ᠰᠢᠯᠤᠭᠤᠨ ᠬᠥᠪᠡᠭᠡᠲᠦ ᠴᠠᠭᠠᠨ ᠬᠤᠰᠢᠭᠤ ᠰᠤᠷᠤᠯᠭ᠎ᠠ ᠳᠡᠳᠬᠦᠬᠦ ᠠᠵᠢᠯ ᠢ ᠰᠠᠶᠢᠲᠤᠷ ᠬᠢᠵᠦ ᠦᠢ ᠤᠯᠠᠨ ᠰᠤᠷᠤᠭᠴᠢᠳ ᠤᠨ ᠤᠶᠤᠳᠠᠨ ᠪᠤᠯᠬᠤ ᠬᠦᠰᠡᠯ ᠢ ᠲᠡᠷᠭᠡᠯᠰᠢᠭᠦᠯᠤᠨ᠎ᠠ
ᠨᠡᠶᠢᠲᠡᠯᠡᠭᠰᠡᠨ ᠴᠠᠭ᠄
2024/8/22
     ᠮᠢᠩᠭᠠᠲᠤ ᠶᠢᠨ ᠮᠡᠳᠡᠭᠡ ︽ᠨᠢᠭᠡ ᠰᠣᠷᠣᠭᠴᠢ ᠶᠢ ᠴᠤ ᠠᠮᠢᠳᠤᠷᠠᠯ ᠬᠦᠴᠢᠷᠳᠡᠯᠲᠡᠢ ᠠᠴᠠ ᠪᠣᠯᠵᠤ ᠰᠤᠷᠤᠯᠭ᠎ᠠ ᠠᠯᠳᠠᠭᠤᠯᠬᠤ ᠦᠭᠡᠢ︾ ᠪᠠᠶᠢᠬᠤ ᠶᠢ ᠪᠠᠲᠤᠯᠠᠬᠤ ᠪᠣᠯ ᠨᠠᠮ ᠪᠠ ᠵᠠᠰᠠᠭ ᠤᠨ ᠣᠷᠳᠣᠨ ᠤ ᠲᠥᠪ ᠴᠢᠩᠭ᠎ᠠ ᠠᠮᠠᠯᠠᠯᠲᠠ ᠪᠤᠯᠤᠨ᠎ᠠ ᠃ ᠣᠶᠢᠷ᠎ᠠ ᠶᠢᠨ ᠵᠢᠯ ᠳᠤ᠂ ᠰᠢᠯᠤᠭᠤᠨ ᠬᠦᠪᠡᠭᠡᠲᠤ ᠴᠠᠭᠠᠨ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠡᠩ ᠤᠨ ᠳᠡᠭᠡᠳᠦ ᠰᠤᠷᠭᠠᠭᠤᠯᠢ ᠶᠢᠨ ᠭᠡᠷ ᠪᠦᠯᠢ ᠶᠢᠨ ᠠᠮᠢᠳᠤᠷᠠᠯ ᠬᠦᠴᠢᠷᠳᠡᠯᠲᠠᠢ ᠰᠣᠷᠣᠭᠴᠢ ᠶᠢ ᠪᠡᠯᠡ ᠮᠦᠩᠬᠦ ᠪᠠᠷ ᠳᠡᠳᠬᠦᠬᠦ ᠪᠠ ᠰᠤᠷᠤᠯᠭ᠎ᠠ ᠶᠢ ᠳᠡᠳᠬᠦᠬᠦ ᠢᠳᠡᠭᠡᠮᠵᠢᠲᠤ ᠵᠢᠭᠡᠯᠡᠯᠭᠡ ᠤᠯᠭᠤᠬᠤ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠵᠢᠯ ᠢ ᠪᠥᠬᠦ ᠬᠦᠴᠦᠨ ᠢᠶᠠᠷ ᠰᠠᠶᠢᠲᠤᠷ ᠬᠢᠵᠦ᠂ ᠦᠢ ᠤᠯᠠᠨ ᠰᠤᠷᠤᠭᠴᠢᠳ ᠤᠨ ᠤᠶᠤᠳᠠᠨ ᠪᠤᠯᠬᠤ ᠬᠦᠰᠡᠯ ᠵᠡᠭᠦᠳᠦ ᠶᠢ ᠲᠡᠷᠭᠡᠯᠰᠢᠭᠦᠯᠬᠦ ᠳᠤ ᠬᠦᠴᠦᠨ ᠨᠡᠮᠡᠷᠢᠯᠡᠪᠡ᠃      ᠰᠢᠯᠤᠭᠤᠨ ᠬᠦᠬᠡᠪᠡᠲᠤ ᠴᠠᠭᠠᠨ ᠬᠤᠰᠢᠭᠤᠨ ᠤ ᠰᠤᠷᠤᠯᠭ᠎ᠠ ᠶᠢ ᠳᠡᠳᠬᠦᠬᠦ ᠢᠲᠡᠭᠡᠮᠵᠢᠲᠦ ᠵᠢᠭᠡᠯᠡᠯᠭᠡ ᠬᠦᠴᠡᠳᠭᠡᠬᠦ ᠭᠠᠵᠠᠷ ᠲᠤ᠂ ᠴᠥᠭᠡᠨ ᠪᠤᠰᠤ ᠰᠤᠷᠤᠭᠴᠢᠳ ᠭᠡᠷ ᠤᠨ ᠠᠬᠠᠮᠠᠳ ᠲᠠᠢ ᠪᠠᠨ ᠬᠠᠮᠲᠤ ᠰᠤᠷᠤᠯᠭ᠎ᠠ ᠶᠢ ᠳᠡᠳᠬᠦᠬᠦ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠢ ᠭᠦᠢᠴᠡᠳᠬᠡᠬᠦ ᠪᠠᠷ ᠢᠷᠡᠭᠰᠡᠨ ᠪᠠᠶᠢᠪᠠ᠃ ︽ᠪᠢ ᠪᠣᠯ ᠡᠩ ᠤᠨ ᠨᠢᠬᠡᠨ ᠮᠠᠯᠴᠢᠨ ᠬᠦᠮᠦᠨ᠃ ᠡᠨᠡ ᠵᠢᠯ ᠮᠢᠨᠤ ᠥᠬᠢᠨ ᠠᠮᠵᠢᠯᠲᠠᠲᠠᠢ ᠪᠠᠷ ᠶᠡᠭᠡ ᠰᠤᠷᠭᠠᠭᠤᠯᠢ ᠳᠤ ᠰᠢᠯᠭᠠᠨ ᠤᠷᠤᠵᠠᠢ᠃ ᠤᠯᠤᠰ ᠠᠴᠠ ᠬᠠᠩᠭᠠᠭᠰᠠᠨ ᠰᠤᠷᠤᠯᠭ᠎ᠠ  ᠶᠢ ᠳᠡᠳᠬᠦᠬᠦ ᠵᠢᠭᠡᠯᠡᠯᠭᠡ  ᠶᠢᠨ ᠮᠦᠩᠬᠦ ᠶᠢᠨ ᠲᠥᠷᠥ ᠶᠢᠨ ᠪᠣᠳᠣᠯᠭ᠎ᠠ ᠨᠢ ᠪᠢᠳᠡᠨ ᠳᠤ ᠲᠦᠢᠯ ᠤᠨ ᠶᠡᠭᠡ ᠬᠠᠪᠰᠤᠷᠤᠯᠭ᠎ᠠ ᠦᠵᠡᠭᠦᠯᠵᠡᠢ᠂ ᠦᠨᠡᠬᠡᠷ ᠰᠠᠶᠢᠨ ᠲᠥᠷᠥ ᠶᠢᠨ ᠪᠣᠳᠣᠯᠭ᠎ᠠ ᠪᠠᠶᠢᠨ᠎ᠠ᠃ ᠤᠳᠤ ᠮᠢᠨᠤ ᠥᠬᠢᠨ ᠴᠤ ᠬᠢᠴᠢᠶᠡᠯ ᠰᠤᠷᠤᠯᠭ᠎ᠠ ᠳᠠᠭᠠᠨ ᠰᠡᠳᠬᠢᠯ ᠠᠯᠭᠠᠰᠠᠬᠤ ᠶᠠᠪᠤᠳᠠᠯ ᠦᠬᠡᠢ ᠪᠤᠯᠤᠭᠰᠠᠨ︾ ᠬᠡᠵᠦ ᠵᠢᠭᠡᠯᠡᠯᠭᠡ ᠠᠪᠬᠤ ᠪᠠᠷ ᠢᠷᠡᠭᠰᠡᠨ ᠮᠠᠯᠴᠢᠨ ᠡᠩᠭᠡᠪᠡᠲᠤ ᠶᠠᠷᠢᠯ᠎ᠠ᠃      ᠠᠮᠢᠳᠤᠷᠠᠯ ᠬᠦᠴᠢᠷᠳᠡᠯᠲᠡᠢ ᠰᠤᠷᠤᠭᠴᠢᠳ ᠤᠨ ᠰᠤᠷᠭᠠᠭᠤᠯᠢ ᠳᠤ ᠣᠷᠣᠬᠤ ᠶᠢ ᠪᠡᠯᠡ ᠮᠦᠩᠬᠦ ᠪᠠᠷ ᠳᠡᠳᠬᠦᠬᠦ ᠪᠠ ᠰᠣᠷᠣᠭᠴᠢ ᠶᠢᠨ ᠢᠷᠡᠯᠲᠡ ᠶᠢᠨ ᠭᠠᠵᠠᠷ ᠤᠨ ᠰᠤᠷᠤᠯᠭ᠎ᠠ ᠶᠢ ᠳᠡᠳᠬᠦᠬᠦ ᠢᠲᠡᠭᠡᠮᠵᠢᠳᠦ ᠵᠢᠭᠡᠯᠡᠯᠭᠡ ᠲᠠᠷᠬᠠᠭᠠᠬᠤ ᠪᠣᠯ ᠭᠡᠷ ᠪᠦᠯᠢ ᠶᠢᠨ ᠠᠮᠢᠳᠤᠷᠠᠯ ᠨᠢ ᠬᠦᠴᠢᠷᠳᠡᠯᠲᠡᠢ ᠰᠤᠷᠤᠭᠴᠢᠳ ᠤᠨ ᠶᠡᠭᠡ ᠲᠡᠭᠡᠲᠤ ᠰᠤᠷᠭᠠᠭᠤᠯᠢ ᠳᠤ ᠣᠷᠣᠬᠤ ᠬᠦᠰᠡᠯ ᠢ ᠪᠡᠶᠡᠯᠡᠭᠦᠯᠬᠦ ᠴᠢᠬᠤᠯᠠ ᠠᠷᠭ᠎ᠠ ᠵᠠᠮ ᠪᠤᠯᠤᠨ᠎ᠠ᠃ ᠰᠢᠯᠤᠭᠤᠨ ᠬᠦᠪᠡᠭᠡᠲᠤ ᠴᠠᠭᠠᠨ ᠬᠤᠰᠢᠭᠤ ᠨᠢ ᠰᠤᠷᠤᠯᠭ᠎ᠠ ᠶᠢ ᠳᠡᠳᠬᠦᠬᠦ ᠲᠦᠷᠦ ᠶᠢᠨ ᠪᠤᠳᠤᠯᠭ᠎ᠠ ᠶᠢ ᠨᠠᠷᠢᠨ ᠨᠢᠮᠪᠠᠢ ᠬᠡᠷᠡᠭᠵᠢᠬᠦᠯᠵᠦ᠂ ᠡᠷᠡᠮᠡᠯᠵᠡᠬᠦ ᠠᠯᠬᠤᠮ ᠳᠠᠷᠠᠭ᠎ᠠ ᠶᠢ ᠵᠢᠷᠤᠮᠵᠢᠭᠤᠯᠤᠨ᠂ ᠳᠡᠮᠵᠢᠯᠭᠡ ᠬᠦᠷᠳᠡᠬᠦ ᠬᠢᠷᠢ ᠬᠡᠮ ᠳᠤ ᠬᠦᠷᠦᠭᠰᠡᠨ ᠠᠮᠢᠳᠤᠷᠠᠯ ᠬᠦᠴᠢᠷᠳᠡᠯᠲᠠᠢ ᠰᠤᠷᠤᠭᠴᠢᠳ ᠤᠨ ᠡᠷᠭᠡ ᠠᠰᠢᠭ ᠢ ᠪᠦᠬᠦ ᠬᠦᠴᠦᠨ ᠢᠶᠠᠷ ᠪᠠᠲᠤᠯᠠᠵᠦ᠂ ᠪᠣᠳᠠᠲᠤ ᠠᠵᠢᠯᠯᠠᠭ᠎ᠠ ᠪᠠᠷ ᠢᠶᠠᠨ ᠠᠮᠢᠳᠤᠷᠠᠯ ᠬᠦᠴᠢᠷᠳᠡᠯᠲᠡᠢ ᠭᠡᠷ ᠪᠦᠯᠢ ᠶᠢᠨ ᠰᠣᠷᠣᠭᠴᠢᠳ ᠤᠨ ᠶᠡᠭᠡ ᠰᠤᠷᠭᠠᠭᠤᠯᠢ ᠳᠤ ᠣᠷᠣᠬᠤ ᠬᠦᠰᠡᠯ ᠢ ᠨᠢ ᠪᠡᠶᠡᠯᠡᠭᠦᠯᠪᠠ᠃      ᠰᠢᠯᠤᠭᠤᠨ ᠬᠦᠪᠡᠭᠡᠲᠤ ᠴᠠᠭᠠᠨ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠰᠤᠷᠤᠯᠭ᠎ᠠ ᠶᠢ ᠲᠡᠳᠬᠦᠬᠦ ᠬᠠᠮᠢᠶᠠᠷᠤᠯᠲᠠ ᠶᠢᠨ ᠲᠥᠪ ᠤᠨ ᠡᠷᠬᠢᠯᠡᠭᠴᠢ ᠤᠶᠤᠨᠬᠠᠰ ᠤᠨ ᠲᠠᠨᠢᠯᠴᠠᠭᠤᠯᠤᠭᠰᠠᠨ ᠢᠶᠠᠷ᠂ ᠢᠲᠡᠭᠡᠮᠵᠢᠲᠦ ᠵᠢᠭᠡᠯᠡᠯᠭᠡ ᠶᠢ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ ᠪᠠ ᠲᠤᠰᠬᠠᠢ ᠮᠡᠷᠭᠡᠵᠢᠯ ᠤᠨ ᠠᠩᠭᠢ ᠶᠢᠨ ᠰᠣᠷᠣᠭᠴᠢ ᠳᠤ ᠴᠢᠭᠯᠡᠬᠦᠯᠵᠦ᠂ ᠰᠤᠷᠤᠭᠴᠢᠳ ᠤᠨ ᠰᠤᠷᠭᠠᠭᠤᠯᠢ ᠳᠤ ᠰᠤᠷᠤᠯᠴᠠᠵᠤ ᠪᠠᠶᠢᠬᠤ ᠬᠤᠭᠤᠴᠠᠭᠠᠨ ᠳᠤ ᠪᠤᠢ ᠪᠣᠯᠤᠭᠰᠠᠨ ᠬᠦᠦ ᠮᠥᠩᠭᠦ ᠶᠢ ᠪᠦᠬᠦᠨ ᠢ ᠤᠯᠤᠰ ᠤᠨ ᠡᠳ᠋ ᠤᠨ ᠵᠠᠰᠠᠭ ᠠᠴᠠ ᠨᠥᠬᠦᠪᠦᠷᠢᠯᠡᠵᠦ᠂ ᠰᠤᠷᠭᠠᠭᠤᠯᠢ ᠲᠡᠭᠦᠰᠦᠭᠰᠡᠨ ᠤ ᠲᠠᠷᠠᠭᠠᠬᠢ ᠡᠬᠡ ᠮᠥᠩᠭᠦ ᠪᠠ ᠬᠦᠦ ᠮᠥᠩᠭᠦ ᠶᠢ ᠥᠪᠡᠷᠲᠡᠭᠡᠨ ᠲᠦᠯᠦᠬᠦ ᠴᠢᠬᠤᠯᠠᠲᠠᠢ᠃ ᠣᠳᠣᠬᠠᠨ ᠪᠣᠯᠲᠠᠯ᠎ᠠ ᠨᠡᠶᠢᠳᠡ 447 ᠬᠥᠮᠥᠨ ᠰᠤᠷᠤᠯᠭ᠎ᠠ ᠶᠢ ᠳᠡᠳᠬᠦᠬᠦ ᠵᠢᠭᠡᠯᠡᠯᠭᠡ ᠭᠤᠶᠤᠴᠢᠯᠠᠵᠤ᠂ ᠡᠩ ᠤᠨ ᠳᠡᠭᠡᠳᠦ ᠰᠤᠷᠭᠠᠭᠤᠯᠢ ᠶᠢᠨ ᠠᠮᠢᠳᠤᠷᠠᠯ ᠬᠦᠴᠢᠷᠳᠡᠯᠲᠡᠢ ᠰᠣᠷᠣᠭᠴᠢᠳ ᠤᠨ ᠲᠤᠰᠠᠯᠠᠮᠵᠢ ᠶᠢ ᠭᠤᠶᠤᠴᠢᠯᠠᠵᠤ ᠪᠠᠶᠢᠭ᠎ᠠ ᠰᠣᠷᠣᠭᠴᠢ 42 ᠬᠥᠮᠥᠨ ᠪᠠᠶᠢᠨ᠎ᠠ ᠬᠡᠪᠡ᠃ ︵ᠴᠢᠮᠡᠭᠡᠯᠡᠭᠴᠢ︶
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号