ᠡᠷᠢᠶᠡᠨ ᠬᠤᠲᠠ ᠶᠢᠨ ᠵᠠᠰᠠᠮᠠᠯ ᠵᠠᠮ ᠤᠨ ᠪᠣᠭᠤᠮᠲᠠ ᠨᠢᠳᠤᠨᠤᠨ ᠵᠢᠯ ᠤᠨ ᠪᠥᠬᠦ ᠵᠢᠯ ᠤᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢ 146 ᠡᠳᠦᠷ ᠤᠨ ᠡᠮᠦᠨ᠎ᠡ ᠪᠡᠶᠡᠯᠡᠭᠦᠯᠪᠡ
ᠨᠡᠶᠢᠲᠡᠯᠡᠭᠰᠡᠨ ᠴᠠᠭ᠄
2024/8/23
    ᠡᠷᠢᠶᠡᠨ ᠬᠤᠲᠠ ᠶᠢᠨ ᠵᠠᠰᠠᠮᠠᠯ ᠵᠠᠮ ᠤᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 222.5 ᠲᠦᠮᠡᠨ ᠲᠣᠨ ᠳᠤ ᠬᠦᠷᠴᠦ᠂ ᠨᠢᠳᠤᠨᠤᠨ ᠤ ᠪᠥᠬᠦ ᠵᠢᠯ ᠤᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢ 146 ᠡᠳᠦᠷ ᠤᠨ ᠡᠮᠦᠨ᠎ᠡ ᠪᠡᠶᠡᠯᠡᠭᠦᠯᠪᠡ᠃      ᠡᠨᠡ ᠵᠢᠯ ᠠᠴᠠ ᠨᠠᠭᠠᠰᠢ᠂ ᠡᠷᠢᠶᠡᠨ ᠬᠤᠲᠠ ᠪᠣᠭᠤᠮᠲᠠ ᠶᠢᠨ ᠬᠠᠮᠲᠤᠷᠠᠨ ᠪᠠᠶᠢᠴᠠᠭᠠᠬᠤ ᠨᠢᠭᠡᠴᠢ ᠲᠠᠢ ᠢᠳᠡᠪᠬᠢᠲᠡᠢ ᠬᠠᠷᠢᠯᠴᠠᠵᠤ᠂ ᠪᠣᠭᠤᠮᠲᠠ ᠪᠠᠷ ᠥᠩᠭᠡᠷᠡᠬᠦ ᠶᠢ ᠵᠣᠬᠢᠴᠠᠭᠤᠯᠤᠨ ᠬᠥᠳᠡᠯᠦᠯᠴᠡᠬᠦ ᠲᠣᠭᠲᠠᠴᠠ ᠶᠢ ᠰᠠᠶᠢᠲᠤᠷ ᠠᠰᠢᠭᠯᠠᠨ᠂ ᠪᠣᠭᠤᠮᠲᠠ ᠪᠠᠷ ᠥᠩᠭᠡᠷᠡᠬᠦ ᠴᠠᠭ ᠢ ᠪᠣᠭᠤᠨᠢᠰᠬᠠᠵᠤ᠂ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ 8 ᠰᠠᠭᠤᠳᠠᠯ ᠠᠴᠠ ᠳᠣᠷᠣᠭᠰᠢᠬᠢ ᠪᠠᠭ᠎ᠠ ᠬᠡᠯᠪᠡᠷᠢ ᠶᠢᠨ ᠮᠠᠰᠢᠨ ᠲᠡᠷᠭᠡ ᠪᠣᠭᠤᠮᠲᠠ ᠪᠠᠷ ᠥᠩᠭᠡᠷᠡᠬᠦ᠂ ᠪᠠᠷᠠᠭᠠᠨ ᠤ ᠲᠡᠭᠡᠭᠡᠪᠦᠷᠢ 24 ᠴᠠᠭ ᠢᠶᠠᠷ ᠵᠠᠰᠠᠮᠠᠯ ᠵᠠᠮ ᠤᠨ ᠪᠣᠭᠤᠮᠲᠠ ᠪᠠᠷ ᠥᠩᠭᠡᠷᠡᠬᠦ ᠲᠣᠭᠲᠠᠴᠠ ᠶᠢ ᠬᠡᠷᠡᠭᠵᠢᠭᠦᠯᠦᠭᠰᠡᠨ ᠠᠴᠠ ᠨᠠᠭᠠᠰᠢ᠂ ᠡᠷᠢᠶᠡᠨ ᠪᠣᠭᠤᠮᠲᠠ ᠪᠠᠷ ᠡᠳᠦᠷ ᠲᠤ ᠪᠠᠷᠤᠭ 1 ᠲᠦᠮᠡᠨ ᠬᠥᠮᠥᠨ ᠤᠳᠠᠭ᠎ᠠ ᠥᠩᠭᠡᠷᠡᠵᠦ᠂ ᠲᠡᠷᠡ ᠨᠢ ᠮᠥᠨ ᠴᠤ ᠪᠠᠷᠠᠭᠠᠨ ᠤ ᠤᠷᠤᠰᠬᠠᠯ ᠤᠨ ᠬᠥᠭᠵᠢᠯᠲᠡ ᠶᠢ ᠳᠠᠶᠢᠴᠢᠯᠠᠭᠰᠠᠨ ᠪᠠᠶᠢᠨ᠎ᠠ᠃ ᠡᠷᠢᠶᠡᠨ ᠬᠤᠲᠠ ᠨᠢ ᠲᠡᠮᠦᠷ ᠵᠠᠮ ᠤᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢ ᠲᠣᠭᠲᠠᠭᠤᠨ ᠢᠶᠠᠷ ᠨᠡᠮᠡᠭᠳᠡᠭᠦᠯᠬᠦ ᠶᠢᠨ ᠬᠠᠮᠲᠤ ᠵᠠᠰᠠᠮᠠᠯ ᠵᠠᠮ ᠤᠨ ᠪᠣᠭᠤᠮᠲᠠ ᠪᠠᠷ ᠥᠩᠭᠡᠷᠡᠬᠦ ᠳᠠᠯᠳᠠ ᠬᠦᠴᠦᠨ ᠢ ᠭᠦᠨᠵᠡᠭᠡᠢ ᠠᠭᠤᠳᠠᠯᠵᠠᠢ᠃      ᠡᠷᠢᠶᠡᠨ ᠪᠣᠭᠤᠮᠲᠠ ᠶᠢᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡᠨ ᠤ ᠵᠢᠵᠢᠭᠦᠷᠯᠡᠬᠦ ᠲᠠᠪᠤᠳᠤᠭᠠᠷ ᠠᠩᠭᠢ ᠶᠢᠨ ᠳᠡᠳ᠋ ᠳᠠᠷᠤᠭ᠎ᠠ ᠬᠤᠤ ᠮᠢᠩ ᠰᠢᠩ᠄  ︽ᠪᠢᠳᠡ ᠬᠢᠯᠢ ᠠᠯᠤᠰᠯᠠᠭᠰᠠᠨ ᠪᠠᠷᠠᠭᠠᠨ ᠤ ᠲᠡᠭᠡᠭᠡᠪᠦᠷᠢ ᠶᠢᠨ ︿ᠳᠠᠩᠰᠠᠯᠠᠭᠤᠯᠤᠨ ᠤᠷᠢᠳᠴᠢᠯᠠᠨ ᠪᠣᠯᠵᠣᠬᠤ + ᠢᠲᠡᠭᠡᠮᠵᠢ ᠪᠠᠷ ᠪᠣᠭᠤᠮᠲᠠ ᠥᠩᠭᠡᠷᠡᠬᠦ﹀ ᠲᠣᠭᠲᠠᠴᠠ ᠵᠡᠷᠭᠡ ᠪᠣᠭᠤᠮᠲᠠ ᠥᠩᠭᠡᠷᠡᠬᠦ ᠶᠢ ᠳᠥᠭᠦᠮᠴᠢᠯᠡᠬᠦ 7 ᠵᠦᠢᠯ ᠤᠨ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠂ ᠨᠡᠭᠦᠳᠡᠯ ᠠᠷᠠᠳ ᠤᠨ ᠬᠠᠮᠢᠶᠠᠷᠤᠯᠲᠠ ᠶᠢᠨ ᠬᠦᠷᠢᠶᠡᠨ ᠤ ︿ᠲᠠᠯᠪᠢᠬᠤ ᠬᠠᠮᠢᠶᠠᠷᠬᠤ ᠦᠢᠯᠡᠴᠢᠯᠡᠬᠦ﹀ ᠥᠭᠡᠷᠡᠴᠢᠯᠡᠯᠲᠡ ᠶᠢ ᠭᠦᠨᠵᠡᠭᠡᠶᠢᠷᠡᠭᠦᠯᠪᠡ᠃ ᠣᠳᠣᠬᠠᠨ ᠳᠤ ᠵᠠᠰᠠᠮᠠᠯ ᠵᠠᠮ ᠤᠨ ᠪᠣᠭᠤᠮᠲᠠ ᠳᠤ ᠡᠳᠦᠷ ᠪᠦᠷᠢ 1000 ᠭᠠᠷᠤᠢ ᠲᠡᠷᠭᠡ ᠶᠢ ᠰᠢᠯᠭᠠᠨ ᠪᠠᠶᠢᠴᠠᠭᠠᠵᠤ᠂ ᠨᠢᠭᠡ ᠡᠳᠦᠷ ᠲᠤ ᠬᠠᠮᠤᠭ ᠠᠷᠪᠢᠨ ᠳᠠᠭᠠᠨ 1306 ᠲᠡᠷᠭᠡ ᠶᠢ ᠰᠢᠯᠭᠠᠨ ᠪᠠᠶᠢᠴᠠᠭᠠᠵᠤ᠂ ᠪᠠᠷᠠᠭᠠᠨ ᠤ ᠲᠦᠷᠦᠯ ᠨᠢ ᠠᠭᠤᠷᠬᠠᠢ ᠶᠢᠨ ᠭᠠᠷᠤᠯᠲᠠ᠂ ᠵᠢᠮᠢᠰ ᠨᠣᠭᠤᠭ᠎ᠠ᠂ ᠪᠠᠷᠢᠯᠭ᠎ᠠ ᠶᠢᠨ ᠮᠠᠲ᠋ᠧᠷᠢᠶᠠᠯ ᠵᠡᠷᠭᠡ ᠪᠠᠷ ᠭᠤᠣᠯ ᠪᠣᠯᠭᠠᠵᠤ ᠪᠠᠶᠢᠨ᠎ᠠ︾ ᠭᠡᠵᠡᠢ᠃     ᠡᠷᠢᠶᠡᠨ ᠬᠤᠲᠠ ᠶᠢᠨ ᠵᠠᠰᠠᠮᠠᠯ ᠵᠠᠮ ᠤᠨ ᠪᠣᠭᠤᠮᠲᠠ ᠨᠢ ᠪᠣᠭᠤᠮᠲᠠ ᠪᠠᠷ ᠥᠩᠭᠡᠷᠡᠬᠦ ᠶᠠᠪᠤᠴᠠ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠪᠠᠷᠠᠭᠠᠨ ᠤ ᠲᠡᠷᠭᠡ ᠪᠣᠭᠤᠮᠲᠠ ᠪᠠᠷ ᠰᠠᠭᠠᠳ ᠦᠭᠡᠢ ᠥᠩᠭᠡᠷᠡᠬᠦ ᠶᠢ ᠪᠠᠲᠤᠯᠠᠪᠠ᠃ ᠣᠲᠣ ᠪᠣᠯᠲᠠᠯ᠎ᠠ᠂ ᠵᠠᠰᠠᠮᠠᠯ ᠵᠠᠮ ᠤᠨ ᠪᠣᠭᠤᠮᠲᠠ ᠪᠠᠷ ᠭᠠᠳᠠᠭᠠᠳᠤ ᠠᠴᠠ ᠣᠷᠣᠭᠤᠯᠤᠭᠰᠠᠨ ᠲᠡᠮᠦᠷ ᠤᠨ ᠨᠠᠷᠢᠯᠢᠭ ᠨᠤᠨᠳᠠᠭ᠂ ᠨᠡᠭᠦᠷᠡᠰᠦ᠂ ᠬᠠᠶᠢᠯᠤᠭᠤᠷ ᠵᠤᠩᠰᠢ ᠵᠡᠷᠭᠡ ᠠᠭᠤᠷᠬᠠᠢ ᠶᠢᠨ ᠭᠠᠷᠤᠯᠲᠠ ᠨᠢ ᠨᠢᠭᠡᠨᠲᠡ 55 ᠲᠦᠮᠡᠨ ᠲᠣᠨ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 7 ᠳᠠᠬᠢᠨ ᠨᠡᠮᠡᠭᠳᠡᠵᠡᠢ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号