ᠰᠢᠯᠢ ᠶᠢᠨ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠰᠠᠷ᠎ᠠ ᠶᠢᠨ ᠬᠥᠳᠡᠯᠮᠦᠷᠢ ᠬᠦᠴᠦᠨ ᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/8/23
     ᠰᠢᠯᠢ ᠶᠢᠨ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠪ ᠨᠢ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠰᠢᠯᠢ ᠶᠢᠨ ᠭᠤᠣᠯ ᠤᠨ ᠪᠠᠶᠢᠴᠠᠭᠠᠯᠲᠠ ᠶᠢᠨ ᠠᠩᠭᠢ ᠲᠠᠢ ᠬᠠᠮᠲᠤᠷᠠᠨ ᠰᠢᠯᠢ ᠶᠢᠨ ᠬᠤᠲᠠ ᠶᠢᠨ ᠴᠠᠩ ᠱᠧᠩ ᠨᠡᠶᠢᠭᠡᠮ ᠲᠣᠭᠤᠷᠢᠭ ᠲᠤ ︽ᠤᠬᠠᠭᠤᠯᠭ᠎ᠠ ᠶᠢ ᠨᠡᠶᠢᠭᠡᠮ ᠲᠣᠭᠤᠷᠢᠭ ᠲᠤ ᠣᠷᠣᠭᠤᠯᠵᠤ᠂ ᠪᠠᠶᠢᠴᠠᠭᠠᠯᠲᠠ ᠶᠢ ᠠᠷᠠᠳ ᠤᠨ ᠰᠡᠳᠬᠢᠯ ᠳᠤ ᠬᠠᠳᠠᠩᠰᠢᠭᠤᠯᠬᠤ︾᠎ ᠪᠠᠷ ᠭᠤᠣᠯ ᠰᠡᠳᠦᠪ ᠪᠣᠯᠭᠠᠭᠰᠠᠨ ᠬᠥᠳᠡᠯᠮᠦᠷᠢ ᠬᠦᠴᠦᠨ ᠤ ᠤᠬᠠᠭᠤᠯᠭ᠎ᠠ ᠶᠢᠨ ᠠᠵᠢᠯᠯᠠᠭ᠎ᠠ ᠶᠢ ᠡᠷᠭᠢᠯᠡᠪᠡ᠃      2024 ᠣᠨ ᠤ 7 ᠰᠠᠷ᠎ᠠ ᠶᠢᠨ 31᠎ ᠤ ᠡᠳᠦᠷ ᠰᠢᠯᠢ ᠶᠢᠨ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠪ ᠴᠠᠩ ᠱᠧᠩ ᠨᠡᠶᠢᠭᠡᠮ ᠲᠣᠭᠤᠷᠢᠭ ᠤᠨ ᠠᠵᠢᠯᠯᠠᠭᠠᠨ ᠤ ᠲᠠᠰᠤᠭ ᠲᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠴᠥᠭᠡᠨ ᠪᠤᠰᠤ ᠰᠠᠭᠤᠭᠠᠯᠢ ᠠᠷᠠᠳ ᠤᠨ ᠠᠩᠬᠠᠷᠤᠯ ᠢ ᠲᠠᠲᠠᠵᠠᠢ᠃ ᠲᠤᠬᠠᠢ ᠶᠢᠨ ᠲᠠᠯᠠᠪᠠᠶ ᠶᠢᠨ ᠦᠵᠡᠭᠦᠯᠦᠯᠭᠡ ᠶᠢᠨ ᠰᠠᠮᠪᠠᠷ᠎ᠠ ᠳᠤ ᠬᠥᠳᠡᠯᠮᠦᠷᠢ ᠶᠢᠨ ᠬᠦᠴᠦᠨ ᠤ ᠪᠠᠶᠢᠴᠠᠭᠠᠯᠲᠠ ᠪᠠ ᠪᠦᠷᠢᠳᠬᠡᠯ ᠤᠨ ᠠᠷᠭ᠎ᠠ ᠶᠢᠨ ᠮᠡᠳᠡᠯᠭᠡ ᠵᠡᠷᠭᠡ ᠶᠢ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠬᠤ ᠶᠢᠨ ᠬᠠᠮᠲᠤ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠰᠢᠯᠢ ᠶᠢᠨ ᠭᠤᠣᠯ ᠤᠨ ᠪᠠᠶᠢᠴᠠᠭᠠᠯᠲᠠ ᠶᠢᠨ ᠠᠩᠭᠢ ᠶᠢᠨ ᠲᠤᠰᠬᠠᠢ ᠲᠥᠷᠥᠯ ᠤᠨ ᠪᠠᠶᠢᠴᠠᠭᠠᠯᠲᠠ ᠶᠢᠨ ᠰᠠᠯᠠᠭᠠᠨ ᠤ ᠳᠠᠷᠤᠭ᠎ᠠ ᠢᠦᠢ ᠹᠠᠩ᠂ ᠲᠤᠬᠠᠶᠢᠯᠠᠭᠰᠠᠨ ᠠᠵᠢᠯᠲᠠᠨ ᠯᠢ ᠬᠤᠤ ᠷᠠᠨ ᠰᠠᠭᠤᠭᠠᠯᠢ ᠠᠷᠠᠳ ᠲᠠᠢ ᠨᠢᠭᠡ ᠨᠢᠭᠡ ᠪᠠᠷ ᠶᠠᠷᠢᠯᠴᠠᠵᠤ᠂ ᠬᠥᠳᠡᠯᠮᠦᠷᠢ ᠶᠢᠨ ᠬᠦᠴᠦᠨ ᠤ ᠪᠠᠶᠢᠴᠠᠭᠠᠯᠲᠠ ᠶᠢᠨ ᠠᠵᠢᠯ ᠳᠤ ᠣᠷᠣᠯᠴᠠᠬᠤ ᠶᠢᠨ ᠴᠢᠬᠤᠯᠠ ᠠᠴᠢ ᠬᠤᠯᠪᠣᠭᠳᠠᠯ ᠢ ᠤᠬᠠᠭᠤᠯᠵᠤ᠂ ᠬᠠᠤᠯᠢ ᠶᠣᠰᠣᠭᠠᠷ ᠪᠠᠶᠢᠴᠠᠭᠠᠯᠲᠠ ᠬᠢᠬᠦ᠂ ᠪᠠᠶᠢᠴᠠᠭᠠᠭᠳᠠᠬᠤ ᠡᠲᠡᠭᠡᠳ ᠤᠨ ᠬᠤᠪᠢ ᠶᠢᠨ ᠨᠢᠭᠤᠴᠠ ᠶᠢ ᠬᠠᠤᠯᠢ ᠶᠣᠰᠣᠭᠠᠷ ᠬᠠᠮᠠᠭᠠᠯᠠᠬᠤ ᠲᠤᠬᠠᠢ ᠬᠠᠤᠯᠢ ᠴᠠᠭᠠᠵᠠ ᠶᠢᠨ ᠲᠣᠭᠲᠠᠭᠠᠯ ᠢ ᠬᠦᠯᠢᠴᠡᠩᠭᠦᠢ ᠪᠠᠷ ᠲᠠᠶᠢᠯᠪᠤᠷᠢᠯᠠᠵᠤ᠂ ᠰᠠᠭᠤᠭᠠᠯᠢ ᠠᠷᠠᠳ ᠤᠨ ᠰᠡᠳᠬᠢᠴᠡ ᠶᠢᠨ ᠡᠷᠡᠭᠡᠯᠵᠡᠭᠡ ᠶᠢ ᠠᠯᠳᠠᠷᠠᠭᠠᠵᠤ᠂ ᠡᠭᠦᠨ ᠤ ᠤᠯᠠᠮ ᠠᠴᠠ ᠢᠳᠡᠪᠬᠢᠲᠡᠢ ᠪᠠᠷ ᠬᠠᠮᠵᠢᠯᠴᠠᠬᠤ ᠡᠶ᠎ᠡ ᠨᠠᠶᠢᠷᠲᠠᠢ ᠠᠭᠤᠷ ᠠᠮᠢᠰᠬᠤᠯ ᠢ ᠪᠤᠢ ᠪᠤᠯᠭᠠᠵᠠᠢ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠶ᠂ ᠪᠠᠰᠠ ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠡᠯᠭᠦᠬᠦ ᠵᠢᠴᠢ ᠬᠠᠷᠢᠶ᠎ᠠ ᠣᠷᠣᠨ ᠤ ᠰᠠᠭᠤᠭᠠᠯᠢ ᠠᠷᠠᠳ ᠲᠤ ᠬᠥᠳᠡᠯᠮᠦᠷᠢ ᠶᠢᠨ ᠬᠦᠴᠦᠨ ᠤ ᠪᠠᠶᠢᠴᠠᠭᠠᠯᠲᠠ ᠶᠢᠨ ᠬᠠᠮᠢᠶ᠎ᠠ ᠪᠦᠬᠦᠢ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠬᠠᠷᠢᠶᠠᠲᠤ ᠣᠷᠣᠨ ᠤ ᠰᠠᠭᠤᠭᠠᠯᠢ ᠠᠷᠠᠳ ᠲᠤ ᠬᠥᠳᠡᠯᠮᠦᠷᠢ ᠶᠢᠨ ᠬᠦᠴᠦᠨ ᠤ ᠪᠠᠶᠢᠴᠠᠭᠠᠯᠲᠠ ᠶᠢᠨ ᠲᠠᠯ᠎ᠠ ᠶᠢᠨ ᠬᠤᠯᠪᠣᠭᠳᠠᠯ ᠪᠦᠬᠦᠢ ᠠᠰᠠᠭᠤᠳᠠᠯ ᠢ ᠬᠠᠷᠢᠭᠤᠯᠵᠤ᠂ ᠲᠤᠭ᠎ᠠ ᠪᠦᠷᠢᠳᠬᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠤᠨ ᠶᠡᠷᠦ ᠶᠢᠨ ᠮᠡᠳᠡᠯᠭᠡ᠂ ᠬᠥᠳᠡᠯᠮᠦᠷᠢ ᠶᠢᠨ ᠬᠦᠴᠦᠨ ᠤ ᠪᠠᠶᠢᠴᠠᠭᠠᠯᠲᠠ ᠶᠢᠨ ᠠᠴᠢ ᠬᠤᠯᠪᠣᠭᠳᠠᠯ ᠪᠠ ᠴᠢᠬᠤᠯᠠ ᠴᠢᠨᠠᠷ ᠢ ᠥᠷᠭᠡᠨ ᠢᠶᠠᠷ ᠲᠦᠭᠡᠮᠡᠯᠵᠢᠭᠦᠯᠵᠦ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠬᠥᠳᠡᠯᠮᠦᠷᠢ ᠶᠢᠨ ᠬᠦᠴᠦᠨ ᠤ ᠪᠠᠶᠢᠴᠠᠭᠠᠯᠲᠠ ᠶᠢᠨ ᠠᠵᠢᠯ ᠢ ᠣᠶᠢᠯᠠᠭᠠᠬᠤ ᠨᠣᠷᠮ᠎ᠠ ᠪᠠ ᠣᠷᠣᠯᠴᠠᠬᠤ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃      ᠲᠣᠰ ᠤᠳᠠᠭᠠᠨ ᠤ ᠬᠥᠳᠡᠯᠮᠦᠷᠢ ᠶᠢᠨ ᠬᠦᠴᠦᠨ ᠤ ᠪᠠᠶᠢᠴᠠᠭᠠᠯᠲᠠ ᠶᠢᠨ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠬᠠᠷᠢᠶᠠᠲᠤ ᠣᠷᠣᠨ ᠤ ᠰᠠᠭᠤᠭᠠᠯᠢ ᠠᠷᠠᠳ ᠲᠤ ᠬᠥᠳᠡᠯᠮᠦᠷᠢ ᠶᠢᠨ ᠬᠦᠴᠦᠨ ᠤ ᠪᠠᠶᠢᠴᠠᠭᠠᠯᠲᠠ ᠶᠢᠨ ᠠᠭᠤᠯᠭ᠎ᠠ᠂ ᠶᠠᠭᠤᠨ ᠤ ᠤᠴᠢᠷ ᠠᠴᠠ ᠬᠥᠳᠡᠯᠮᠦᠷᠢ ᠶᠢᠨ ᠬᠦᠴᠦᠨ ᠤ ᠪᠠᠶᠢᠴᠠᠭᠠᠯᠲᠠ ᠬᠢᠬᠦ ᠵᠢᠴᠢ ᠬᠥᠳᠡᠯᠮᠦᠷᠢ ᠶᠢᠨ ᠬᠦᠴᠦᠨ ᠤ ᠪᠠᠶᠢᠴᠠᠭᠠᠯᠲᠠ ᠶᠢᠨ ᠴᠠᠭ᠂ ᠶᠠᠪᠤᠴᠠ ᠪᠠ ᠠᠷᠭ᠎ᠠ ᠮᠠᠶ᠋ᠢᠭ ᠵᠡᠷᠭᠡ ᠶᠢ ᠤᠯᠠᠮ ᠨᠢᠭᠡ ᠠᠯᠬᠤᠮ ᠣᠶᠢᠯᠠᠭᠠᠭᠤᠯᠪᠠ᠃ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠪᠠᠰᠠ ᠬᠠᠷᠢᠭᠤ ᠰᠤᠷᠪᠤᠯᠵᠢᠯᠠᠨ᠎ᠠ  ︕ ᠤᠲᠠᠰᠤ ᠲᠣᠰᠬᠤ ᠶᠢ ᠠᠩᠬᠠᠷᠬᠤ ᠪᠣᠯᠪᠠᠣ︕      ᠬᠠᠷᠢᠭᠤ ᠰᠤᠷᠪᠤᠯᠵᠢᠯᠠᠬᠤ ᠤᠲᠠᠰᠤ᠄      ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ᠄ 010 ︱ 12340      ᠥᠪᠥᠷ ᠮᠣᠩᠭᠤᠯ ᠤᠨ ᠪᠠᠶᠢᠴᠠᠭᠠᠯᠲᠠ ᠶᠢᠨ ᠶᠡᠷᠦᠩᠬᠡᠢ ᠠᠩᠭᠢ᠄ 0471 ︱ 4962107      ᠰᠢᠯᠢ ᠶᠢᠨ ᠭᠤᠣᠯ ᠠᠶᠢᠮᠠᠭ ᠤᠨ ᠪᠠᠶᠢᠴᠠᠭᠠᠯᠲᠠ ᠶᠢᠨ ᠠᠩᠭᠢ᠄ 0479 ︱ 8285638      ᠰᠢᠯᠢ ᠶᠢᠨ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠪᠠᠶᠢᠴᠠᠭᠠᠯᠲᠠ ᠶᠢᠨ ᠲᠥᠪ᠄ 0479 ︱ 8240970  
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号