ᠰᠢᠯᠢ ᠶᠢᠨ ᠬᠤᠲᠠ ᠶᠢᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ 2024 ᠣᠨ ᠤ 13 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/23
     7 ᠰᠠᠷ᠎ᠠ ᠶᠢᠨ 8᠎ ᠤ ᠡᠳᠦᠷ᠂  ᠰᠢᠯᠢ ᠶᠢᠨ ᠬᠤᠲᠠ ᠶᠢᠨ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠣᠯ ᠳᠤᠭᠤᠶᠢᠯᠠᠩ 2024 ᠣᠨ ᠤ 13 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠬᠤᠷᠠᠯᠳᠤᠭᠤᠯᠪᠠ᠃      ᠬᠤᠷᠠᠯ ᠳᠡᠭᠡᠷ᠎ᠡ᠂ ᠨᠠᠨᠺᠠᠢ ᠶᠡᠭᠡ ᠰᠤᠷᠭᠠᠭᠤᠯᠢ ᠶᠢᠨ ᠭᠦᠨ ᠤᠬᠠᠭᠠᠨ ᠤ ᠳ᠋ᠣᠺᠲ᠋ᠣᠷ᠂ ᠲᠥᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶᠎ ᠶᠢᠨ ᠫᠷᠣᠹᠧᠰᠰᠣᠷ᠂ ᠳ᠋ᠣᠺᠲ᠋ᠣᠷᠠᠨᠲ ᠤᠨ ᠵᠢᠯᠣᠭᠤᠳᠤᠭᠴᠢ ᠪᠠᠭᠰᠢ ᠬᠤᠤ ᠶᠦᠩ ᠫᠢᠩ ︽ᠰᠢᠨ᠎ᠡ ᠴᠠᠭ ᠦᠶ᠎ᠡ ᠶᠢᠨ ᠠᠭᠤᠤ ᠶᠡᠭᠡ ᠲᠡᠮᠡᠴᠡᠯ︾ ᠭᠡᠬᠦ ᠰᠡᠳᠦᠪ ᠢᠶᠠᠷ ᠶᠡᠷᠦᠩᠬᠡᠢ ᠱᠦᠵᠢ ᠰᠢ ᠶᠢᠨ ᠫᠢᠩ ᠤᠨ ᠠᠭᠤᠤ ᠶᠡᠭᠡ ᠲᠡᠮᠡᠴᠡᠯ ᠤᠨ ᠲᠤᠬᠠᠢ ᠴᠢᠬᠤᠯᠠ ᠥᠭᠦᠯᠡᠯᠲᠡ ᠪᠠᠷ ᠭᠠᠷᠳᠠᠴᠠ ᠪᠣᠯᠭᠠᠵᠤ᠂ ᠠᠭᠤᠤ ᠶᠡᠭᠡ ᠲᠡᠮᠡᠴᠡᠯ ᠤᠨ ᠴᠠᠭ ᠦᠶ᠎ᠡ ᠶᠢᠨ ᠠᠬᠤᠢ ᠪᠠᠶᠢᠳᠠᠯ᠂ ᠦᠨᠳᠦᠰᠦᠨ ᠠᠭᠤᠯᠬᠤᠨ᠂ ᠲᠡᠦᠬᠡ ᠶᠢᠨ ᠣᠨᠴᠠᠯᠢᠭ᠂ ᠵᠣᠬᠢᠰᠲᠠᠢ ᠵᠠᠭᠠᠭ ᠱᠤᠭᠤᠮ ᠵᠢᠴᠢ ᠦᠢᠯᠡᠳᠦᠯᠭᠡ ᠶᠢᠨ ᠱᠠᠭᠠᠷᠳᠠᠯᠭ᠎ᠠ ᠵᠡᠷᠭᠡ ᠲᠠᠯ᠎ᠠ ᠠᠴᠠ ᠭᠦᠨᠵᠡᠭᠡᠢ ᠲᠠᠶᠢᠯᠪᠤᠷᠢᠯᠠᠯᠲᠠ ᠬᠢᠪᠡ᠃ ᠲᠠᠶᠢᠯᠤᠮᠵᠢ ᠶᠢᠨ ᠠᠭᠤᠯᠭ᠎ᠠ ᠶᠢᠨ ᠭᠤᠣᠯ ᠰᠡᠳᠦᠪ ᠢᠯᠡ ᠲᠣᠳᠣ᠂ ᠬᠠᠷᠠᠭᠠᠰᠤ ᠥᠷᠭᠡᠨ᠂ ᠮᠠᠲ᠋ᠧᠷᠢᠶᠠᠯ ᠨᠠᠷᠢᠨ ᠪᠣᠳᠠᠲᠠᠢ ᠪᠠᠶᠢᠵᠤ᠂ ᠥᠷᠭᠡᠨ ᠤᠯᠠᠨ ᠺᠠᠳ᠋ᠷ ᠠᠵᠢᠯᠲᠠᠨ ᠠᠵᠢᠯᠴᠢᠨ ᠳᠤ ᠰᠢᠨ᠎ᠡ ᠴᠠᠭ ᠦᠶ᠎ᠡ ᠶᠢᠨ ᠠᠭᠤᠤ ᠶᠡᠭᠡ ᠲᠡᠮᠡᠴᠡᠯ ᠤᠨ ᠠᠮᠵᠢᠯᠲᠠ ᠲᠠᠢ ᠦᠢᠯᠡᠳᠦᠯᠭᠡ ᠪᠠ ᠲᠤᠷᠰᠢᠯᠭ᠎ᠠ ᠶᠢᠨ ᠰᠡᠩᠬᠡᠷᠡᠭᠦᠯᠦᠯ ᠤᠨ ᠲᠤᠬᠠᠢ ᠭᠦᠨᠵᠡᠭᠡᠢ ᠲᠠᠨᠢᠯᠲᠠ ᠲᠠᠢ ᠪᠣᠯᠭᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠬᠦ ᠳᠤ ᠬᠦᠴᠦᠲᠡᠢ ᠵᠢᠯᠣᠭᠤᠳᠤᠯᠭ᠎ᠠ ᠪᠠ ᠬᠠᠪᠰᠤᠷᠤᠯᠭ᠎ᠠ ᠬᠠᠩᠭᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠠᠭᠤᠤ ᠶᠡᠭᠡ ᠲᠡᠮᠡᠴᠡᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢᠶᠠᠷ ᠠᠵᠠ ᠲᠣᠬᠢᠶᠠᠯ ᠪᠣᠯᠭᠠᠵᠤ ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠪᠠ ︽ᠰᠢᠨ᠎ᠡ ᠵᠠᠮ ᠨᠡᠭᠡᠭᠡᠵᠦ᠂ ᠳᠤᠮᠳᠠ ᠤᠷᠤᠰᠬᠠᠯ ᠳᠤ ᠣᠷᠣᠬᠤ︾ ᠬᠠᠷᠠᠯᠲᠠ ᠶᠢ ᠪᠡᠶᠡᠯᠡᠭᠦᠯᠬᠦ ᠲᠠᠢ ᠨᠢᠭᠲᠠ ᠤᠶᠠᠯᠳᠤᠭᠤᠯᠤᠨ᠂ ︽ᠵᠢᠷᠭᠤᠭᠠᠨ ᠢᠨᠵᠧᠨᠧᠷᠢᠩ︾ ᠵᠡᠷᠭᠡ ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠨᠠᠶᠢᠳᠠᠪᠤᠷᠢᠵᠢᠭᠤᠯᠵᠤ᠂ ᠲᠡᠮᠡᠴᠡᠯ ᠤᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠷᠠᠭᠤᠯᠤᠨ᠂ ᠲᠡᠮᠡᠴᠡᠯ ᠤᠨ ᠵᠢᠮ᠎ᠡ ᠶᠣᠰᠣ ᠶᠢ ᠡᠵᠡᠮᠰᠢᠵᠦ᠂ ᠲᠡᠮᠡᠴᠡᠯ ᠤᠨ ᠴᠢᠳᠠᠪᠤᠷᠢ ᠪᠠᠨ ᠳᠡᠭᠡᠭᠰᠢᠯᠡᠭᠦᠯᠵᠦ᠂ ᠪᠡᠷᠬᠡ ᠶᠢ ᠲᠤᠭᠤᠯᠤᠨ ᠬᠦᠴᠢᠷ ᠢ ᠳᠠᠪᠠᠵᠤ᠂ ᠤᠷᠤᠭᠰᠢᠯᠠᠯᠲᠠ ᠶᠢᠨ ᠵᠠᠮ ᠳᠡᠭᠡᠷᠡᠬᠢ ᠡᠯ᠎ᠡ ᠵᠦᠢᠯ ᠤᠨ ᠬᠦᠴᠢᠷᠳᠡᠯ ᠥᠷᠢᠰᠦᠯᠳᠦᠭᠡᠨ ᠢ ᠪᠥᠬᠦ ᠬᠦᠴᠦᠨ ᠢᠶᠠᠷ ᠢᠶᠠᠨ ᠢᠯᠠᠨ ᠳᠠᠪᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠰᠢᠯᠢ ᠶᠢᠨ ᠬᠤᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃      ᠬᠤᠳᠠ ᠶᠢᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠭᠦᠨ᠂ ᠡᠯ᠎ᠡ ᠰᠤᠮᠤ ᠪᠠᠯᠭᠠᠰᠤ ᠲᠠᠯᠠᠪᠠᠢ᠂ ᠵᠡᠭᠡᠯᠢ ᠭᠤᠳᠤᠮᠵᠢ ᠵᠢᠴᠢ ᠬᠤᠳᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ᠂ ᠪᠦᠬᠦ ᠬᠤᠳᠠ ᠶᠢᠨ ᠦᠨᠳᠦᠰᠦᠨ ᠱᠠᠲᠤᠨ ᠤ ᠤᠨᠤᠯ ᠤᠨ ᠤᠬᠠᠭᠤᠯᠤᠨ ᠲᠠᠶᠢᠯᠪᠤᠷᠢᠯᠠᠭᠴᠢ ᠬᠤᠷᠠᠯ ᠳᠤ ᠣᠷᠣᠯᠴᠠᠪᠠ᠃  
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号