ᠰᠢᠯᠢ ᠶᠢᠨ ᠬᠤᠲᠠ ᠶᠢᠨ ᠨᠢᠰᠬᠡᠯ ᠤᠨ ᠲᠠᠯᠠᠪᠠᠢ ᠶᠢᠨ ᠲᠡᠷᠭᠡᠨ ᠵᠣᠭᠰᠣᠭᠠᠯ ᠤᠨ ᠰᠦᠢᠳᠬᠡᠯ ᠬᠤᠷᠢᠶᠠᠬᠤ ᠪᠠᠷᠢᠮᠵᠢᠶ᠎ᠠ
ᠨᠡᠶᠢᠲᠡᠯᠡᠭᠰᠡᠨ ᠴᠠᠭ᠄
2024/8/23
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠠᠭᠠᠷ ᠤᠨ ᠨᠢᠰᠬᠡᠯ ᠤᠨ ᠲᠠᠯᠠᠪᠠᠢ ᠶᠢᠨ  ᠰᠢᠯᠢ ᠶᠢᠨ  ᠬᠤᠲᠠ  ᠎ ᠶᠢᠨ  ᠬᠤᠪᠢᠶᠠᠷᠢ ᠺᠣᠮᠫᠠᠨᠢ ᠶᠢᠨ ᠲᠡᠷᠭᠡᠨ ᠵᠣᠭᠰᠣᠭᠠᠯ ᠤᠨ  ᠰᠦᠢᠳᠬᠡᠯ ᠬᠤᠷᠢᠶᠠᠬᠤ ᠲᠤᠬᠠᠢ ᠮᠡᠳᠡᠭᠳᠡᠯ      ᠨᠢᠰᠬᠡᠯ ᠢᠶᠠᠷ ᠭᠠᠳᠠᠭᠰᠢ ᠭᠠᠷᠬᠤ ᠠᠶᠠᠨᠴᠢᠳ ᠲᠤ ᠮᠡᠨᠳᠦᠴᠢᠯᠡᠯ ᠬᠦᠷᠭᠡᠶ᠎ᠡ᠄      ᠰᠢᠯᠢ ᠶᠢᠨ ᠬᠤᠲᠠ ᠶᠢᠨ ᠨᠢᠰᠬᠡᠯ ᠤᠨ ᠲᠠᠯᠠᠪᠠᠢ ᠶᠢᠨ ᠲᠡᠷᠭᠡᠨ ᠵᠣᠭᠰᠣᠭᠠᠯ ᠢ ᠥᠭᠡᠷᠡᠴᠢᠯᠡᠭᠰᠡᠨ ᠤ ᠳᠠᠷᠠᠭ᠎ᠠ᠂ ᠰᠢᠯᠢ ᠶᠢᠨ ᠬᠤᠲᠠ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠡᠳ᠂ ᠰᠦᠢᠳᠬᠡᠯ ᠬᠤᠷᠢᠶᠠᠬᠤ ᠨᠥᠬᠦᠴᠡᠯ ᠢ ᠨᠢᠭᠡᠨᠲᠡ ᠪᠦᠷᠢᠯᠳᠦᠭᠦᠯᠦᠭᠰᠡᠨ ᠪᠣᠯᠬᠤᠷ 2024 ᠣᠨ ᠤ 7 ᠰᠠᠷ᠎ᠠ ᠶᠢᠨ 13᠎ ᠤ ᠡᠳᠦᠷ ᠠᠴᠠ ᠡᠬᠢᠯᠡᠵᠦ ᠰᠦᠢᠳᠬᠡᠯ ᠬᠤᠷᠢᠶᠠᠬᠤ ᠪᠠᠷ ᠲᠥᠯᠥᠪᠯᠡᠵᠦ ᠪᠣᠶ᠃       ᠡᠭᠦᠨ ᠤ ᠬᠠᠮᠲᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 34 ᠳ᠋ᠦ᠋ᠭᠡᠷ ᠬᠤᠭᠤᠴᠠᠭᠠᠨ ᠤ ᠲᠠᠯ᠎ᠠ ᠨᠤᠲᠤᠭ ᠤᠨ ᠨᠠᠭᠠᠳᠤᠮ ᠤᠨ ᠬᠤᠷᠠᠯ  ᠰᠢᠯᠢ ᠶᠢᠨ ᠬᠤᠲᠠ ᠳᠤ ᠤᠷᠤᠭᠰᠢᠲᠠᠢ ᠬᠤᠷᠠᠯᠳᠤᠭᠰᠠᠨ ᠢ ᠪᠡᠯᠭᠡᠯᠡᠬᠦ ᠶᠢᠨ ᠲᠥᠯᠥᠭᠡ᠂ ᠰᠢᠯᠢ ᠶᠢᠨ ᠬᠤᠲᠠ ᠶᠢᠨ ᠨᠢᠰᠬᠡᠯ ᠤᠨ ᠲᠠᠯᠠᠪᠠᠢ 7 ᠳ᠋ᠤᠭᠠᠷ ᠰᠠᠷ᠎ᠠ ᠶᠢᠨ 13᠎ ᠤ ᠡᠳᠦᠷ ᠠᠴᠠ 15᠎ ᠤ ᠡᠳᠦᠷ ᠪᠣᠯᠲᠠᠯ᠎ᠠ ᠲᠡᠷᠭᠡ ᠵᠣᠭᠰᠣᠬᠤ ᠰᠦᠢᠳᠬᠡᠯ ᠬᠤᠷᠢᠶᠠᠬᠤ ᠦᠭᠡᠢ ᠪᠠᠶᠢᠵᠤ᠂ 2024 ᠣᠨ ᠤ 7 ᠳ᠋ᠤᠭᠠᠷ ᠰᠠᠷ᠎ᠠ ᠶᠢᠨ 16᠎ ᠤ ᠡᠳᠦᠷ ᠠᠴᠠ ᠵᠢᠩᠬᠢᠨᠢ ᠪᠠᠷ ᠰᠦᠢᠳᠬᠡᠯ ᠬᠤᠷᠢᠶᠠᠨ᠎ᠠ᠂ ᠥᠷᠭᠡᠨ ᠣᠯᠠᠨ ᠲᠡᠷᠭᠡᠴᠢᠨ ᠰᠢᠯᠢ ᠶᠢᠨ ᠬᠤᠲᠠ ᠶᠢᠨ ᠨᠢᠰᠬᠡᠯ ᠤᠨ ᠲᠠᠯᠠᠪᠠᠢ ᠶᠢᠨ ᠲᠡᠷᠭᠡᠨ ᠵᠣᠭᠰᠣᠭᠠᠯ ᠳᠤ ᠣᠷᠳᠣ ᠬᠤᠭᠤᠴᠠᠭ᠎ᠠ ᠪᠠᠷ ᠲᠡᠷᠭᠡ ᠪᠠᠨ ᠲᠠᠯᠪᠢᠭᠰᠠᠨ ᠪᠠᠶᠢᠪᠠᠯ ᠴᠠᠭ ᠲᠣᠬᠠᠢ ᠳᠤᠨᠢ ᠰᠢᠯᠵᠢᠭᠦᠯᠬᠦ ᠪᠣᠯᠪᠠᠣ᠂ ᠬᠡᠷᠪᠡ ᠰᠢᠯᠵᠢᠭᠦᠯᠬᠦ ᠦᠭᠡᠢ ᠪᠣᠯ ᠨᠢᠰᠬᠡᠯ ᠤᠨ ᠲᠠᠯᠠᠪᠠᠢ  ᠪᠠᠷᠢᠮᠵᠢᠶ᠎ᠠ ᠶᠣᠰᠣᠭᠠᠷ ᠰᠦᠢᠳᠬᠡᠯ ᠬᠤᠷᠢᠶᠠᠨ᠎ᠠ᠃ ᠡᠳᠦᠭᠡ ᠰᠦᠢᠳᠬᠡᠯ ᠬᠤᠷᠢᠶᠠᠬᠤ ᠪᠠᠷᠢᠮᠵᠢᠶ᠎ᠠ ᠶᠢ ᠳᠣᠣᠷᠠᠬᠢ ᠮᠡᠲᠦ ᠵᠠᠷᠯᠠᠶ᠎ᠠ᠄       ᠰᠦᠢᠳᠬᠡᠯ ᠬᠤᠷᠢᠶᠠᠬᠤ ᠪᠠᠷᠢᠮᠵᠢᠶ᠎ᠠ      ᠵᠢᠵᠢᠭ  ᠬᠡᠯᠪᠡᠷᠢ ᠶᠢᠨ ᠲᠡᠷᠭᠡ ︵7 ᠰᠠᠭᠤᠳᠠᠯ  ᠎ ᠠᠴᠠ ᠳᠣᠷᠣᠭᠰᠢ 7 ᠰᠠᠭᠤᠳᠠᠯ ᠲᠠᠢ ᠠᠶᠠᠨᠴᠢᠳ ᠤᠨ ᠲᠡᠷᠭᠡ ᠪᠠᠭᠲᠠᠨ᠎ᠠ︶᠄  1 ᠴᠠᠭ ᠤᠨ ᠳᠣᠲᠣᠷ᠎ᠠ ︵1 ᠴᠠᠭ ᠢ ᠪᠠᠭᠲᠠᠭᠠᠨ᠎ᠠ︶ 2 ᠲᠥᠭᠦᠷᠢᠭ\ ᠮᠠᠰᠢᠨ ᠲᠡᠷᠭᠡ᠂ ᠤᠳᠠᠭ᠎ᠠ  ︔1 ︱ 5 ᠴᠠᠭ ︵5 ᠴᠠᠭ ᠪᠠᠭᠲᠠᠨ᠎ᠠ︶ 5 ᠲᠥᠭᠦᠷᠢᠭ\ ᠮᠠᠰᠢᠨ ᠲᠡᠷᠭᠡ᠂ ᠤᠳᠠᠭ᠎ᠠ︔ 5 ᠴᠠᠭ ᠤᠨ ᠳᠠᠷᠠᠭ᠎ᠠ ᠲᠡᠪᠰᠢᠭᠦᠯᠦᠨ ᠨᠡᠮᠡᠵᠦ ᠰᠦᠢᠳᠬᠡᠯ ᠬᠤᠷᠢᠶᠠᠬᠤ ᠶᠢ ᠬᠡᠷᠡᠭᠵᠢᠭᠦᠯᠵᠦ᠂ ᠴᠠᠭ ᠪᠦᠷᠢ ᠳᠤ 1 ᠲᠥᠭᠦᠷᠢᠭ ᠢᠶᠠᠷ  ᠨᠡᠮᠡᠨ᠎ᠡ᠂ ᠡᠬᠢᠨ ᠤ ᠡᠳᠦᠷ ︵24 ᠴᠠᠭ︶᠎ ᠲᠤ ᠬᠠᠮᠤᠭ ᠤᠨ ᠥᠨᠳᠥᠷ  ᠬᠤᠷᠢᠨ ᠲᠥᠭᠦᠷᠢᠭ᠃      ᠳᠤᠮᠳᠠ ᠬᠡᠯᠪᠡᠷᠢ ᠶᠢᠨ ᠲᠡᠷᠭᠡ ︵7 ᠰᠠᠭᠤᠳᠠᠯ  ᠎ ᠠᠴᠠ ᠳᠡᠭᠡᠭᠰᠢ 19 ᠰᠠᠭᠤᠳᠠᠯ ᠤᠨ ᠳᠣᠲᠣᠷᠠᠬᠢ ᠠᠶᠠᠨᠴᠢᠳ ᠤᠨ ᠲᠡᠷᠭᠡ᠂ 4 ᠲᠣᠨ ᠤ ᠳᠣᠲᠣᠷᠠᠬᠢ ᠪᠠᠷᠠᠭᠠᠨ ᠤ ᠲᠡᠷᠭᠡ︶᠄ 5 ᠴᠠᠭ ᠤᠨ ᠳᠣᠲᠣᠷ᠎ᠠ ︵5 ᠴᠠᠭ ᠪᠠᠭᠲᠠᠨ᠎ᠠ︶ 5 ᠲᠥᠭᠦᠷᠢᠭ\ ᠲᠡᠷᠭᠡ᠂ ᠤᠳᠠᠭ᠎ᠠ︔ 5 —10 ᠴᠠᠭ  ︵10 ᠴᠠᠭ ᠪᠠᠭᠲᠠᠨ᠎ᠠ︶ 10 ᠲᠥᠭᠦᠷᠢᠭ\ ᠮᠠᠰᠢᠨ ᠲᠡᠷᠭᠡ · ᠤᠳᠠᠭ᠎ᠠ︔ 10-24 ᠴᠠᠭ ︵24 ᠴᠠᠭ ᠢ ᠪᠠᠭᠲᠠᠭᠠᠨ᠎ᠠ︶25 ᠲᠥᠭᠦᠷᠢᠭ\ ᠮᠠᠰᠢᠨ ᠲᠡᠷᠭᠡ · ᠤᠳᠠᠭ᠎ᠠ᠃      