ᠪᠤᠯᠠᠭᠠᠨ ᠵᠡᠭᠡᠯᠢ ᠭᠤᠳᠤᠮᠵᠢ ᠶᠢᠨ ᠶᠡᠷᠦᠩᠬᠡᠶᠢᠯᠡᠭᠰᠡᠨ ᠨᠠᠰᠤᠲᠠᠶᠢᠴᠤᠳ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠠᠯᠪᠠᠨ ᠵᠢᠷᠦᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/8/23
     ᠨᠠᠰᠤᠲᠠᠶᠢᠴᠤᠳ ᠤᠨ ᠪᠡᠶ᠎ᠡ ᠮᠠᠬᠠᠪᠤᠳ ᠤᠨ ᠡᠷᠡᠭᠦᠯ ᠴᠢᠬᠢᠷᠠᠭ ᠢ ᠬᠠᠯᠠᠮᠵᠢᠯᠠᠨ ᠬᠠᠶᠢᠷᠠᠯᠠᠵᠤ᠂ ᠨᠠᠰᠤᠲᠠᠶᠢᠴᠤᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂7 ᠰᠠᠷ᠎ᠠ ᠶᠢᠨ30᠎ ᠤ ᠡᠳᠦᠷ ᠪᠤᠯᠠᠭᠠᠨ ᠵᠡᠭᠡᠯᠢ ᠶᠢᠨ ᠶᠡᠷᠦᠩᠬᠡᠶᠢᠯᠡᠭᠰᠡᠨ ᠨᠠᠰᠤᠲᠠᠶᠢᠴᠤᠳ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠰᠢᠯᠢᠨ ᠠᠮᠠᠨ ᠬᠦᠨᠳᠡᠢ ᠶᠢᠨ ᠡᠮᠨᠡᠯᠭᠡ᠂ ᠴᠣᠣ ᠵᠢᠣᠢ ᠨᠢᠳᠦᠨ ᠤ ᠡᠮᠨᠡᠯᠭᠡ ᠶᠢᠨ ᠬᠤᠷᠢᠶ᠎ᠠ ᠎ ᠲᠠᠢ ᠬᠠᠮᠲᠤᠷᠠᠨ ᠠᠯᠪᠠᠨ ᠵᠢᠷᠦᠮ ᠤᠨ ᠡᠮᠴᠢᠯᠡᠭᠡᠨ ᠤ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠡᠷᠡᠭᠦᠯ ᠮᠡᠨᠳᠦ ᠶᠢᠨ ᠦᠢᠯᠡᠴᠢᠯᠡᠭᠡ ᠶᠢ ᠨᠠᠰᠤᠲᠠᠶᠢᠴᠤᠳ ᠤᠨ ᠳᠡᠷᠭᠡᠳᠡ ᠬᠦᠷᠭᠡᠵᠦ᠂ ᠬᠠᠷᠢᠶᠠᠲᠤ ᠣᠷᠣᠨ ᠤ 30 ᠭᠠᠷᠤᠢ ᠨᠠᠰᠤᠲᠠᠨ ᠲᠤᠰ ᠤᠳᠠᠭᠠᠨ ᠤ ᠠᠯᠪᠠᠨ ᠵᠢᠷᠤᠮ ᠤᠨ ᠡᠮᠴᠢᠯᠡᠭᠡ ᠳᠤ ᠣᠷᠣᠯᠴᠠᠵᠠᠢ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠰᠢᠯᠢᠨ ᠠᠮᠠᠨ ᠬᠦᠨᠳᠡᠢ ᠶᠢᠨ ᠡᠮᠨᠡᠯᠭᠡ ᠶᠢᠨ ᠬᠤᠷᠢᠶᠠᠨ ᠤ ᠠᠵᠢᠯᠲᠠᠳ ᠲᠤᠬᠠᠢ ᠶᠢᠨ ᠲᠠᠯᠠᠪᠠᠢ ᠳ᠋ᠡ ᠨᠠᠰᠤᠲᠠᠶᠢᠴᠤᠳ ᠲᠤ ᠰᠢᠳᠦ ᠬᠡᠷᠡᠭᠯᠡᠬᠦ᠂ ᠰᠢᠳᠦ ᠬᠠᠮᠠᠭᠠᠯᠠᠬᠤ᠂ ᠰᠢᠳᠦ ᠵᠠᠰᠠᠬᠤ ᠵᠡᠷᠭᠡ ᠠᠮᠠᠨ ᠬᠦᠨᠳᠡᠢ ᠶᠢᠨ ᠮᠡᠳᠡᠯᠭᠡ ᠶᠢ ᠲᠥᠭᠡᠮᠡᠯᠵᠢᠭᠦᠯᠬᠦ ᠶᠢᠨ ᠬᠠᠮᠲᠤ ᠬᠢᠮᠡᠯ ᠣᠶᠣᠨᠲᠣ ᠠᠮᠠᠨ ᠬᠦᠨᠳᠡᠢ ᠶᠢᠨ ᠪᠠᠶᠢᠴᠠᠭᠠᠯᠲᠠ ᠶᠢᠨ ᠬᠡᠮᠵᠢᠭᠦᠷᠯᠢᠭ ᠢ ᠬᠡᠷᠡᠭᠯᠡᠨ ᠨᠠᠰᠤᠲᠠᠶᠢᠴᠤᠳ ᠨᠢᠭᠡᠪᠦᠷᠢ ᠳᠤ ᠬᠦᠯᠢᠴᠡᠩᠭᠦᠢ ᠪᠠᠷ ᠪᠠᠶᠢᠴᠠᠭᠠᠯᠲᠠ ᠬᠢᠵᠦ ᠥᠭᠴᠡᠢ᠃ ᠡᠭᠦᠨ ᠤ ᠬᠠᠮᠲᠤ ᠨᠠᠰᠤᠲᠠᠶᠢᠴᠤᠳ ᠤᠨ ᠠᠮᠠᠨ ᠬᠦᠨᠳᠡᠢ ᠶᠢᠨ ᠡᠪᠡᠳᠴᠢᠨ ᠤ ᠲᠤᠬᠠᠢ ᠵᠣᠬᠢᠬᠤ ᠡᠮᠴᠢᠯᠡᠭᠡᠨ ᠤ ᠲᠥᠰᠥᠯ ᠭᠠᠷᠭᠠᠨ ᠥᠭᠭᠦᠭᠰᠡᠨ ᠪᠠᠶᠢᠨ᠎ᠠ᠃ ᠰᠢᠯᠢ ᠶᠢᠨ ᠬᠤᠲᠠ ᠶᠢᠨ ᠴᠣᠣ ᠵᠢᠤᠢ ᠨᠢᠳᠦᠨ ᠤ ᠰᠠᠯᠠᠭᠠᠨ ᠤ ᠡᠮᠨᠡᠯᠭᠡ ᠶᠢᠨ ᠬᠤᠷᠢᠶᠠᠨ ᠤ ᠠᠵᠢᠯᠲᠠᠳ ᠨᠠᠰᠤᠲᠠᠶᠢᠴᠤᠳ ᠲᠤ ᠴᠠᠭᠠᠨ ᠬᠠᠷᠠᠩ ᠢ ᠰᠢᠭᠰᠢᠨ ᠪᠠᠶᠢᠴᠠᠭᠠᠬᠤ᠂ ᠨᠢᠳᠦᠨ ᠢᠷᠤᠭᠠᠷ᠂ ᠬᠢᠯᠠᠷ ᠬᠠᠷᠠᠭ᠎ᠠ ᠵᠡᠷᠭᠡ ᠬᠠᠮᠢᠶ᠎ᠠ ᠪᠦᠬᠦᠢ ᠪᠠᠶᠢᠴᠠᠭᠠᠯᠲᠠ ᠬᠢᠵᠦ᠂ ᠴᠠᠭᠠᠨ ᠬᠠᠷᠠᠩ ᠢ ᠰᠦᠢᠳᠬᠡᠯ ᠬᠤᠷᠢᠶᠠᠬᠤ ᠦᠭᠡᠢ ᠪᠠᠷ ᠮᠡᠰᠡ ᠵᠠᠰᠠᠯ ᠬᠢᠬᠦ ᠲᠤᠬᠠᠢ ᠵᠣᠬᠢᠬᠤ ᠤᠬᠠᠭᠤᠯᠭ᠎ᠠ ᠬᠢᠬᠦ ᠶᠢᠨ ᠬᠠᠮᠲᠤ ᠨᠠᠰᠤᠲᠠᠶᠢᠴᠤᠳ ᠨᠢᠭᠡᠪᠦᠷᠢ ᠶᠢᠨ ᠨᠢᠳᠦᠨ ᠤ ᠪᠠᠶᠢᠳᠠᠯ ᠢ ᠦᠨᠳᠦᠰᠦᠯᠡᠨ ᠳᠠᠷᠠᠭᠠᠴᠢ ᠶᠢᠨ ᠠᠯᠬᠤᠮ ᠤᠨ ᠪᠠᠶᠢᠳᠠᠯ ᠵᠢᠴᠢ ᠡᠮᠨᠡᠨ ᠵᠠᠰᠠᠬᠤ ᠲᠥᠰᠥᠯ ᠭᠠᠷᠭᠠᠪᠠ᠃ ᠡᠮᠴᠢ ᠨᠠᠷ ᠤᠨ ᠨᠠᠷᠢᠨ ᠨᠢᠮᠪᠠᠢ ᠡᠮᠨᠡᠨ ᠵᠠᠰᠠᠬᠤ ᠮᠡᠷᠭᠡᠵᠢᠯ ᠪᠣᠯᠣᠨ ᠲᠣᠲᠤᠨᠤ ᠬᠦᠯᠢᠴᠡᠩᠭᠦᠢ ᠣᠪᠣᠷ ᠨᠢ ᠨᠠᠰᠤᠲᠠᠶᠢᠴᠤᠳ ᠤᠨ ᠰᠠᠶᠢᠨ ᠦᠨᠡᠯᠡᠯᠲᠡ ᠶᠢ ᠣᠯᠵᠠᠢ᠃      ᠲᠤᠰ ᠤᠳᠠᠭᠠᠨ ᠤ ᠠᠯᠪᠠᠨ ᠵᠢᠷᠦᠮ ᠤᠨ ᠡᠮᠴᠢᠯᠡᠭᠡᠨ ᠤ ᠠᠵᠢᠯᠯᠠᠭ᠎ᠠ ᠨᠢ ᠨᠠᠰᠤᠲᠠᠶᠢᠴᠤᠳ ᠲᠤ ᠲᠤᠰ ᠪᠡᠶ᠎ᠡ ᠶᠢᠨ ᠬᠢᠨᠢ ᠡᠷᠡᠭᠦᠯ ᠮᠡᠨᠳᠦ ᠶᠢᠨ ᠪᠠᠶᠢᠳᠠᠯ ᠢ ᠣᠶᠢᠯᠠᠭᠠᠭᠤᠯᠤᠭᠰᠠᠨ ᠢᠶᠠᠷ ᠪᠠᠷᠠᠬᠤ ᠦᠭᠡᠢ᠂ ᠪᠠᠰᠠ ᠨᠠᠰᠤᠲᠠᠶᠢᠴᠤᠳ ᠲᠤ ᠰᠢᠨᠵᠢᠯᠡᠬᠦ ᠤᠬᠠᠭᠠᠨᠴᠢ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠪᠠ ᠡᠪᠡᠳᠴᠢᠨ ᠡᠮᠭᠡᠭ ᠢ ᠰᠡᠷᠭᠡᠶᠢᠯᠡᠬᠦ ᠠᠷᠭ᠎ᠠ ᠶᠢ ᠰᠤᠷᠤᠯᠴᠠᠭᠤᠯᠤᠭᠰᠠᠨ ᠪᠥᠭᠡᠳ ᠨᠠᠰᠤᠲᠠᠶᠢᠴᠤᠳ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠬᠢᠭᠡᠳ ᠨᠠᠰᠤᠲᠠᠶᠢᠴᠤᠳ ᠤᠨ ᠬᠤᠭᠤᠷᠤᠨᠳᠤᠬᠢ ᠵᠠᠢ ᠶᠢ ᠤᠯᠠᠮ ᠨᠢᠭᠡ ᠠᠯᠬᠤᠮ ᠣᠶᠢᠷᠠᠲᠤᠭᠤᠯᠵᠤ᠂ ᠨᠠᠰᠤᠲᠠᠶᠢᠴᠤᠳ ᠤᠨ ᠵᠣᠯ ᠵᠢᠷᠭᠠᠯ ᠤᠨ ᠰᠡᠳᠬᠢᠭᠳᠡᠯ ᠪᠠ ᠬᠦᠷᠲᠡᠮᠵᠢ ᠶᠢᠨ ᠰᠡᠳᠬᠢᠭᠳᠡᠯ ᠢ ᠳᠡᠭᠡᠭᠰᠢᠯᠡᠭᠦᠯᠦᠭᠰᠡᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠡ ᠨᠠᠰᠤᠲᠠᠶᠢᠴᠤᠳ ᠤᠨ ᠦᠢᠯᠡᠴᠢᠯᠡᠭᠡᠨ ᠤ ᠬᠡᠷᠡᠭᠴᠡᠭᠡ ᠶᠢ ᠦᠷᠭᠦᠯᠵᠢᠯᠡᠨ ᠠᠩᠬᠠᠷᠴᠤ᠂ ᠨᠠᠰᠤᠲᠠᠶᠢᠴᠤᠳ ᠤᠨ ᠡᠷᠡᠭᠦᠯ ᠮᠡᠨᠳᠦ ᠶᠢ ᠪᠠᠲᠤᠯᠠᠬᠤ ᠶᠢᠨ ᠲᠥᠯᠥᠭᠡ ᠲᠠᠰᠤᠷᠠᠯᠲᠠ ᠦᠭᠡᠢ ᠴᠢᠷᠮᠠᠶᠢᠨ᠎ᠠ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号