠠᠯᠭ᠎ᠠ ᠳᠤ ᠵᠣᠬᠢᠴᠠᠭᠤᠯᠤᠨ ᠴᠡᠭᠡᠨ ᠤ ᠵᠠᠶᠢᠷᠮᠠᠭ᠂ ᠴᠡᠭᠡᠨ ᠤ ᠲᠠᠯᠬ᠎ᠠ᠂ ᠴᠡᠭᠡᠨ ᠤ ᠬᠥᠯᠲᠡᠭᠡᠮᠡᠯ ᠨᠤᠨᠳᠠᠭ ᠵᠡᠷᠭᠡ 7 ᠶᠡᠭᠡ ᠲᠥᠷᠥᠯ ᠤᠨ 23 ᠵᠦᠢᠯ ᠤᠨ ᠪᠦᠲᠦᠭᠡᠭᠳᠡᠬᠦᠨ ᠰᠤᠳᠤᠯᠤᠨ ᠨᠡᠭᠡᠭᠡᠵᠦ᠂ ᠪᠦᠲᠦᠭᠡᠭᠳᠡᠬᠦᠨ ᠤ ᠳᠠᠭᠠᠯᠲᠠ ᠥᠷᠲᠡᠭ ᠢ ᠪᠥᠲᠥᠮᠵᠢᠲᠡᠢ ᠳᠡᠭᠡᠭᠰᠢᠯᠡᠭᠦᠯᠦᠭᠰᠡᠨ ᠪᠠᠶᠢᠨ᠎ᠠ᠃ ᠡᠵᠡᠩᠨᠡᠨ ᠪᠣᠷᠣᠯᠠᠭᠤᠯᠬᠤ ᠬᠡᠯᠬᠢᠶᠡᠰᠦ ᠳᠡᠭᠡᠷ᠎ᠡ ᠪᠦᠲᠦᠭᠡᠯᠴᠢ ᠠᠷᠭ᠎ᠠ ᠬᠡᠮᠵᠢᠶ᠎ᠡ ᠠᠪᠴᠤ᠂ ᠠᠮᠢᠵᠢᠷᠠᠯ ᠤᠨ ᠬᠦᠴᠦᠨ ᠨᠡᠮᠡᠷᠢᠯᠡᠵᠦ᠂ ᠬᠠᠷ᠎ᠠ ᠠᠳᠤᠭᠤᠨ ᠤ ᠠᠵᠤ ᠦᠢᠯᠡᠰ ᠢᠶᠠᠷ ᠮᠠᠯᠴᠢᠳ ᠤᠨ ᠤᠷᠤᠯᠭ᠎ᠠ ᠶᠢᠨ ᠨᠡᠮᠡᠭᠳᠡᠯ  ᠢ ᠲᠠᠶᠢᠴᠢᠯᠠᠵᠥ ᠪᠤᠢ᠃ ᠲᠤᠰ ᠬᠤᠰᠢᠭᠤ ᠨᠢ ︽ᠰᠦᠯᠵᠢᠶᠡᠨ ᠳᠡᠭᠡᠷ᠎ᠡ ᠳᠡᠯᠭᠡᠨ ᠥᠵᠡᠬᠦᠯᠬᠦ + ᠪᠣᠳᠠᠲᠤ ᠲᠠᠯᠠᠪᠤᠷ ᠲᠤ ᠪᠡᠶᠡᠴᠢᠯᠡᠨ ᠣᠶᠢᠯᠠᠭᠠᠬᠤ︾ ᠪᠣᠷᠤᠯᠠᠭᠤᠯᠭ᠎ᠠ ᠶᠢᠨ ᠵᠠᠭᠪᠤᠷ ᠢ ᠢᠳᠡᠪᠬᠢᠲᠡᠢ ᠬᠠᠶᠢᠨ ᠰᠦᠪᠡᠭᠴᠢᠯᠡᠵᠦ᠂ ᠠᠪᠠᠭ᠎ᠠ ᠬᠠᠷ᠎ᠠ ᠠᠳᠤᠭᠤᠨ ᠤ ᠰᠣᠶᠣᠯ ᠤᠨ ᠨᠠᠶᠢᠷ᠂ ᠲᠣᠮᠣ ᠬᠡᠯᠪᠡᠷᠢ ᠶᠢᠨ ᠠᠳᠤᠭᠤᠨ ᠤ ᠠᠵᠤ ᠦᠢᠯᠡᠰ ᠠᠳᠤᠭᠤᠨ ᠤ ᠠᠰᠢᠭ ᠰᠢᠮ᠎ᠡ ᠶᠢ ᠵᠤᠯᠭᠠᠯᠴᠠᠭᠤᠯᠬᠤ ᠬᠤᠷᠠᠯ᠂ ᠠᠪᠠᠭ᠎ᠠ ᠬᠠᠷ᠎ᠠ ᠠᠳᠤᠭᠤᠨ ᠤ ᠬᠥᠭᠵᠢᠯᠲᠡ ᠶᠢᠨ ᠶᠠᠷᠢᠯᠴᠠᠭᠠᠨ ᠤ ᠲᠠᠪᠴᠠᠩ ᠵᠡᠷᠭᠡ ᠠᠵᠢᠯᠯᠠᠭ᠎ᠠ ᠡᠷᠬᠢᠯᠡᠬᠦ ᠪᠠᠷ ᠲᠠᠮᠵᠢᠨ ᠬᠠᠷ᠎ᠠ ᠠᠳᠤᠭᠤ ᠶᠢ ᠠᠷᠠᠴᠢᠯᠠᠨ ᠮᠠᠯᠵᠢᠬᠤ᠂ ᠴᠡᠭᠡ ᠢᠰᠬᠡᠬᠦ ᠵᠡᠷᠭᠡ ᠠᠳᠤᠭᠤᠨ ᠰᠣᠶᠣᠯ ᠵᠢᠭᠤᠯᠴᠢᠯᠠᠯ ᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠠᠬᠢᠭᠤᠯᠵᠤ᠂ ᠠᠪᠠᠭ᠎ᠠ ᠬᠠᠷ᠎ᠠ ᠠᠳᠤᠭᠤᠨ ᠤ ᠨᠡᠷ᠎ᠡ ᠠᠯᠳᠠᠷᠰᠢᠯ ᠪᠣᠯᠣᠨ ᠨᠥᠯᠥᠭᠡᠯᠡᠬᠦ ᠬᠦᠴᠦᠨ ᠢ ᠶᠡᠬᠡᠪᠡᠷ ᠳᠡᠭᠡᠭᠰᠢᠯᠡᠭᠦᠯᠵᠡᠢ᠃ ᠣᠶᠢᠷ᠎ᠠ ᠶᠢᠨ ᠬᠡᠳᠦᠨ ᠵᠢᠯ᠂ ᠲᠤᠰ ᠬᠤᠰᠢᠭᠤ ᠠᠳᠤᠭᠤᠨ ᠰᠣᠶᠣᠯ ᠢ ᠰᠣᠨᠢᠷᠬᠠᠵᠤ ᠣᠶᠢᠯᠠᠭᠠᠬᠤ ᠵᠢᠭᠤᠯᠴᠢᠯᠠᠭᠰᠠᠳ ᠢ ᠨᠡᠶᠢᠲᠡ 20 ᠲᠦᠮᠡᠨ ᠬᠥᠮᠥᠨ ᠤᠳᠠᠭ᠎ᠠ ᠭᠥᠯᠢᠶᠡᠨ ᠵᠣᠴᠢᠯᠠᠵᠤ᠂ 1000 ᠭᠠᠷᠤᠢ ᠲᠦᠮᠡᠨ ᠲᠥᠭᠦᠷᠢᠭ ᠤᠨ ᠵᠢᠭᠤᠯᠴᠢᠯᠠᠯ ᠤᠨ ᠤᠷᠤᠯᠭ᠎ᠠ ᠶᠢ ᠲᠠᠶᠢᠴᠢᠯᠠᠪᠠ᠃ ᠡᠭᠦᠨ ᠤ ᠬᠠᠮᠲᠤ ᠤᠷᠢᠳ ᠬᠤᠵᠢᠳ ︽ᠬᠠᠷ᠎ᠠ ᠠᠳᠤᠭᠤᠨ ᠰᠣᠶᠣᠯ ᠤᠨ ᠨᠤᠲᠤᠭ︾ ︽ᠴᠡᠭᠡ ᠰᠣᠶᠣᠯ ᠤᠨ ᠨᠤᠲᠤᠭ︾ ︽ᠲᠤᠮᠲᠠᠲᠤ ᠤᠯᠤᠰ ᠤᠨ ᠴᠡᠭᠡ ᠶᠢᠨ ᠥᠯᠥᠭᠡᠢ︾ ᠵᠡᠷᠭᠡ ᠢᠷᠠᠭᠤ ᠠᠯᠳᠠᠷ  ᠢ ᠬᠦᠷᠲᠡᠵᠦ᠂ ᠣᠷᠣᠨ ᠨᠤᠲᠤᠭ ᠤᠨ ᠳᠠᠪᠠᠭᠤᠯᠢᠭ ᠢᠶᠠᠨ ᠭᠠᠳᠠᠭᠰᠢ ᠤᠬᠠᠭᠤᠯᠬᠤ ᠳᠤ ᠬᠥᠳᠡᠯᠭᠡᠬᠦ ᠬᠦᠴᠦᠨ ᠣᠯᠭᠤᠭᠰᠠᠨ ᠢᠶᠠᠷ ᠪᠠᠷᠠᠬᠤ ᠦᠭᠡᠢ ᠮᠠᠯᠴᠢᠳ ᠤᠨ ᠤᠷᠤᠯᠭ᠎ᠠ ᠪᠠᠨ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠭᠰᠡᠨ ᠪᠠᠶᠢᠨ᠎ᠠ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号