ᠲᠣᠮᠣ ᠬᠡᠯᠪᠡᠷᠢ ᠶᠢᠨ ᠲᠡᠷᠭᠡ ︵19 ᠰᠠᠭᠤᠳᠠᠯ  ᠎ ᠠᠴᠠ ᠳᠡᠭᠡᠭᠰᠢᠬᠢ ᠠᠶᠠᠨᠴᠢᠳ ᠤᠨ ᠲᠡᠷᠭᠡ᠂ 4 ᠲᠣᠨ ᠎ ᠠᠴᠠ ᠳᠡᠭᠡᠭᠰᠢᠬᠢ ᠪᠠᠷᠠᠭᠠᠨ ᠤ ᠲᠡᠷᠭᠡ︶᠄ 5 ᠴᠠᠭ ᠤᠨ ᠳᠣᠲᠣᠷ᠎ᠠ ︵5 ᠴᠠᠭ ᠪᠠᠭᠲᠠᠨ᠎ᠠ︶ 5 ᠲᠥᠭᠦᠷᠢᠭ\ ᠲᠡᠷᠭᠡ᠂ ᠤᠳᠠᠭ᠎ᠠ︔ 5-10 ᠴᠠᠭ  ︵10  ᠴᠠᠭ ᠢ ᠪᠠᠭᠲᠠᠭᠠᠨ᠎ᠠ︶ 12 ᠲᠥᠭᠦᠷᠢᠭ\ ᠮᠠᠰᠢᠨ ᠲᠡᠷᠭᠡ · ᠤᠳᠠᠭ᠎ᠠ︔ 10 ︱ 24 ᠴᠠᠭ ︵24 ᠴᠠᠭ  ᠎ ᠢ ᠪᠠᠭᠲᠠᠨ᠎ᠠ︶ 30 ᠲᠥᠭᠦᠷᠢᠭ\ ᠮᠠᠰᠢᠨ ᠲᠡᠷᠭᠡ · ᠤᠳᠠᠭ᠎ᠠ᠃      ᠳᠡᠭᠡᠷᠡᠬᠢ ᠭᠤᠷᠪᠠᠨ ᠵᠦᠢᠯ ᠤᠨ ᠲᠡᠷᠭᠡ  ᠲᠡᠷᠭᠡᠨ ᠵᠣᠭᠰᠣᠭᠠᠯ ᠳᠤ 24 ᠴᠠᠭ ᠠᠴᠠ ᠬᠡᠳᠦᠷᠡᠵᠦ ᠵᠣᠭᠰᠣᠭᠰᠠᠨ ᠪᠠᠶᠢᠪᠠᠯ  ᠂ ᠡᠳᠦᠷ ᠢᠶᠠᠷ ᠪᠤᠳᠤᠵᠤ ᠪᠠᠭ᠎ᠠ ᠬᠡᠯᠪᠡᠷᠢ ᠶᠢᠨ ᠲᠡᠷᠭᠡ ᠶᠢᠨ ᠰᠦᠢᠳᠬᠡᠯ 15 ᠲᠥᠭᠦᠷᠢᠭ\ ᠡᠳᠦᠷ᠂ ᠳᠤᠮᠳᠠ ᠬᠡᠯᠪᠡᠷᠢ ᠶᠢᠨ ᠲᠡᠷᠭᠡ ᠶᠢᠨ ᠰᠦᠢᠳᠬᠡᠯ 20 ᠲᠥᠭᠦᠷᠢᠭ\ ᠡᠳᠦᠷ᠂ ᠲᠣᠮᠣ ᠬᠡᠯᠪᠡᠷᠢ ᠶᠢᠨ ᠲᠡᠷᠭᠡ ᠶᠢᠨ ᠰᠦᠢᠳᠬᠡᠯ 25 ᠲᠥᠭᠦᠷᠢᠭ\ ᠡᠳᠦᠷ ᠬᠤᠷᠢᠶᠠᠨ᠎ᠠ᠃ ᠲᠦᠷ ᠴᠠᠭ ᠵᠣᠭᠰᠣᠭᠠᠭᠰᠠᠨ ᠪᠥᠭᠡᠳ ᠲᠡᠷᠭᠡ ᠵᠣᠭᠰᠣᠭᠠᠭᠠᠳ 30 ᠮᠢᠨᠦ᠋ᠲ ᠬᠦᠷᠬᠦ ᠦᠭᠡᠢ ᠲᠡᠷᠭᠡ ᠠᠴᠠ ᠰᠦᠢᠳᠬᠡᠯ ᠬᠤᠷᠢᠶᠠᠬᠤ ᠦᠭᠡᠢ᠃      ᠨᠢᠰᠬᠡᠯ ᠤᠨ ᠪᠠᠭᠤᠳᠠᠯ ᠤᠨ ᠲᠡᠷᠭᠡᠨ ᠵᠣᠭᠰᠣᠭᠠᠯ ᠤᠨ ᠰᠦᠢᠳᠬᠡᠯ ᠬᠤᠷᠢᠶᠠᠬᠤ  ᠬᠠᠮᠢᠶᠠᠷᠣᠯᠲᠠ  ᠎ ᠶᠢ  ᠲᠣᠣᠷᠠᠬᠢ ᠮᠡᠳᠦ ᠵᠠᠷᠯᠠᠶ᠎ᠠ᠄      ᠵᠠᠰᠠᠭ ᠤᠨ ᠣᠷᠳᠣᠨ ᠠᠴᠠ ᠦᠨ᠎ᠡ ᠲᠣᠭᠲᠠᠭᠠᠬᠤ᠂ ᠵᠠᠰᠠᠭ ᠤᠨ ᠣᠷᠳᠣᠨ ᠤ  ᠵᠢᠯᠣᠭᠤᠳᠣᠯᠭ᠎ᠠ ᠶᠢ ᠬᠦᠯᠢᠶᠡᠨ ᠂ ᠲᠡᠷᠭᠡᠨ ᠵᠣᠭᠰᠣᠭᠠᠯ ᠤᠨ ᠲᠣᠭᠲᠠᠭᠠᠯ ᠶᠣᠰᠣᠭᠠᠷ ᠢᠯᠡ ᠦᠨ᠎ᠡ ᠲᠣᠭᠳᠠᠭᠠᠵᠣ᠂ ᠲᠡᠷᠭᠡ ᠵᠣᠭᠰᠣᠬᠤ ᠲᠥᠬᠦᠭᠡᠷᠦᠮᠵᠢ ᠶᠢᠨ ᠣᠷᠣᠬᠤ ᠡᠭᠦᠳᠡᠨ ᠤ ᠢᠯᠡ ᠭᠠᠵᠠᠷ ᠲᠤ ᠲᠡᠷᠭᠡ ᠵᠣᠭᠰᠣᠬᠤ ᠲᠡᠮᠳᠡᠭ ᠪᠠ ᠳᠦᠷᠢᠮᠵᠢᠭᠰᠡᠨ ᠬᠡᠯᠪᠡᠷᠢ ᠶᠢᠨ ᠰᠦᠢᠳᠬᠡᠯ ᠬᠤᠷᠢᠶᠠᠬᠤ  ᠫᠠᠶᠢᠰᠠ ᠲᠠᠯᠪᠢᠵᠤ᠂ ᠰᠦᠢᠳᠬᠡᠯ ᠬᠤᠷᠢᠶᠠᠬᠤ ᠪᠠᠷᠢᠮᠵᠢᠶ᠎ᠠ᠂ ᠰᠦᠢᠳᠬᠡᠯ ᠪᠤᠳᠤᠬᠤ ᠠᠷᠭ᠎ᠠ᠂ ᠰᠦᠢᠳᠬᠡᠯ ᠬᠤᠷᠢᠶᠠᠬᠤ ᠦᠨᠳᠦᠰᠦᠯᠡᠯ᠂ ᠦᠢᠯᠡᠴᠢᠯᠡᠭᠡᠨ ᠤ ᠠᠭᠤᠯᠭ᠎ᠠ᠂ ᠰᠦᠢᠳᠬᠡᠯ ᠬᠡᠯᠳᠦᠷᠢᠭᠦᠯᠬᠦ ᠲᠣᠭᠲᠠᠭᠠᠯ᠂ ᠵᠠᠭᠠᠯᠳᠤᠵᠤ ᠢᠯᠡᠴᠢᠯᠡᠨ ᠮᠡᠳᠡᠭᠦᠯᠬᠦ ᠤᠲᠠᠰᠤ ᠵᠡᠷᠭᠡ ᠠᠭᠤᠯᠭ᠎ᠠ  ᠶᠢ ᠲᠣᠳᠣᠷᠬᠠᠶᠢᠯᠠᠵᠣ᠂ ᠨᠡᠶᠢᠭᠡᠮ ᠤᠨ ᠬᠢᠨᠠᠯᠲᠠ  ᠶᠢ ᠬᠦᠯᠢᠶᠡᠬᠦ ᠪᠥᠭᠡᠳ ᠲᠣᠭᠲᠠᠭᠠᠯ ᠶᠣᠰᠣᠭᠠᠷ ᠬᠠᠤᠯᠢ ᠶᠣᠰᠣᠨ ᠤ  ᠪᠢᠯᠧᠲ ᠶᠢᠨ ᠪᠠᠷᠢᠮᠲᠠ ᠶᠢ ᠬᠠᠩᠭᠠᠨ᠎ᠠ᠃      ᠬᠥᠩᠭᠡᠯᠡᠵᠦ ᠬᠡᠯᠲᠦᠷᠢᠭᠦᠯᠬᠦ ᠲᠥᠷᠥ ᠶᠢᠨ ᠪᠣᠳᠣᠯᠭ᠎ᠠ᠄      ︽ᠰᠢᠯᠢ ᠶᠢᠨ ᠭᠤᠣᠯ ᠠᠶᠢᠮᠠᠭ ᠎ ᠤᠨ ᠮᠠᠰᠢᠨ ᠲᠡᠷᠭᠡ ᠵᠣᠭᠰᠤᠭᠠᠬᠤ ᠦᠢᠯᠡᠴᠢᠯᠡᠭᠡᠨ ᠤ ᠰᠦᠢᠳᠬᠡᠯ ᠬᠤᠷᠢᠶᠠᠬᠤ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ︾᠎ ᠳᠤ ᠲᠣᠳᠣᠷᠬᠠᠶᠢᠯᠠᠭᠰᠠᠨ ᠬᠠᠰᠤᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠴᠢᠩᠭ᠎ᠠ  ᠬᠡᠷᠡᠭᠵᠢᠭᠦᠯᠦᠨ᠎ᠡ᠃ ᠡᠯ᠎ᠡ ᠭᠠᠵᠠᠷ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠦᠨ᠎ᠡ ᠬᠠᠩᠰᠢ ᠶᠢᠨ ᠴᠣᠬᠤᠯᠠᠪᠤᠷᠢ ᠶᠢᠨ ᠪᠢᠴᠢᠭ ᠮᠠᠲ᠋ᠧᠷᠢᠶᠠᠯ ᠪᠠ ᠭᠦᠢᠴᠡᠳᠬᠡᠬᠦ ᠨᠢᠭᠡᠴᠡ ᠶᠢᠨ ᠰᠦᠢᠳᠬᠡᠯ ᠬᠤᠷᠢᠶᠠᠬᠤ ᠶᠢ ᠵᠠᠷᠯᠠᠨ ᠨᠡᠶᠢᠲᠡᠯᠡᠬᠦ ᠨᠠᠷᠢᠨ ᠬᠠᠭᠤᠳᠠᠰᠤ ᠳᠤ  ᠰᠦᠢᠳᠬᠡᠯ ᠬᠤᠷᠢᠶᠠᠬᠤ ᠦᠭᠡᠢ ᠪᠠᠷ ᠲᠡᠷᠭᠡ ᠵᠣᠭᠰᠤᠭᠠᠬᠤ ᠴᠠᠭ ᠢ ᠲᠣᠳᠣᠷᠬᠠᠶᠢᠯᠠᠬᠤ ᠬᠡᠷᠡᠭᠲᠡᠢ︔ ᠴᠡᠷᠢᠭ ᠤᠨ ᠲᠡᠷᠭᠡ᠂ ᠡᠭᠦᠷᠭᠡ ᠭᠦᠢᠴᠡᠳᠬᠡᠬᠦ ᠴᠠᠭᠳᠠᠭᠠᠨ ᠤ ᠲᠡᠷᠭᠡ᠂ ᠭᠠᠯ ᠤᠨᠲᠠᠷᠠᠭᠠᠬᠤ ᠲᠡᠷᠭᠡ᠂ ᠲᠦᠷᠭᠡᠨ ᠠᠪᠤᠷᠠᠬᠤ ᠲᠡᠷᠭᠡ᠂ ᠪᠠᠷᠢᠯᠭ᠎ᠠ ᠶᠢᠨ ᠠᠶᠤᠯ ᠠᠴᠠ ᠠᠪᠤᠷᠠᠬᠤ ᠲᠡᠷᠭᠡ ᠵᠡᠷᠭᠡ ᠲᠡᠷᠭᠡ  ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭᠴᠦᠳ ᠤᠨ ᠦᠨᠡᠮᠯᠡᠯ︾᠎ ᠲᠠᠢ ᠮᠥᠷᠲᠡᠭᠡᠨ ᠵᠡᠮᠳᠡᠭ ᠵᠢᠯᠣᠭᠤᠴᠢ ᠵᠢᠨ‌‍ᠲ᠋ᠤᠰᠬᠠᠢ ᠬᠡᠷᠡᠭᠯᠡᠬᠦ ᠮᠠᠰᠢᠨ ᠲᠡᠷᠭᠡ ᠪᠠ ᠬᠠᠤᠯᠢ ᠴᠠᠭᠠᠵᠠ᠂ ᠬᠠᠤᠯᠢ ᠲᠣᠭᠲᠠᠭᠠᠯ  ᠵᠡᠷᠭᠡ ᠳᠤ ᠲᠣᠭᠲᠠᠭᠠᠭᠰᠠᠨ ᠪᠤᠰᠤᠳ ᠰᠦᠢᠳᠬᠡᠯ ᠬᠤᠷᠢᠶᠠᠬᠤ ᠦᠭᠡᠢ ᠲᠡᠷᠭᠡ ᠶᠢᠨ ᠰᠦᠢᠳᠬᠡᠯ ᠢ ᠬᠠᠰᠤᠵᠤ  ᠬᠡᠯᠳᠦᠷᠢᠭᠦᠯᠬᠦ ᠲᠦᠷᠦ ᠶᠢᠨ ᠪᠣᠳᠣᠯᠭ᠎ᠠ  ᠎ ᠶᠢ  ᠬᠡᠷᠡᠭᠵᠢᠭᠦᠯᠦᠨ᠎ᠡ᠃      ᠥᠪᠥᠷ ᠮᠣᠩᠭᠤᠯ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠲᠠᠯᠠᠪᠠᠢ ᠶᠢᠨ ᠪᠦᠯᠦᠭᠯᠡᠯ ᠤᠨ ᠰᠢᠯᠢ ᠶᠢᠨ ᠬᠤᠲᠠ ᠶᠢᠨ ᠬᠤᠪᠢᠶᠠᠷᠢ ᠺᠣᠮᠫᠠᠨᠢ      ᠰᠢᠯᠢ ᠶᠢᠨ ᠬᠤᠲᠠ ᠶᠢᠨ ᠴᠧᠨ  ᠡᠾᠦ᠋ᠢ ᠬᠤᠳᠠᠯᠳᠤᠭᠠᠨ ᠤ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ      ᠥᠷᠭᠡᠨ ᠣᠯᠠᠨ ᠠᠶᠠᠨᠴᠢᠳ ᠲᠡᠷᠭᠡᠨ ᠵᠣᠭᠰᠣᠭᠠᠯ ᠤᠨ ᠲᠣᠭᠳᠠᠭᠠᠯ ᠶᠣᠰᠣᠭᠠᠷ ᠲᠡᠷᠭᠡ ᠪᠠᠨ ᠵᠣᠭᠰᠣᠭᠠᠵᠣ᠂ ᠲᠡᠷᠭᠡ ᠣᠨᠣᠭᠠᠨ ᠤ ᠤᠷᠤᠭᠰᠢᠲᠠᠢ ᠨᠡᠪᠲᠡᠷᠡᠬᠦ ᠶᠢ ᠪᠠᠲᠤᠯᠠᠬᠤ ᠪᠣᠯᠪᠠᠣ᠃      ᠣᠨᠴᠠᠭᠠᠶᠢᠯᠠᠨ ᠮᠡᠳᠡᠭᠳᠡᠪᠡ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号