ᠰᠢᠯᠢ ᠶᠢᠨ ᠬᠤᠲᠠ ᠶᠢᠨ ᠨᠢᠰᠬᠡᠯ ᠤᠨ ᠲᠠᠯᠠᠪᠠᠢ ᠶᠢᠨ ᠲᠡᠷᠭᠡᠨ ᠵᠣᠭᠰᠣᠭᠠᠯ ᠤᠨ ᠰᠦᠢᠳᠬᠡᠯ ᠬᠤᠷᠢᠶᠠᠬᠤ ᠪᠠᠷᠢᠮᠵᠢᠶ᠎ᠠ
ᠨᠡᠶᠢᠲᠡᠯᠡᠭᠰᠡᠨ ᠴᠠᠭ᠄
2024/8/23
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠠᠭᠠᠷ ᠤᠨ ᠨᠢᠰᠬᠡᠯ ᠤᠨ ᠲᠠᠯᠠᠪᠠᠢ ᠶᠢᠨ  ᠰᠢᠯᠢ ᠶᠢᠨ  ᠬᠤᠲᠠ   ᠶᠢᠨ  ᠬᠤᠪᠢᠶᠠᠷᠢ ᠺᠣᠮᠫᠠᠨᠢ ᠶᠢᠨ ᠲᠡᠷᠭᠡᠨ ᠵᠣᠭᠰᠣᠭᠠᠯ ᠤᠨ  ᠰᠦᠢᠳᠬᠡᠯ ᠬᠤᠷᠢᠶᠠᠬᠤ ᠲᠤᠬᠠᠢ ᠮᠡᠳᠡᠭᠳᠡᠯ      ᠨᠢᠰᠬᠡᠯ ᠢᠶᠠᠷ ᠭᠠᠳᠠᠭᠰᠢ ᠭᠠᠷᠬᠤ ᠠᠶᠠᠨᠴᠢᠳ ᠲᠤ ᠮᠡᠨᠳᠦᠴᠢᠯᠡᠯ ᠬᠦᠷᠭᠡᠶ᠎ᠡ᠄      ᠰᠢᠯᠢ ᠶᠢᠨ ᠬᠤᠲᠠ ᠶᠢᠨ ᠨᠢᠰᠬᠡᠯ ᠤᠨ ᠲᠠᠯᠠᠪᠠᠢ ᠶᠢᠨ ᠲᠡᠷᠭᠡᠨ ᠵᠣᠭᠰᠣᠭᠠᠯ ᠢ ᠥᠭᠡᠷᠡᠴᠢᠯᠡᠭᠰᠡᠨ ᠤ ᠳᠠᠷᠠᠭ᠎ᠠ᠂ ᠰᠢᠯᠢ ᠶᠢᠨ ᠬᠤᠲᠠ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠡᠳ᠂ ᠰᠦᠢᠳᠬᠡᠯ ᠬᠤᠷᠢᠶᠠᠬᠤ ᠨᠥᠬᠦᠴᠡᠯ ᠢ ᠨᠢᠭᠡᠨᠲᠡ ᠪᠦᠷᠢᠯᠳᠦᠭᠦᠯᠦᠭᠰᠡᠨ ᠪᠣᠯᠬᠤᠷ 2024 ᠣᠨ ᠤ 7 ᠰᠠᠷ᠎ᠠ ᠶᠢᠨ 13 ᠤ ᠡᠳᠦᠷ ᠠᠴᠠ ᠡᠬᠢᠯᠡᠵᠦ ᠰᠦᠢᠳᠬᠡᠯ ᠬᠤᠷᠢᠶᠠᠬᠤ ᠪᠠᠷ ᠲᠥᠯᠥᠪᠯᠡᠵᠦ ᠪᠣᠶ᠃       ᠡᠭᠦᠨ ᠤ ᠬᠠᠮᠲᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 34 ᠳ᠋ᠦ᠋ᠭᠡᠷ ᠬᠤᠭᠤᠴᠠᠭᠠᠨ ᠤ ᠲᠠᠯ᠎ᠠ ᠨᠤᠲᠤᠭ ᠤᠨ ᠨᠠᠭᠠᠳᠤᠮ ᠤᠨ ᠬᠤᠷᠠᠯ  ᠰᠢᠯᠢ ᠶᠢᠨ ᠬᠤᠲᠠ ᠳᠤ ᠤᠷᠤᠭᠰᠢᠲᠠᠢ ᠬᠤᠷᠠᠯᠳᠤᠭᠰᠠᠨ ᠢ ᠪᠡᠯᠭᠡᠯᠡᠬᠦ ᠶᠢᠨ ᠲᠥᠯᠥᠭᠡ᠂ ᠰᠢᠯᠢ ᠶᠢᠨ ᠬᠤᠲᠠ ᠶᠢᠨ ᠨᠢᠰᠬᠡᠯ ᠤᠨ ᠲᠠᠯᠠᠪᠠᠢ 7 ᠳ᠋ᠤᠭᠠᠷ ᠰᠠᠷ᠎ᠠ ᠶᠢᠨ 13 ᠤ ᠡᠳᠦᠷ ᠠᠴᠠ 15 ᠤ ᠡᠳᠦᠷ ᠪᠣᠯᠲᠠᠯ᠎ᠠ ᠲᠡᠷᠭᠡ ᠵᠣᠭᠰᠣᠬᠤ ᠰᠦᠢᠳᠬᠡᠯ ᠬᠤᠷᠢᠶᠠᠬᠤ ᠦᠭᠡᠢ ᠪᠠᠶᠢᠵᠤ᠂ 2024 ᠣᠨ ᠤ 7 ᠳ᠋ᠤᠭᠠᠷ ᠰᠠᠷ᠎ᠠ ᠶᠢᠨ 16 ᠤ ᠡᠳᠦᠷ ᠠᠴᠠ ᠵᠢᠩᠬᠢᠨᠢ ᠪᠠᠷ ᠰᠦᠢᠳᠬᠡᠯ ᠬᠤᠷᠢᠶᠠᠨ᠎ᠠ᠂ ᠥᠷᠭᠡᠨ ᠣᠯᠠᠨ ᠲᠡᠷᠭᠡᠴᠢᠨ ᠰᠢᠯᠢ ᠶᠢᠨ ᠬᠤᠲᠠ ᠶᠢᠨ ᠨᠢᠰᠬᠡᠯ ᠤᠨ ᠲᠠᠯᠠᠪᠠᠢ ᠶᠢᠨ ᠲᠡᠷᠭᠡᠨ ᠵᠣᠭᠰᠣᠭᠠᠯ ᠳᠤ ᠣᠷᠳᠣ ᠬᠤᠭᠤᠴᠠᠭ᠎ᠠ ᠪᠠᠷ ᠲᠡᠷᠭᠡ ᠪᠠᠨ ᠲᠠᠯᠪᠢᠭᠰᠠᠨ ᠪᠠᠶᠢᠪᠠᠯ ᠴᠠᠭ ᠲᠣᠬᠠᠢ ᠳᠤᠨᠢ ᠰᠢᠯᠵᠢᠭᠦᠯᠬᠦ ᠪᠣᠯᠪᠠᠣ᠂ ᠬᠡᠷᠪᠡ ᠰᠢᠯᠵᠢᠭᠦᠯᠬᠦ ᠦᠭᠡᠢ ᠪᠣᠯ ᠨᠢᠰᠬᠡᠯ ᠤᠨ ᠲᠠᠯᠠᠪᠠᠢ  ᠪᠠᠷᠢᠮᠵᠢᠶ᠎ᠠ ᠶᠣᠰᠣᠭᠠᠷ ᠰᠦᠢᠳᠬᠡᠯ ᠬᠤᠷᠢᠶᠠᠨ᠎ᠠ᠃ ᠡᠳᠦᠭᠡ ᠰᠦᠢᠳᠬᠡᠯ ᠬᠤᠷᠢᠶᠠᠬᠤ ᠪᠠᠷᠢᠮᠵᠢᠶ᠎ᠠ ᠶᠢ ᠳᠣᠣᠷᠠᠬᠢ ᠮᠡᠲᠦ ᠵᠠᠷᠯᠠᠶ᠎ᠠ᠄       ᠰᠦᠢᠳᠬᠡᠯ ᠬᠤᠷᠢᠶᠠᠬᠤ ᠪᠠᠷᠢᠮᠵᠢᠶ᠎ᠠ      ᠵᠢᠵᠢᠭ  ᠬᠡᠯᠪᠡᠷᠢ ᠶᠢᠨ ᠲᠡᠷᠭᠡ ︵7 ᠰᠠᠭᠤᠳᠠᠯ   ᠠᠴᠠ ᠳᠣᠷᠣᠭᠰᠢ 7 ᠰᠠᠭᠤᠳᠠᠯ ᠲᠠᠢ ᠠᠶᠠᠨᠴᠢᠳ ᠤᠨ ᠲᠡᠷᠭᠡ ᠪᠠᠭᠲᠠᠨ᠎ᠠ︶᠄  1 ᠴᠠᠭ ᠤᠨ ᠳᠣᠲᠣᠷ᠎ᠠ ︵1 ᠴᠠᠭ ᠢ ᠪᠠᠭᠲᠠᠭᠠᠨ᠎ᠠ︶ 2 ᠲᠥᠭᠦᠷᠢᠭ\ ᠮᠠᠰᠢᠨ ᠲᠡᠷᠭᠡ᠂ ᠤᠳᠠᠭ᠎ᠠ  ︔1 ︱ 5 ᠴᠠᠭ ︵5 ᠴᠠᠭ ᠪᠠᠭᠲᠠᠨ᠎ᠠ︶ 5 ᠲᠥᠭᠦᠷᠢᠭ\ ᠮᠠᠰᠢᠨ ᠲᠡᠷᠭᠡ᠂ ᠤᠳᠠᠭ᠎ᠠ︔ 5 ᠴᠠᠭ ᠤᠨ ᠳᠠᠷᠠᠭ᠎ᠠ ᠲᠡᠪᠰᠢᠭᠦᠯᠦᠨ ᠨᠡᠮᠡᠵᠦ ᠰᠦᠢᠳᠬᠡᠯ ᠬᠤᠷᠢᠶᠠᠬᠤ ᠶᠢ ᠬᠡᠷᠡᠭᠵᠢᠭᠦᠯᠵᠦ᠂ ᠴᠠᠭ ᠪᠦᠷᠢ ᠳᠤ 1 ᠲᠥᠭᠦᠷᠢᠭ ᠢᠶᠠᠷ  ᠨᠡᠮᠡᠨ᠎ᠡ᠂ ᠡᠬᠢᠨ ᠤ ᠡᠳᠦᠷ ︵24 ᠴᠠᠭ︶ ᠲᠤ ᠬᠠᠮᠤᠭ ᠤᠨ ᠥᠨᠳᠥᠷ  ᠬᠤᠷᠢᠨ ᠲᠥᠭᠦᠷᠢᠭ᠃      ᠳᠤᠮᠳᠠ ᠬᠡᠯᠪᠡᠷᠢ ᠶᠢᠨ ᠲᠡᠷᠭᠡ ︵7 ᠰᠠᠭᠤᠳᠠᠯ   ᠠᠴᠠ ᠳᠡᠭᠡᠭᠰᠢ 19 ᠰᠠᠭᠤᠳᠠᠯ ᠤᠨ ᠳᠣᠲᠣᠷᠠᠬᠢ ᠠᠶᠠᠨᠴᠢᠳ ᠤᠨ ᠲᠡᠷᠭᠡ᠂ 4 ᠲᠣᠨ ᠤ ᠳᠣᠲᠣᠷᠠᠬᠢ ᠪᠠᠷᠠᠭᠠᠨ ᠤ ᠲᠡᠷᠭᠡ︶᠄ 5 ᠴᠠᠭ ᠤᠨ ᠳᠣᠲᠣᠷ᠎ᠠ ︵5 ᠴᠠᠭ ᠪᠠᠭᠲᠠᠨ᠎ᠠ︶ 5 ᠲᠥᠭᠦᠷᠢᠭ\ ᠲᠡᠷᠭᠡ᠂ ᠤᠳᠠᠭ᠎ᠠ︔ 5 —10 ᠴᠠᠭ  ︵10 ᠴᠠᠭ ᠪᠠᠭᠲᠠᠨ᠎ᠠ︶ 10 ᠲᠥᠭᠦᠷᠢᠭ\ ᠮᠠᠰᠢᠨ ᠲᠡᠷᠭᠡ · ᠤᠳᠠᠭ᠎ᠠ︔ 10-24 ᠴᠠᠭ ︵24 ᠴᠠᠭ ᠢ ᠪᠠᠭᠲᠠᠭᠠᠨ᠎ᠠ︶25 ᠲᠥᠭᠦᠷᠢᠭ\ ᠮᠠᠰᠢᠨ ᠲᠡᠷᠭᠡ · ᠤᠳᠠᠭ᠎ᠠ᠃      ᠲᠣᠮᠣ ᠬᠡᠯᠪᠡᠷᠢ ᠶᠢᠨ ᠲᠡᠷᠭᠡ ︵19 ᠰᠠᠭᠤᠳᠠᠯ   ᠠᠴᠠ ᠳᠡᠭᠡᠭᠰᠢᠬᠢ ᠠᠶᠠᠨᠴᠢᠳ ᠤᠨ ᠲᠡᠷᠭᠡ᠂ 4 ᠲᠣᠨ  ᠠᠴᠠ ᠳᠡᠭᠡᠭᠰᠢᠬᠢ ᠪᠠᠷᠠᠭᠠᠨ ᠤ ᠲᠡᠷᠭᠡ︶᠄ 5 ᠴᠠᠭ ᠤᠨ ᠳᠣᠲᠣᠷ᠎ᠠ ︵5 ᠴᠠᠭ ᠪᠠᠭᠲᠠᠨ᠎ᠠ︶ 5 ᠲᠥᠭᠦᠷᠢᠭ\ ᠲᠡᠷᠭᠡ᠂ ᠤᠳᠠᠭ᠎ᠠ︔ 5-10 ᠴᠠᠭ  ︵10  ᠴᠠᠭ ᠢ ᠪᠠᠭᠲᠠᠭᠠᠨ᠎ᠠ︶ 12 ᠲᠥᠭᠦᠷᠢᠭ\ ᠮᠠᠰᠢᠨ ᠲᠡᠷᠭᠡ · ᠤᠳᠠᠭ᠎ᠠ︔ 10 ︱ 24 ᠴᠠᠭ ︵24 ᠴᠠᠭ   ᠢ ᠪᠠᠭᠲᠠᠨ᠎ᠠ︶ 30 ᠲᠥᠭᠦᠷᠢᠭ\ ᠮᠠᠰᠢᠨ ᠲᠡᠷᠭᠡ · ᠤᠳᠠᠭ᠎ᠠ᠃      ᠳᠡᠭᠡᠷᠡᠬᠢ ᠭᠤᠷᠪᠠᠨ ᠵᠦᠢᠯ ᠤᠨ ᠲᠡᠷᠭᠡ  ᠲᠡᠷᠭᠡᠨ ᠵᠣᠭᠰᠣᠭᠠᠯ ᠳᠤ 24 ᠴᠠᠭ ᠠᠴᠠ ᠬᠡᠳᠦᠷᠡᠵᠦ ᠵᠣᠭᠰᠣᠭᠰᠠᠨ ᠪᠠᠶᠢᠪᠠᠯ  ᠂ ᠡᠳᠦᠷ ᠢᠶᠠᠷ ᠪᠤᠳᠤᠵᠤ ᠪᠠᠭ᠎ᠠ ᠬᠡᠯᠪᠡᠷᠢ ᠶᠢᠨ ᠲᠡᠷᠭᠡ ᠶᠢᠨ ᠰᠦᠢᠳᠬᠡᠯ 15 ᠲᠥᠭᠦᠷᠢᠭ\ ᠡᠳᠦᠷ᠂ ᠳᠤᠮᠳᠠ ᠬᠡᠯᠪᠡᠷᠢ ᠶᠢᠨ ᠲᠡᠷᠭᠡ ᠶᠢᠨ ᠰᠦᠢᠳᠬᠡᠯ 20 ᠲᠥᠭᠦᠷᠢᠭ\ ᠡᠳᠦᠷ᠂ ᠲᠣᠮᠣ ᠬᠡᠯᠪᠡᠷᠢ ᠶᠢᠨ ᠲᠡᠷᠭᠡ ᠶᠢᠨ ᠰᠦᠢᠳᠬᠡᠯ 25 ᠲᠥᠭᠦᠷᠢᠭ\ ᠡᠳᠦᠷ ᠬᠤᠷᠢᠶᠠᠨ᠎ᠠ᠃ ᠲᠦᠷ ᠴᠠᠭ ᠵᠣᠭᠰᠣᠭᠠᠭᠰᠠᠨ ᠪᠥᠭᠡᠳ ᠲᠡᠷᠭᠡ ᠵᠣᠭᠰᠣᠭᠠᠭᠠᠳ 30 ᠮᠢᠨᠦ᠋ᠲ ᠬᠦᠷᠬᠦ ᠦᠭᠡᠢ ᠲᠡᠷᠭᠡ ᠠᠴᠠ ᠰᠦᠢᠳᠬᠡᠯ ᠬᠤᠷᠢᠶᠠᠬᠤ ᠦᠭᠡᠢ᠃      ᠨᠢᠰᠬᠡᠯ ᠤᠨ ᠪᠠᠭᠤᠳᠠᠯ ᠤᠨ ᠲᠡᠷᠭᠡᠨ ᠵᠣᠭᠰᠣᠭᠠᠯ ᠤᠨ ᠰᠦᠢᠳᠬᠡᠯ ᠬᠤᠷᠢᠶᠠᠬᠤ  ᠬᠠᠮᠢᠶᠠᠷᠣᠯᠲᠠ   ᠶᠢ  ᠲᠣᠣᠷᠠᠬᠢ ᠮᠡᠳᠦ ᠵᠠᠷᠯᠠᠶ᠎ᠠ᠄      ᠵᠠᠰᠠᠭ ᠤᠨ ᠣᠷᠳᠣᠨ ᠠᠴᠠ ᠦᠨ᠎ᠡ ᠲᠣᠭᠲᠠᠭᠠᠬᠤ᠂ ᠵᠠᠰᠠᠭ ᠤᠨ ᠣᠷᠳᠣᠨ ᠤ  ᠵᠢᠯᠣᠭᠤᠳᠣᠯᠭ᠎ᠠ ᠶᠢ ᠬᠦᠯᠢᠶᠡᠨ ᠂ ᠲᠡᠷᠭᠡᠨ ᠵᠣᠭᠰᠣᠭᠠᠯ ᠤᠨ ᠲᠣᠭᠲᠠᠭᠠᠯ ᠶᠣᠰᠣᠭᠠᠷ ᠢᠯᠡ ᠦᠨ᠎ᠡ ᠲᠣᠭᠳᠠᠭᠠᠵᠣ᠂ ᠲᠡᠷᠭᠡ ᠵᠣᠭᠰᠣᠬᠤ ᠲᠥᠬᠦᠭᠡᠷᠦᠮᠵᠢ ᠶᠢᠨ ᠣᠷᠣᠬᠤ ᠡᠭᠦᠳᠡᠨ ᠤ ᠢᠯᠡ ᠭᠠᠵᠠᠷ ᠲᠤ ᠲᠡᠷᠭᠡ ᠵᠣᠭᠰᠣᠬᠤ ᠲᠡᠮᠳᠡᠭ ᠪᠠ ᠳᠦᠷᠢᠮᠵᠢᠭᠰᠡᠨ ᠬᠡᠯᠪᠡᠷᠢ ᠶᠢᠨ ᠰᠦᠢᠳᠬᠡᠯ ᠬᠤᠷᠢᠶᠠᠬᠤ  ᠫᠠᠶᠢᠰᠠ ᠲᠠᠯᠪᠢᠵᠤ᠂ ᠰᠦᠢᠳᠬᠡᠯ ᠬᠤᠷᠢᠶᠠᠬᠤ ᠪᠠᠷᠢᠮᠵᠢᠶ᠎ᠠ᠂ ᠰᠦᠢᠳᠬᠡᠯ ᠪᠤᠳᠤᠬᠤ ᠠᠷᠭ᠎ᠠ᠂ ᠰᠦᠢᠳᠬᠡᠯ ᠬᠤᠷᠢᠶᠠᠬᠤ ᠦᠨᠳᠦᠰᠦᠯᠡᠯ᠂ ᠦᠢᠯᠡᠴᠢᠯᠡᠭᠡᠨ ᠤ ᠠᠭᠤᠯᠭ᠎ᠠ᠂ ᠰᠦᠢᠳᠬᠡᠯ ᠬᠡᠯᠳᠦᠷᠢᠭᠦᠯᠬᠦ ᠲᠣᠭᠲᠠᠭᠠᠯ᠂ ᠵᠠᠭᠠᠯᠳᠤᠵᠤ ᠢᠯᠡᠴᠢᠯᠡᠨ ᠮᠡᠳᠡᠭᠦᠯᠬᠦ ᠤᠲᠠᠰᠤ ᠵᠡᠷᠭᠡ ᠠᠭᠤᠯᠭ᠎ᠠ  ᠶᠢ ᠲᠣᠳᠣᠷᠬᠠᠶᠢᠯᠠᠵᠣ᠂ ᠨᠡᠶᠢᠭᠡᠮ ᠤᠨ ᠬᠢᠨᠠᠯᠲᠠ  ᠶᠢ ᠬᠦᠯᠢᠶᠡᠬᠦ ᠪᠥᠭᠡᠳ ᠲᠣᠭᠲᠠᠭᠠᠯ ᠶᠣᠰᠣᠭᠠᠷ ᠬᠠᠤᠯᠢ ᠶᠣᠰᠣᠨ ᠤ  ᠪᠢᠯᠧᠲ ᠶᠢᠨ ᠪᠠᠷᠢᠮᠲᠠ ᠶᠢ ᠬᠠᠩᠭᠠᠨ᠎ᠠ᠃      ᠬᠥᠩᠭᠡᠯᠡᠵᠦ ᠬᠡᠯᠲᠦᠷᠢᠭᠦᠯᠬᠦ ᠲᠥᠷᠥ ᠶᠢᠨ ᠪᠣᠳᠣᠯᠭ᠎ᠠ᠄      ︽ᠰᠢᠯᠢ ᠶᠢᠨ ᠭᠤᠣᠯ ᠠᠶᠢᠮᠠᠭ  ᠤᠨ ᠮᠠᠰᠢᠨ ᠲᠡᠷᠭᠡ ᠵᠣᠭᠰᠤᠭᠠᠬᠤ ᠦᠢᠯᠡᠴᠢᠯᠡᠭᠡᠨ ᠤ ᠰᠦᠢᠳᠬᠡᠯ ᠬᠤᠷᠢᠶᠠᠬᠤ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ︾ ᠳᠤ ᠲᠣᠳᠣᠷᠬᠠᠶᠢᠯᠠᠭᠰᠠᠨ ᠬᠠᠰᠤᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠴᠢᠩᠭ᠎ᠠ  ᠬᠡᠷᠡᠭᠵᠢᠭᠦᠯᠦᠨ᠎ᠡ᠃ ᠡᠯ᠎ᠡ ᠭᠠᠵᠠᠷ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠦᠨ᠎ᠡ ᠬᠠᠩᠰᠢ ᠶᠢᠨ ᠴᠣᠬᠤᠯᠠᠪᠤᠷᠢ ᠶᠢᠨ ᠪᠢᠴᠢᠭ ᠮᠠᠲ᠋ᠧᠷᠢᠶᠠᠯ ᠪᠠ ᠭᠦᠢᠴᠡᠳᠬᠡᠬᠦ ᠨᠢᠭᠡᠴᠡ ᠶᠢᠨ ᠰᠦᠢᠳᠬᠡᠯ ᠬᠤᠷᠢᠶᠠᠬᠤ ᠶᠢ ᠵᠠᠷᠯᠠᠨ ᠨᠡᠶᠢᠲᠡᠯᠡᠬᠦ ᠨᠠᠷᠢᠨ ᠬᠠᠭᠤᠳᠠᠰᠤ ᠳᠤ  ᠰᠦᠢᠳᠬᠡᠯ ᠬᠤᠷᠢᠶᠠᠬᠤ ᠦᠭᠡᠢ ᠪᠠᠷ ᠲᠡᠷᠭᠡ ᠵᠣᠭᠰᠤᠭᠠᠬᠤ ᠴᠠᠭ ᠢ ᠲᠣᠳᠣᠷᠬᠠᠶᠢᠯᠠᠬᠤ ᠬᠡᠷᠡᠭᠲᠡᠢ︔ ᠴᠡᠷᠢᠭ ᠤᠨ ᠲᠡᠷᠭᠡ᠂ ᠡᠭᠦᠷᠭᠡ ᠭᠦᠢᠴᠡᠳᠬᠡᠬᠦ ᠴᠠᠭᠳᠠᠭᠠᠨ ᠤ ᠲᠡᠷᠭᠡ᠂ ᠭᠠᠯ ᠤᠨᠲᠠᠷᠠᠭᠠᠬᠤ ᠲᠡᠷᠭᠡ᠂ ᠲᠦᠷᠭᠡᠨ ᠠᠪᠤᠷᠠᠬᠤ ᠲᠡᠷᠭᠡ᠂ ᠪᠠᠷᠢᠯᠭ᠎ᠠ ᠶᠢᠨ ᠠᠶᠤᠯ ᠠᠴᠠ ᠠᠪᠤᠷᠠᠬᠤ ᠲᠡᠷᠭᠡ ᠵᠡᠷᠭᠡ ᠲᠡᠷᠭᠡ  ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭᠴᠦᠳ ᠤᠨ ᠦᠨᠡᠮᠯᠡᠯ︾ ᠲᠠᠢ ᠮᠥᠷᠲᠡᠭᠡᠨ ᠵᠡᠮᠳᠡᠭ ᠵᠢᠯᠣᠭᠤᠴᠢ ᠵᠢᠨ‌‍ᠲ᠋ᠤᠰᠬᠠᠢ ᠬᠡᠷᠡᠭᠯᠡᠬᠦ ᠮᠠᠰᠢᠨ ᠲᠡᠷᠭᠡ ᠪᠠ ᠬᠠᠤᠯᠢ ᠴᠠᠭᠠᠵᠠ᠂ ᠬᠠᠤᠯᠢ ᠲᠣᠭᠲᠠᠭᠠᠯ  ᠵᠡᠷᠭᠡ ᠳᠤ ᠲᠣᠭᠲᠠᠭᠠᠭᠰᠠᠨ ᠪᠤᠰᠤᠳ ᠰᠦᠢᠳᠬᠡᠯ ᠬᠤᠷᠢᠶᠠᠬᠤ ᠦᠭᠡᠢ ᠲᠡᠷᠭᠡ ᠶᠢᠨ ᠰᠦᠢᠳᠬᠡᠯ ᠢ ᠬᠠᠰᠤᠵᠤ  ᠬᠡᠯᠳᠦᠷᠢᠭᠦᠯᠬᠦ ᠲᠦᠷᠦ ᠶᠢᠨ ᠪᠣᠳᠣᠯᠭ᠎ᠠ   ᠶᠢ  ᠬᠡᠷᠡᠭᠵᠢᠭᠦᠯᠦᠨ᠎ᠡ᠃      ᠥᠪᠥᠷ ᠮᠣᠩᠭᠤᠯ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠲᠠᠯᠠᠪᠠᠢ ᠶᠢᠨ ᠪᠦᠯᠦᠭᠯᠡᠯ ᠤᠨ ᠰᠢᠯᠢ ᠶᠢᠨ ᠬᠤᠲᠠ ᠶᠢᠨ ᠬᠤᠪᠢᠶᠠᠷᠢ ᠺᠣᠮᠫᠠᠨᠢ      ᠰᠢᠯᠢ ᠶᠢᠨ ᠬᠤᠲᠠ ᠶᠢᠨ ᠴᠧᠨ  ᠡᠾᠦ᠋ᠢ ᠬᠤᠳᠠᠯᠳᠤᠭᠠᠨ ᠤ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ      ᠥᠷᠭᠡᠨ ᠣᠯᠠᠨ ᠠᠶᠠᠨᠴᠢᠳ ᠲᠡᠷᠭᠡᠨ ᠵᠣᠭᠰᠣᠭᠠᠯ ᠤᠨ ᠲᠣᠭᠳᠠᠭᠠᠯ ᠶᠣᠰᠣᠭᠠᠷ ᠲᠡᠷᠭᠡ ᠪᠠᠨ ᠵᠣᠭᠰᠣᠭᠠᠵᠣ᠂ ᠲᠡᠷᠭᠡ ᠣᠨᠣᠭᠠᠨ ᠤ ᠤᠷᠤᠭᠰᠢᠲᠠᠢ ᠨᠡᠪᠲᠡᠷᠡᠬᠦ ᠶᠢ ᠪᠠᠲᠤᠯᠠᠬᠤ ᠪᠣᠯᠪᠠᠣ᠃      ᠣᠨᠴᠠᠭᠠᠶᠢᠯᠠᠨ ᠮᠡᠳᠡᠭᠳᠡᠪᠡ᠃
 
ᠢᠷᠡᠯᠲᠡ᠄ ᠰᠢᠯᠢ ᠶᠢᠨ ᠬᠤᠲᠠ ᠶᠢᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号