ᠰᠥᠨᠢᠳ ᠵᠡᠭᠦᠨ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠰᠠᠭᠤᠷᠢᠨ ᠤ ᠦᠵᠡᠰᠬᠦᠯᠡᠩ ᠤᠨ ᠣᠷᠳᠣᠨ ᠳᠤ ︽ᠤᠯᠤᠰ ᠤᠨ ᠬᠡᠦᠬᠡᠳ︾ ᠤᠨ ᠭᠤᠣᠯ ᠰᠡᠳᠦᠪᠲᠦ ᠦᠵᠡᠭᠦᠯᠭᠡ ᠶᠠᠪᠤᠭᠳᠠᠪᠠ
ᠨᠡᠶᠢᠲᠡᠯᠡᠭᠰᠡᠨ ᠴᠠᠭ᠄
2024/8/20
     ᠲᠤᠰ ᠰᠣᠨᠢᠨ ᠤ ᠮᠡᠳᠡᠭᠡ ︵ᠰᠤᠷᠪᠤᠯᠵᠢᠯᠠᠭᠴᠢ ᠸᠧᠢ ᠽᠢ ᠸᠧᠢ︶ 8 ᠰᠠᠷ᠎ᠠ ᠶᠢᠨ 13 ᠤ ᠡᠳᠦᠷ᠂ ᠰᠥᠨᠢᠳ ᠵᠡᠭᠦᠨ ᠬᠤᠰᠢᠭᠤᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠤᠨ ᠰᠠᠭᠤᠷᠢᠨ ᠵᠢᠩᠬᠢᠨᠢ ᠪᠠᠷ ᠠᠰᠢᠭᠯᠠᠯᠳᠠ ᠳᠤ ᠤᠷᠤᠬᠰᠠᠨ ᠪᠦᠬᠡᠳ ︽ᠪᠦᠬᠦ ᠠᠶᠢᠮᠠᠭ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠤᠨ ᠰᠠᠭᠤᠷᠢᠨ︾  ᠤ ᠴᠣᠯᠠ ᠬᠦᠷᠲᠡᠵᠦ᠂ ︽ᠤᠯᠤᠰ ᠤᠨ ᠬᠡᠦᠬᠡᠳ︾ ᠤᠨ ᠭᠤᠣᠯ ᠰᠡᠳᠦᠪᠲᠦ ᠦᠵᠡᠭᠦᠯᠭᠡ ᠶᠢ ᠶᠠᠪᠤᠭᠳᠠᠭᠤᠯᠪᠠ᠃      ︽ᠤᠯᠤᠰ ᠤᠨ ᠬᠡᠦᠬᠡᠳ︾  ᠢ ᠬᠠᠮᠤᠭ ᠡᠷᠲᠡ ᠬᠦᠯᠢᠶᠡᠨ ᠠᠪᠤᠭᠰᠠᠨ ᠭᠠᠵᠠᠷ ᠣᠷᠣᠨ ᠤ ᠨᠢᠭᠡ ᠪᠣᠯᠤᠭᠰᠠᠨ ᠤ ᠬᠤᠪᠢ ᠳᠤ᠂ ᠰᠥᠨᠢᠳ ᠵᠡᠭᠦᠨ ᠬᠤᠰᠢᠭᠤ ︽ᠤᠯᠤᠰ ᠤᠨ ᠬᠡᠦᠬᠡᠳ︾ ᠢᠶᠠᠷ ᠭᠤᠣᠯ ᠰᠡᠳᠦᠪ ᠪᠣᠯᠭᠠᠨ᠂ ᠥᠪᠡᠷᠲᠡᠭᠡᠨ ᠪᠡᠯᠡ ᠮᠥᠩᠭᠦ ᠴᠤᠭᠯᠠᠭᠤᠯᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠰᠠᠭᠤᠷᠢᠨ ᠭᠠᠵᠠᠷ ᠢ ᠪᠠᠶᠢᠭᠤᠯᠵᠤ᠂ ᠲᠡᠷᠡ ᠨᠢ 1.48 ᠲᠦᠮᠡᠨ ᠬᠠᠪᠳᠠᠭᠠᠢ ᠳᠥᠷᠪᠡᠯᠵᠢᠨ ᠮ᠊ ᠮᠧᠲᠷ ᠲᠠᠯᠠᠪᠠᠶ ᠲᠠᠢ᠂ ᠭᠤᠣᠯ ᠰᠡᠳᠦᠪᠲᠦ ᠦᠵᠡᠭᠦᠯᠭᠡ ᠶᠢᠨ ᠭᠠᠵᠠᠷ ᠤᠨ ᠲᠠᠯᠠᠪᠠᠶ ᠨᠢ 880 ᠬᠠᠪᠳᠠᠭᠠᠢ ᠳᠥᠷᠪᠡᠯᠵᠢᠨ ᠮᠧᠲᠷ ᠪᠠᠶᠢᠵᠦ᠂ ︽ᠤᠯᠤᠰ ᠤᠨ ᠬᠡᠦᠬᠡᠳ︾  ᠤᠨ ᠰᠡᠳᠦᠪ ᠪᠦᠬᠦᠢ ᠭᠡᠷᠡᠯ ᠵᠢᠷᠤᠭ ᠵᠢᠴᠢ ᠬᠠᠮᠢᠶ᠎ᠠ ᠪᠦᠬᠦᠢ ᠮᠠᠲ᠋ᠧᠷᠢᠶᠠᠯ ᠢ 1000 ᠭᠠᠷᠤᠢ ᠬᠤᠪᠢ ᠳᠡᠯᠭᠡᠨ ᠦᠵᠡᠭᠦᠯᠵᠦ᠂ ᠲᠡᠦᠬᠡ ᠶᠢᠨ ᠳᠤᠷᠠᠰᠬᠠᠯᠲᠤ ᠵᠦᠢᠯᠡᠰ ᠢ 234 ᠬᠤᠪᠢ ᠳᠡᠯᠭᠡᠨ ᠦᠵᠡᠭᠦᠯᠵᠦ᠂ ᠤᠬᠠᠭᠤᠯᠭ᠎ᠠ ᠬᠥᠮᠦᠵᠢᠯ᠂ ᠳᠡᠯᠭᠡᠨ ᠦᠵᠡᠭᠦᠯᠭᠡ᠂ ᠦᠢᠯᠡᠳᠦᠯᠴᠡᠨ ᠣᠶᠢᠯᠠᠭᠠᠬᠤ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠢ ᠣᠷᠳᠣᠨ ᠪᠣᠯᠣᠨ᠎ᠠ᠃      ᠣᠶᠢᠷ᠎ᠠ ᠶᠢᠨ ᠵᠢᠯ ᠳᠤ᠂ ᠮᠠᠨ ᠤ ᠠᠶᠢᠮᠠᠭ ︽ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠬᠠᠮᠲᠤᠪᠠᠷ ᠡᠷᠡᠯᠬᠡᠭᠯᠡᠨ ᠤᠷᠤᠭᠰᠢᠯᠠᠵᠤ᠂ ᠪᠠᠳᠠᠷᠠᠨ ᠲᠡᠯᠭᠡᠷᠡᠬᠦ ᠠᠨᠠᠷ ᠤᠨ ᠴᠡᠴᠡᠭ ᠰᠢᠯᠢ ᠶᠢᠨ ᠭᠤᠣᠯ ᠢ ᠭᠡᠶᠢᠬᠦᠯᠦᠨ᠎ᠠ︾ ᠪᠠᠷ ᠡᠭᠦᠳᠦᠨ ᠪᠠᠶᠢᠭᠤᠯᠬᠤ ᠭᠤᠣᠯ ᠰᠡᠳᠦᠪ ᠪᠣᠯᠭᠠᠵᠤ᠂ ︽ᠨᠢᠭᠡ ᠬᠤᠩᠭᠢᠯ ᠨᠢᠭᠡ ᠪᠦᠰᠡ ᠳᠥᠷᠪᠡᠨ ᠰᠠᠭᠤᠷᠢᠨ︾ ᠢ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠪᠠᠶᠢᠷᠢᠰᠢᠯ ᠢ ᠪᠠᠶᠢᠭᠤᠯᠤᠨ᠂ ᠮᠠᠨ ᠤ ᠠᠶᠢᠮᠠᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ︽ᠨᠡᠷᠡᠲᠤ ᠳᠡᠮᠳᠡᠭ︾ ᠢ ᠡᠬᠦᠳᠴᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠵᠦ ᠪᠠᠶᠢᠨ᠎ᠠ᠃ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ︾᠂ ︽ᠲᠠᠯ᠎ᠠ ᠨᠤᠲᠤᠭ ᠤᠨ ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾᠂ ︽ᠲᠢᠩ · ᠪᠠᠭᠠᠲᠤᠷ ᠤᠨ ᠲᠡᠷᠢᠭᠦᠨ ᠤ ᠦᠢᠯᠡ ᠠᠵᠢᠯᠯᠠᠭ᠎ᠠ︾᠂ ︽ᠤᠯᠤᠰ ᠤᠨ ᠬᠡᠥᠬᠡᠳ︾ ᠵᠡᠷᠭᠡ ᠪᠠᠷ ᠭᠤᠣᠯ ᠰᠡᠳᠦᠪ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ 4 ᠶᠢ ᠪᠠᠶᠢᠭᠤᠯᠵᠤ᠂ ᠪᠦᠬᠦ ᠤᠯᠤᠰ ᠤᠨ ᠡᠯ᠎ᠡ ᠭᠠᠵᠠᠷ ᠤᠨ ᠰᠤᠷᠤᠯᠴᠠᠬᠤ ᠪᠦᠯᠬᠦᠮ᠂ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠨᠡᠶᠢᠲᠡ 11 ᠲᠦᠮᠡ ᠭᠠᠷᠤᠢ ᠬᠥᠮᠥᠨ ᠤᠳᠠᠭ᠎ᠠ ᠬᠦᠯᠢᠶᠡᠨ ᠠᠪᠴᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠢ ᠬᠥᠮᠥᠵᠢᠭᠦᠯᠦᠨ ᠵᠢᠯᠤᠭᠤᠳᠴᠤ ᠪᠠᠶᠢᠭᠠᠳ ᠦᠨᠳᠦᠰᠦᠲᠡᠨ ᠤ ᠪᠦᠯᠬᠦᠮᠳᠡᠯ ᠤᠨ ᠭᠧᠨ ᠢ ᠤᠯᠠᠮᠵᠢᠯᠠᠨ ᠵᠠᠯᠭᠠᠮᠵᠢᠯᠠᠵᠤ ᠂ ᠦᠨᠳᠦᠰᠦᠲᠡᠨ ᠤ ᠪᠦᠯᠬᠦᠮᠳᠡᠯ ᠪᠠ ᠬᠢᠯᠢ ᠬᠢᠵᠠᠭᠠᠷ ᠤᠨ ᠲᠣᠭᠲᠠᠭᠤᠨ ᠪᠠᠶᠢᠳᠠᠯ ᠢ ᠤᠬᠠᠮᠰᠠᠷ ᠠᠴᠠ ᠪᠠᠨ ᠬᠠᠮᠠᠭᠠᠯᠠᠪᠠ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号